ᠬᠤᠶᠠᠷ᠂ ᠶᠡᠷᠦᠩᠬᠡᠢ ᠬᠠᠷᠠᠯᠲᠠ ᠬᠢᠭᠡᠳ ᠦᠨᠳᠦᠰᠦᠨ ᠵᠠᠷᠴᠢᠮ | ︵ᠨᠢᠭᠡ︶ ᠶᠡᠷᠦᠩᠬᠡᠢ ᠬᠠᠷᠠᠯᠲᠠ | ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠡᠮᠵᠢᠨ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠶᠢᠨ | ᠬᠤᠭᠤᠴᠠᠭᠠᠨ ᠳᠤ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠶᠢ 60% ᠣᠷᠴᠢᠮ ᠳᠤ | ᠲᠣᠭᠲᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠶᠠᠰᠤ ᠴᠢᠨᠠᠷ ᠢ ᠢᠯᠡᠳᠲᠡ ᠰᠠᠶᠢᠵᠢᠷᠠᠭᠤᠯᠤᠨ᠂ | ᠨᠤᠲᠤᠭ ᠪᠡᠯᠴᠢᠭᠡᠷ ᠤᠨ ᠠᠮᠢ ᠠᠬᠤᠢ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠲᠣᠪᠣᠶᠢᠮ᠎ᠠ ᠪᠣᠯᠭᠠᠨ᠎ᠠ︔ ᠮᠠᠯᠴᠢᠨ | ᠲᠠᠷᠢᠶᠠᠴᠢᠳ ᠤᠨ ᠨᠤᠲᠤᠭ ᠪᠡᠯᠴᠢᠭᠡᠷ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︔ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ | ᠪᠠᠶᠢᠭᠠᠯᠢᠯᠢᠭ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠨ᠂ ᠡᠪᠡᠰᠦ ᠪᠡᠯᠴᠢᠭᠡᠷ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ | ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ᠎ᠠ︔ ᠮᠠᠯᠴᠢᠨ ᠲᠠᠷᠢᠶᠠᠴᠢᠳ ᠤᠨ | ᠣᠷᠣᠯᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ | ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠨ᠎ᠠ᠃ | ︵ᠬᠤᠶᠠᠷ︶ ᠦᠨᠳᠦᠰᠦᠨ ᠵᠠᠷᠴᠢᠮ | ︱ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠨ᠎ᠠ᠃ ︽ᠠᠮᠢ ᠠᠬᠤᠢ ᠶᠢ ᠤᠷᠢᠳᠠᠪᠠᠷ ᠪᠣᠳᠣᠯᠬᠢᠯᠠᠨ᠂ | ᠦᠢᠯᠡᠳᠪᠦᠷᠢᠯᠡᠯ ᠠᠮᠢ ᠠᠬᠤᠢ ᠶᠢ ᠣᠷᠭᠠᠨᠢᠭ ᠢᠶᠠᠷ ᠤᠶᠠᠯᠳᠤᠭᠤᠯᠬᠤ︾ ᠦᠨᠳᠦᠰᠦᠨ ᠴᠢᠭᠯᠡᠯᠲᠡ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠡᠯ᠎ᠡ ᠵᠦᠢᠯ ᠤᠨ | ᠬᠠᠮᠠᠭᠠᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠵᠦ᠂ ᠮᠠᠯᠵᠢᠬᠤ ᠣᠷᠣᠨ ᠤ | ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠰᠠᠭᠤᠷᠢ ᠶᠢ ᠪᠠᠬᠢᠵᠢᠭᠦᠯᠦᠨ᠎ᠡ᠃ | ︱ ᠡᠷᠬᠡ ᠬᠠᠷᠢᠭᠤᠴᠠᠯᠭ᠎ᠠ ᠶᠢ ᠲᠣᠳᠣᠷᠬᠠᠢ ᠪᠠᠶᠢᠯᠭᠠᠵᠤ᠂ ᠱᠠᠲᠤ ᠬᠤᠪᠢᠶᠠᠨ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠎ᠠ᠃ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠪᠣᠯ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠭᠤᠣᠯ ᠴᠣᠭᠴᠠ ᠪᠠᠶᠢᠵᠤ᠂ ᠲᠥᠰᠥᠯ ᠢ ᠨᠠᠷᠢᠯᠢᠭᠵᠢᠭᠤᠯᠤᠨ᠂ ᠨᠤᠲᠤᠭ ᠪᠡᠯᠴᠢᠭᠡᠷ ᠤᠨ | ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ᠂ ᠬᠠᠷᠠᠯᠲᠠ᠂ ᠡᠭᠦᠷᠭᠡ᠂ ᠬᠠᠷᠢᠭᠤᠴᠠᠯᠭ᠎ᠠ᠂ ᠠᠷᠭ᠎ᠠ ᠶᠢᠨ ︽ᠲᠠᠪᠤ ᠶᠢ ᠨᠠᠶᠢᠳᠠᠪᠤᠷᠢᠵᠢᠭᠤᠯᠬᠤ︾ | ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠱᠠᠲᠤ ᠳᠠᠷᠠᠭᠠᠯᠠᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ᠂ ᠡᠭᠦᠷᠭᠡ ᠶᠢᠨ | ᠭᠦᠢᠴᠡᠳᠬᠡᠯ ᠲᠤᠭ᠎ᠠ ᠶᠢ ᠵᠠᠳᠠᠯᠵᠤ᠂ ᠪᠡᠯᠡ ᠮᠥᠩᠭᠦ ᠶᠢᠨ ᠬᠠᠮᠢᠶᠠᠷᠤᠯᠲᠠ ᠪᠠ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠶᠢ ᠬᠢᠨᠠᠨ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠦᠨ᠎ᠡ᠃ | ︱ ᠲᠥᠷᠥ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠵᠤ᠂ ᠯᠠᠪᠳᠠᠭᠤᠨ ᠢᠶᠠᠷ ᠠᠬᠢᠭᠤᠯᠬᠤ ᠶᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ | ᠲᠣᠭᠲᠠᠭᠤᠨ ᠪᠠᠶᠢᠯᠭᠠᠵᠤ᠂ ᠠᠰᠢᠭ ᠭᠥᠷᠳᠡᠬᠦ ᠬᠥᠮᠥᠰ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ | ᠰᠤᠯᠠᠷᠠᠭᠤᠯᠬᠤ ᠦᠭᠡᠢ᠂ ᠨᠥᠬᠦᠪᠦᠷᠢ ᠱᠠᠩᠨᠠᠯ ᠤᠨ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠢᠵᠢ ᠪᠦᠷᠢᠳᠦᠭᠦᠯᠬᠦ ᠪᠡᠯᠡ ᠮᠥᠩᠭᠦ ᠶᠢ ᠲᠠᠰᠤᠷᠠᠭᠤᠯᠬᠤ ᠦᠭᠡᠢ ᠪᠠᠶᠢᠬᠤ ᠶᠢ | ᠪᠠᠲᠤᠯᠠᠵᠤ᠂ ᠡᠮᠦᠨ᠎ᠡ ᠬᠤᠶᠠᠷ ᠡᠭᠡᠯᠵᠢ ᠶᠢᠨ ᠰᠠᠶᠢᠨ ᠠᠷᠭ᠎ᠠ ᠪᠠᠷᠢᠯ ᠢ ᠦᠷᠭᠦᠯᠵᠢᠯᠡᠨ ᠬᠡᠷᠡᠭᠵᠢᠭᠦᠯᠦᠨ᠎ᠡ᠃ | ︱ ᠨᠤᠲᠤᠭ ᠪᠡᠯᠴᠢᠭᠡᠷ ᠤᠨ ᠬᠡᠮᠵᠢᠶ᠎ᠡ ᠪᠠᠷ ᠮᠠᠯ ᠤᠨ ᠲᠤᠭ᠎ᠠ ᠲᠣᠯᠣᠭᠠᠢ ᠶᠢ ᠲᠣᠭᠲᠠᠭᠠᠵᠤ᠂ ᠦᠷᠭᠦᠯᠵᠢᠯᠡᠨ ᠬᠥᠭᠵᠢᠭᠦᠯᠬᠦ ᠶᠢ ᠪᠠᠷᠢᠮᠲᠠᠯᠠᠨ᠎ᠠ᠃ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠲᠤᠬᠠᠢ ᠶᠢᠨ ᠭᠠᠵᠠᠷ ᠤᠨ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠪᠤᠰᠤᠳᠴᠢ ᠪᠣᠳᠠᠲᠤ ᠪᠠᠶᠢᠳᠠᠯ ᠢ ᠬᠦᠨᠳᠦᠳᠬᠡᠵᠦ᠂ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠰᠢᠨᠵᠢᠯᠡᠬᠦ ᠤᠬᠠᠭᠠᠨᠴᠢ | ᠵᠦᠢ ᠵᠣᠬᠢᠰᠲᠠᠢ ᠪᠠᠷ ᠬᠤᠪᠢᠶᠠᠷᠢᠯᠠᠨ ᠲᠣᠭᠲᠠᠭᠠᠵᠤ᠂ ᠨᠤᠲᠤᠭ ᠪᠡᠯᠴᠢᠭᠡᠷ ᠤᠨ ᠪᠠᠭᠲᠠᠭᠠᠮᠵᠢ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠨ᠎ᠠ᠃ | ︱ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠨᠤᠲᠤᠭ ᠪᠡᠯᠴᠢᠭᠡᠷ ᠤᠨ ᠨᠦᠬᠦᠪᠦᠷᠢ | ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠬᠠᠷᠢᠯᠴᠠᠨ ᠤᠶᠠᠯᠳᠤᠭᠤᠯᠵᠤ᠂ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠲᠠᠢ ᠬᠠᠷᠢᠯᠴᠠᠨ ᠤᠶᠠᠯᠳᠤᠭᠤᠯᠵᠤ᠂ ᠨᠤᠲᠤᠭ ᠪᠡᠯᠴᠢᠭᠡᠷ ᠤᠨ ᠮᠠᠯ | ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠲᠠᠢ ᠬᠠᠷᠢᠯᠴᠠᠨ ᠤᠶᠠᠯᠳᠤᠭᠤᠯᠵᠤ᠂ ᠮᠠᠭᠤᠳᠠᠭᠰᠠᠨ ᠨᠤᠲᠤᠭ ᠪᠡᠯᠴᠢᠭᠡᠷ ᠤᠨ | ᠠᠮᠢ ᠠᠬᠤᠢ ᠶᠢ ᠵᠠᠰᠠᠨ ᠰᠡᠷᠭᠦᠭᠡᠬᠦ ᠲᠠᠢ ᠬᠠᠷᠢᠯᠴᠠᠨ ᠤᠶᠠᠯᠳᠤᠭᠤᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠯᠬᠢᠨ | ᠠᠬᠢᠭᠤᠯᠤᠨ᠎ᠠ᠃ | ︱ ᠢᠯᠡ ᠲᠣᠳᠣ ᠪᠠᠶᠢᠯᠭᠠᠬᠤ ᠶᠢ ᠪᠠᠷᠢᠮᠲᠠᠯᠠᠵᠤ᠂ ᠨᠦᠬᠦᠪᠦᠷᠢ ᠱᠠᠩᠨᠠᠯ ᠢ ︽ᠲᠠᠪᠤ ᠶᠢ ᠡᠷᠦᠬᠡ ᠳᠤ ᠬᠦᠷᠦᠭᠦᠯᠬᠦ︾ ᠶᠢ ᠪᠠᠷᠢᠮᠲᠠᠯᠠᠨ᠎ᠠ᠃ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠪᠥᠬᠦ ᠶᠠᠪᠤᠴᠠ ᠶᠢ ᠢᠯᠡ ᠲᠣᠳᠣ ᠪᠠᠶᠢᠯᠭᠠᠬᠤ ᠶᠢ ᠪᠠᠷᠢᠮᠲᠠᠯᠠᠨ᠂ ᠡᠭᠦᠷᠭᠡ ᠶᠢ ᠨᠠᠶᠢᠳᠠᠪᠤᠷᠢᠵᠢᠭᠤᠯᠬᠤ᠂ ᠪᠡᠯᠡ ᠮᠥᠩᠭᠦ ᠲᠠᠷᠬᠠᠭᠠᠬᠤ᠂ | ᠳᠠᠩᠰᠠᠯᠠᠵᠤ ᠺᠠᠷᠲᠯᠠᠬᠤ᠂ ᠦᠢᠯᠡᠴᠢᠯᠡᠭᠡᠨ ᠤ ᠵᠢᠯᠣᠭᠤᠳᠤᠯᠭ᠎ᠠ ᠬᠢᠬᠦ᠂ ᠬᠢᠨᠠᠯᠲᠠ ᠬᠠᠮᠢᠶᠠᠷᠤᠯᠲᠠ ᠭᠡᠬᠦ ︽ᠲᠠᠪᠤ ᠶᠢ ᠡᠷᠦᠬᠡ ᠳᠤ ᠬᠦᠷᠦᠭᠦᠯᠬᠦ︾ ᠶᠢ ᠪᠡᠶᠡᠯᠡᠭᠦᠯᠵᠦ᠂ ᠨᠤᠲᠤᠭ | ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠭᠠᠴᠠᠭ᠎ᠠ ᠲᠣᠰᠬᠤᠨ ᠤ ᠱᠠᠲᠤᠨ ᠳᠤ ᠢᠯᠡ ᠨᠡᠶᠢᠲᠡᠯᠡᠬᠦ ᠳᠦᠷᠢᠮ ᠢ ᠲᠡᠷᠡ ᠬᠡᠪ ᠢᠶᠠᠷ ᠨᠢ ᠬᠡᠷᠡᠭᠵᠢᠭᠦᠯᠵᠦ᠂ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠢᠯᠡ ᠪᠠᠷ ᠬᠡᠷᠡᠭᠵᠢᠭᠦᠯᠬᠦ ᠶᠢ ᠪᠠᠲᠤᠯᠠᠨ᠎ᠠ᠃ | | |