ᠤᠯᠤᠰ ᠤᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ | ︵ᠳᠣᠷᠣᠭᠰᠢ ︽ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ︾ ᠭᠡᠵᠦ ᠲᠣᠪᠴᠢᠯᠠᠨ᠎ᠠ︶ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ | ᠲᠤᠰᠠᠳᠠ᠂ ︽ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ | ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠡᠷᠡᠭᠵᠢᠭᠦᠯᠬᠦ | ᠲᠥᠰᠥᠯ ︵2021- 2025 ᠣᠨ︶︾ ︵ᠬᠦᠯᠦᠨ ᠵᠠᠰᠠᠭ ᠠᠯᠪᠠᠨ ᠲᠠᠷᠬᠠᠭᠠᠭᠰᠠᠨ ﹇2022﹈ 18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ | ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ ᠵᠢᠴᠢ ᠴᠢᠬᠤᠯᠠ ᠠᠴᠢ ᠬᠤᠯᠪᠣᠭᠳᠠᠯ | ︵ᠨᠢᠭᠡ︶ ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠬᠥᠮᠥᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠣᠷᠣᠰᠢᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠨ᠂ ᠨᠤᠲᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠠᠮᠢ ᠠᠬᠤᠢ | ᠪᠠ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠬᠤᠷᠠᠮᠠᠯ ᠦᠢᠯᠡᠳᠦᠯ ᠢ | ᠪᠠᠳᠠᠷᠠᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠪᠠ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ | ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠪᠠ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠨᠤᠲᠤᠭ | ᠪᠡᠯᠴᠢᠭᠡᠷ ᠤᠨ ᠪᠡᠯᠴᠢᠭᠡᠷᠯᠡᠭᠦᠯᠬᠦ ᠳᠠᠷᠤᠯᠲᠠ ᠶᠢ ᠦᠨᠡᠨᠬᠦ ᠬᠥᠩᠭᠡᠷᠡᠭᠦᠯᠵᠦ᠂ ᠨᠤᠲᠤᠭ ᠪᠡᠯᠴᠢᠭᠡᠷ ᠤᠨ ᠠᠮᠤᠷᠵᠢᠨ ᠲᠡᠩᠬᠡᠷᠡᠬᠦ ᠶᠢ ᠠᠬᠢᠭᠤᠯᠤᠨ᠂ ᠨᠤᠲᠤᠭ ᠪᠡᠯᠴᠢᠭᠡᠷ ᠤᠨ | ᠠᠮᠢ ᠠᠬᠤᠢ ᠶᠢᠨ ᠰᠡᠷᠭᠦᠭᠡᠯᠲᠡ ᠶᠢ ᠲᠦᠷᠭᠡᠳᠬᠡᠵᠦ᠂ ᠲᠠᠯ᠎ᠠ ᠨᠤᠲᠤᠭ ᠮᠠᠯᠵᠢᠬᠤ ᠣᠷᠣᠨ ᠤ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠤᠨ ᠵᠣᠬᠢᠴᠠᠯᠳᠤᠨ | ᠬᠥᠭᠵᠢᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | ︵ᠬᠤᠶᠠᠷ︶ ᠴᠢᠬᠤᠯᠠ ᠠᠴᠢ ᠬᠤᠯᠪᠣᠭᠳᠠᠯ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠰᠢᠨ᠎ᠡ ᠪᠠᠷᠭᠤ ᠪᠠᠷᠠᠭᠤᠨ ᠬᠤᠰᠢᠭᠤ ᠤᠯᠤᠰ ᠤᠨ ᠬᠤᠶᠠᠳᠤᠭᠠᠷ | ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ 3413 ᠲᠦᠮᠡᠨ ᠮᠦ ᠨᠤᠲᠤᠭ ᠪᠡᠯᠴᠢᠭᠡᠷ ᠲᠤ ᠨᠥᠬᠦᠪᠦᠷᠢ ᠱᠠᠩᠨᠠᠯ ᠣᠯᠭᠤᠪᠠ᠂ ᠡᠭᠦᠨ ᠳᠤ᠂ ᠮᠠᠯ ᠪᠡᠯᠴᠢᠭᠡᠷ ᠢ ᠲᠡᠩᠴᠡᠭᠦᠷᠢᠰᠢᠭᠦᠯᠦᠭᠰᠡᠨ | ᠲᠠᠯᠠᠪᠠᠶ 3013 ᠲᠦᠮᠡᠨ ᠮᠦ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠲᠠᠯᠠᠪᠠᠶ 400 ᠲᠦᠮᠡᠨ ᠮᠦ ᠪᠠᠶᠢᠵᠤ᠂ ᠵᠢᠯ ᠪᠦᠷᠢ 1.93 ᠳ᠋ᠦᠩᠰᠢᠭᠤᠷ ᠲᠥᠭᠦᠷᠢᠭ ᠤᠨ | ᠠᠮᠢ ᠠᠬᠤᠢ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠲᠠᠷᠬᠠᠭᠠᠵᠤ᠂ 7 ᠰᠤᠮᠤ ᠪᠠᠯᠭᠠᠰᠤ᠂ 59 ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ | ᠦᠢᠯᠡᠳᠪᠦᠷᠢᠯᠡᠯ ᠤᠨ ᠪᠠᠷᠢᠭᠠᠳᠠ︶ ᠤ 1.3 ᠲᠦᠮᠡᠨ ᠮᠠᠯᠴᠢᠨ ᠲᠠᠷᠢᠶᠠᠴᠢᠳ ᠠᠰᠢᠭ ᠬᠦᠷᠲᠡᠪᠡ᠃ ᠨᠤᠲᠤᠭ ᠪᠡᠯᠴᠢᠭᠡᠷ ᠤᠨ ᠠᠮᠢ ᠠᠬᠤᠢ ᠢᠯᠡᠳᠲᠡ ᠰᠠᠶᠢᠵᠢᠷᠠᠯᠲᠠ | ᠲᠠᠢ ᠪᠣᠯᠵᠤ᠂ ᠮᠠᠯᠴᠢᠨ ᠲᠠᠷᠢᠶᠠᠴᠢᠳ ᠤᠨ ᠨᠤᠲᠤᠭ ᠪᠡᠯᠴᠢᠭᠡᠷ ᠢ ᠬᠠᠮᠠᠭᠠᠯᠠᠬᠤ ᠦᠵᠡᠯ ᠤᠬᠠᠮᠰᠠᠷ ᠢᠯᠡᠳᠲᠡ ᠳᠡᠭᠡᠭᠰᠢᠯᠡᠨ᠂ ᠠᠮᠢᠳᠤᠷᠠᠯ ᠤᠨ ᠬᠢᠷᠢ ᠲᠦᠪᠰᠢᠨ | ᠦᠷᠭᠦᠯᠵᠢᠯᠡᠨ ᠰᠠᠶᠢᠵᠢᠷᠠᠵᠤ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠪᠠ ᠠᠮᠢ ᠠᠬᠤᠢ ᠶᠢ ᠬᠠᠮᠠᠭᠠᠯᠠᠬᠤ ᠶᠢᠨ ᠳᠤᠮᠳᠠ ᠬᠥᠭᠵᠢᠭᠦᠯᠵᠦ᠂ | ᠨᠤᠲᠤᠭ ᠪᠡᠯᠴᠢᠭᠡᠷ ᠤᠨ ᠥᠪᠡᠷ ᠢ ᠪᠠᠨ ᠰᠢᠨᠡᠳᠬᠡᠨ ᠰᠡᠷᠭᠦᠭᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠡᠳᠦᠷ | ᠢᠷᠡᠬᠦᠶ᠎ᠡ ᠪᠠᠶᠠᠯᠢᠭᠵᠢᠭᠤᠯᠵᠤ᠂ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠴᠢᠳᠠᠪᠤᠷᠢ ᠲᠣᠭᠲᠠᠭᠤᠨ ᠢᠶᠠᠷ ᠰᠠᠶᠢᠵᠢᠷᠠᠪᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠤᠯᠤᠰ ᠠᠴᠠ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ | ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠪᠣᠯ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠵᠤ᠂ ᠮᠠᠨ ᠤ | ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢ ᠨᠢᠭᠡᠳᠦᠯᠲᠡᠢ ᠲᠥᠯᠥᠪᠯᠡᠬᠦ ᠶᠢᠨ ᠲᠥᠯᠥᠭᠡ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠮᠥᠨ︔ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ᠂ ᠮᠠᠯᠴᠢᠨ ᠲᠠᠷᠢᠶᠠᠴᠢᠳ ᠤᠨ ᠠᠮᠢᠳᠤᠷᠠᠯ ᠢ ᠰᠠᠶᠢᠵᠢᠷᠠᠭᠤᠯᠬᠤ᠂ ᠮᠠᠯ ᠪᠡᠯᠴᠢᠭᠡᠷ ᠤᠨ | ᠦᠢᠯᠡᠳᠪᠦᠷᠢᠯᠡᠯ ᠤᠨ ᠬᠡᠯᠪᠡᠷᠢ ᠶᠢ ᠬᠤᠪᠢᠷᠠᠭᠤᠯᠬᠤ ᠪᠠ ᠦᠷᠭᠦᠯᠵᠢᠯᠡᠨ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠦᠢᠯᠡᠳᠪᠦᠷᠢᠯᠡᠯ ᠠᠮᠢᠳᠤᠷᠠᠯ ᠠᠮᠢ ᠠᠬᠤᠢ ᠶᠢᠨ ᠬᠠᠷᠢᠯᠴᠠᠨ ᠠᠬᠢᠭᠤᠯᠵᠤ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ | ᠮᠠᠨ ᠤ ᠬᠤᠰᠢᠭᠤᠨ ᠤ ᠮᠠᠯᠵᠢᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | | |