ᠰᠢᠨ᠎ᠡ ᠪᠠᠷᠭᠤ ᠪᠠᠷᠠᠭᠤᠨ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ︵ᠭᠤᠷᠪᠠ︶
ᠨᠡᠶᠢᠲᠡᠯᠡᠭᠰᠡᠨ ᠴᠠᠭ᠄
2022/11/23
        ᠭᠤᠷᠪᠠ᠂ ᠬᠡᠷᠡᠭᠵᠢᠭᠦᠯᠬᠦ ᠬᠡᠪᠴᠢᠶ᠎ᠡ ᠪᠠ ᠬᠤᠪᠢᠶᠠᠷᠢ ᠣᠷᠣᠨ        ︵ᠨᠢᠭᠡ︶ ᠬᠡᠷᠡᠭᠵᠢᠭᠦᠯᠬᠦ ᠬᠡᠪᠴᠢᠶ᠎ᠡ        ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ︵2021 ᠣᠨ ᠤ 1 ᠰᠠᠷ᠎ᠠ ᠶᠢᠨ 1᠎ ᠤ ᠡᠳᠦᠷ ︱ 2025 ᠣᠨ ᠤ 12 ᠰᠠᠷ᠎ᠠ ᠶᠢᠨ 31᠎ ᠤ ᠡᠳᠦᠷ︶᠎ ᠳᠤ᠂ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠠᠯᠠᠪᠠᠶ 3281.70 ᠲᠦᠮᠡᠨ ᠮᠦ ᠳᠤ ᠬᠦᠷᠴᠦ᠂ ᠡᠭᠦᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠲᠠᠯᠠᠪᠠᠶ 153.03 ᠲᠦᠮᠡᠨ ᠮᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶᠎ ᠤ ᠲᠠᠯᠠᠪᠠᠶ 3128.67 ᠲᠦᠮᠡᠨ ᠮᠦ ᠳᠤ ᠬᠦᠷᠴᠦ᠂ ᠵᠢᠯ ᠪᠦᠷᠢ ᠠᠮᠢ ᠠᠬᠤᠢ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ 1.95 ᠳ᠋ᠦᠩᠰᠢᠭᠤᠷ ᠲᠥᠭᠦᠷᠢᠭ ᠲᠠᠷᠬᠠᠭᠠᠵᠤ᠂ ᠪᠥᠬᠦ ᠬᠤᠰᠢᠭᠤᠨ ᠤ 7 ᠰᠤᠮᠤ ᠪᠠᠯᠭᠠᠰᠤ ᠶᠢ ᠬᠠᠮᠤᠷᠤᠨ᠎ᠠ᠃ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠪᠤᠶᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠲᠠᠢ ᠮᠠᠯᠴᠢᠨ ᠲᠠᠷᠢᠶᠠᠴᠢᠨ ᠵᠢᠴᠢ ᠨᠤᠲᠤᠭ ᠪᠡᠯᠴᠢᠭᠡᠷ ᠬᠡᠷᠡᠭᠯᠡᠬᠦ ᠭᠡᠷ᠎ᠡ ᠲᠠᠢ ᠤᠷᠵᠢᠨ ᠮᠠᠯᠵᠢᠯ ᠤᠨ ᠲᠠᠯᠠᠪᠠᠶ ᠶᠢᠨ ᠮᠠᠯᠴᠢᠳ ᠴᠥᠮ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃        ︵ᠬᠤᠶᠠᠷ︶ ᠣᠷᠣᠨ ᠬᠤᠪᠢᠶᠠᠬᠤ        ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠣᠷᠣᠨ ᠪᠦᠰᠡ ᠶᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠭᠡᠵᠦ ᠬᠤᠪᠢᠶᠠᠨ᠎ᠠ᠃ 2021 ᠣᠨ ᠳᠤ ᠮᠠᠨ ᠤ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠠᠯᠠᠪᠠᠶ ᠶᠢ ᠨᠢᠭᠡᠨᠲᠡ 3281.70 ᠲᠦᠮᠡᠨ ᠮᠦ ︵3281.70 ᠲᠦᠮᠡᠨ ᠮᠦ ᠲᠠᠯᠠᠪᠠᠶ ᠳᠤ ᠬᠥᠯᠥᠨ ᠨᠠᠭᠤᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠯᠠᠪᠠᠶ᠂ ᠰᠢᠨ᠎ᠡ ᠪᠠᠷᠭᠤ ᠵᠡᠭᠡᠷ᠎ᠡ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠯᠠᠪᠠᠶ ᠶᠢ ᠪᠠᠭᠲᠠᠭᠠᠨ᠎ᠠ︶᠎ ᠪᠠᠷ ᠬᠢᠨᠠᠨ ᠲᠣᠭᠲᠠᠭᠠᠵᠤ᠂ ᠡᠭᠦᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ 153.03 ᠲᠦᠮᠡᠨ ᠮᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶᠎ ᠤ ᠲᠠᠯᠠᠪᠠᠶ 3128.67 ᠲᠦᠮᠡᠨ ᠮᠦ ᠪᠠᠶᠢᠨ᠎ᠠ᠃ ᠲᠣᠰ ᠲᠠᠯᠠᠪᠠᠶ ᠶᠢ ᠨᠢᠭᠡᠨᠲᠡ ᠬᠢᠨᠠᠨ ᠲᠣᠭᠲᠠᠭᠠᠵᠤ ᠳᠠᠭᠤᠰᠬᠠᠨ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠡᠭᠦᠨ ᠢᠶᠠᠷ ᠪᠠᠷᠢᠮᠵᠢᠶ᠎ᠠ ᠪᠣᠯᠭᠠᠵᠤ᠂ ᠳᠠᠬᠢᠨ ᠲᠣᠬᠢᠷᠠᠭᠤᠯᠤᠯᠲᠠ ᠬᠢᠬᠦ ᠦᠭᠡᠢ᠃        1. ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ︾ ︵2021 ᠣᠨ ᠤ 7 ᠰᠠᠷ᠎ᠠ ᠶᠢᠨ 29᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠣᠯᠣᠳᠤᠭᠠᠷ ᠬᠤᠷᠠᠯᠳᠤᠭᠠᠨ ᠠᠴᠠ ᠪᠠᠲᠤᠯᠠᠪᠠ︶ ᠪᠠ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠢᠨᠠᠨ ᠬᠡᠮᠵᠢᠯᠲᠡ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠳᠣᠣᠷᠠᠬᠢ ᠨᠤᠲᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢᠶᠠᠷ ᠲᠣᠭᠲᠠᠭᠠᠪᠠ᠄ ᠬᠦᠨᠳᠦ ᠰᠦᠷᠡᠬᠡᠢ ᠮᠠᠭᠤᠳᠠᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ︔ ᠪᠡᠯᠴᠢᠭᠡᠷᠯᠡᠭᠦᠯᠦᠨ ᠠᠰᠢᠭᠯᠠᠬᠤ ᠳᠤ ᠲᠣᠬᠢᠷᠠᠮᠵᠢ ᠦᠭᠡᠢ ᠳᠤᠮᠳᠠ ᠬᠡᠮᠵᠢᠶ᠎ᠡ ᠪᠠᠷ ᠮᠠᠭᠤᠳᠠᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ︔ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠴᠢᠬᠤᠯᠠ ᠨᠤᠭᠤ ᠭᠠᠵᠠᠷ ᠤᠨ ᠨᠤᠲᠤᠭ ᠪᠡᠯᠴᠢᠭᠡᠷ︔ ᠪᠤᠰᠤᠳ ᠪᠡᠯᠴᠢᠭᠡᠷᠯᠡᠭᠦᠯᠬᠦ ᠶᠢ ᠴᠠᠭᠠᠵᠠᠯᠠᠬᠤ ᠴᠢᠬᠤᠯᠠᠲᠠᠢ ᠨᠤᠲᠤᠭ ᠪᠡᠯᠴᠢᠭᠡᠷ᠃ ᠬᠢᠨᠠᠨ ᠲᠣᠭᠲᠠᠭᠠᠭᠰᠠᠨ ᠢᠶᠠᠷ᠂ ᠮᠠᠨ ᠤ ᠬᠤᠰᠢᠭᠤᠨ ᠤ 153.03 ᠲᠦᠮᠡᠨ ᠮᠦ ᠨᠤᠲᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠬᠠᠮᠢᠶᠠᠷᠤᠯᠲᠠ ᠳᠤ ᠣᠷᠣᠭᠤᠯᠪᠠ ︵153.03 ᠲᠦᠮᠡᠨ ᠮᠦ ᠨᠤᠲᠤᠭ ᠪᠡᠯᠴᠢᠭᠡᠷ ᠲᠤ ᠬᠥᠯᠥᠨ ᠨᠠᠭᠤᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ 34.3536 ᠲᠦᠮᠡᠨ ᠮᠦ᠂ ᠰᠢᠨ᠎ᠡ ᠪᠠᠷᠭᠤ ᠵᠡᠭᠡᠷ᠎ᠡ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ 56 ᠲᠦᠮᠡᠨ ᠮᠦ ᠪᠡᠯᠴᠢᠭᠡᠷ ᠪᠠᠭᠲᠠᠨ᠎ᠠ︶᠃ ᠪᠡᠯᠴᠢᠭᠡᠷᠯᠡᠭᠦᠯᠬᠦ ᠶᠢ ᠴᠠᠭᠠᠵᠠᠯᠠᠬᠤ ᠡᠭᠦᠷᠭᠡ ᠳᠤ ᠬᠤᠯᠪᠣᠭᠳᠠᠬᠤ ᠰᠤᠮᠤ ᠪᠠᠯᠭᠠᠰᠤ ᠪᠣᠯ᠄ ᠠᠯᠳ᠋ᠬᠠᠮᠡᠭᠡᠯ ᠪᠠᠯᠭᠠᠰᠤ᠂ ᠠᠷᠤᠬᠠᠰᠢᠶᠠᠲᠤ ᠪᠠᠯᠭᠠᠰᠤ᠂ ᠬᠡᠷᠦᠯᠦᠨ ᠰᠤᠮᠤ᠂ ᠪᠤᠶᠢᠷ ᠰᠤᠮᠤ᠂ ᠲᠡᠯᠡᠶ ᠰᠤᠮᠤ᠂ ᠪᠣᠭᠳᠠᠠᠭᠤᠯᠠ ᠰᠤᠮᠤ ᠪᠣᠯᠣᠨ᠎ᠠ᠃        2. ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠠᠴᠠ ᠭᠠᠳᠠᠨᠠᠬᠢ ᠨᠤᠲᠤᠭ ᠪᠡᠯᠴᠢᠭᠡᠷ ᠤᠨ ᠳᠠᠭᠠᠭᠠᠴᠠ ᠶᠢᠨ ᠴᠢᠳᠠᠪᠤᠷᠢ ᠶᠢ ᠦᠨᠳᠦᠰᠦᠯᠡᠨ ᠪᠡᠯᠴᠢᠭᠡᠷᠯᠡᠭᠦᠯᠬᠦ ᠳᠤ ᠲᠣᠬᠢᠷᠠᠬᠤ ᠬᠡᠮᠵᠢᠶ᠎ᠡ ᠶᠢ ᠬᠢᠨᠠᠨ ᠲᠣᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶᠎ ᠢᠶᠠᠷ ᠬᠤᠪᠢᠶᠠᠷᠢᠯᠠᠨ ᠲᠣᠭᠲᠠᠭᠠᠨ᠎ᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶᠎ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠰᠡᠯᠭᠦᠨ ᠮᠠᠯᠵᠢᠬᠤ ᠳᠦᠷᠢᠮ ᠢ ᠬᠡᠷᠡᠭᠵᠢᠭᠦᠯᠵᠦ᠂ ᠪᠡᠯᠴᠢᠭᠡᠷ ᠬᠤᠪᠢᠶᠠᠨ ᠡᠭᠡᠯᠵᠢᠯᠡᠨ ᠮᠠᠯᠵᠢᠬᠤ ᠳᠦᠷᠢᠮ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠨᠤᠲᠤᠭ ᠪᠡᠯᠴᠢᠭᠡᠷ ᠢ ᠦᠷᠭᠦᠯᠵᠢᠯᠡᠨ ᠠᠰᠢᠭᠯᠠᠬᠤ ᠬᠡᠮᠵᠢᠶᠠᠨ ᠳᠤ ᠬᠦᠷᠭᠡᠨ᠎ᠡ᠃ ᠮᠠᠨ ᠤ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠣᠷᠤᠭᠤᠯᠤᠭᠰᠠᠨ ᠦᠭᠡᠢ 3128.67 ᠲᠦᠮᠡᠨ ᠮᠦ ᠨᠤᠲᠤᠭ ᠪᠡᠯᠴᠢᠭᠡᠷ ᠢ ᠪᠦᠬᠦᠨ ᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶᠎ ᠤ ᠬᠠᠮᠢᠶᠠᠷᠤᠯᠲᠠ ᠳᠤ ᠣᠷᠤᠭᠤᠯᠵᠤ ︵3128.67 ᠲᠦᠮᠡᠨ ᠮᠦ ᠨᠤᠲᠤᠭ ᠪᠡᠯᠴᠢᠭᠡᠷ ᠲᠤ ᠬᠥᠯᠥᠨ ᠨᠠᠭᠤᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ 546.1025 ᠲᠦᠮᠡᠨ ᠮᠦ ᠨᠤᠲᠤᠭ ᠪᠡᠯᠴᠢᠭᠡᠷ ᠪᠠᠭᠲᠠᠨ᠎ᠠ︶᠂ ᠮᠠᠨ ᠤ ᠬᠤᠰᠢᠭᠤᠨ ᠤ ᠨᠡᠶᠢᠲᠡ 7 ᠰᠤᠮᠤ ᠪᠠᠯᠭᠠᠰᠤ ᠶᠢ ᠬᠠᠮᠤᠷᠤᠨ᠎ᠠ᠃         ᠳᠥᠷᠪᠡ᠂ ᠲᠥᠷᠥ ᠶᠢᠨ ᠪᠣᠳᠣᠯᠭ᠎ᠠ ᠶᠢᠨ ᠠᠭᠤᠯᠭ᠎ᠠ        ︵ᠨᠢᠭᠡ︶ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ        1. ᠤᠯᠤᠰ ᠤᠨ ᠲᠦᠷᠦ ᠶᠢᠨ ᠪᠣᠳᠣᠯᠭ᠎ᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠮᠢᠶᠠᠷᠤᠯᠲᠠ ᠶᠢ ᠬᠡᠷᠡᠭᠵᠢᠭᠦᠯᠦᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠷᠢᠭᠤᠴᠠᠯᠭ᠎ᠠ ᠶᠢ ᠭᠦᠢᠴᠡᠳᠬᠡᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠭᠠᠷᠳᠠᠯᠭ᠎ᠠ ᠶᠢ ᠪᠡᠶᠡᠯᠡᠭᠦᠯᠦᠭᠰᠡᠨ ᠮᠠᠯᠴᠢᠨ ᠲᠠᠷᠢᠶᠠᠴᠢᠳ ᠲᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠣᠯᠭᠤᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢ ᠭᠦᠢᠴᠡᠳᠬᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠱᠠᠭᠠᠷᠳᠠᠯᠭ᠎ᠠ ᠶᠢ ᠪᠡᠶᠡᠯᠡᠭᠦᠯᠦᠭᠰᠡᠨ ᠮᠠᠯᠴᠢᠨ ᠲᠠᠷᠢᠶᠠᠴᠢᠳ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠣᠯᠭᠤᠨ᠎ᠠ᠃        2. ᠨᠦᠬᠦᠪᠦᠷᠢ ᠱᠠᠩᠨᠠᠯ ᠣᠯᠭᠤᠬᠤ ᠪᠠᠷᠢᠮᠵᠢᠶ᠎ᠠ᠃ ᠬᠥᠯᠥᠨ ᠪᠤᠶᠢᠷ ᠬᠤᠲᠠ ᠶᠢᠨ ᠨᠢᠭᠡᠳᠦᠯᠲᠡᠢ ᠲᠣᠭᠲᠠᠭᠠᠭᠰᠠᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠥᠭᠬᠦ ᠪᠠᠷᠢᠮᠵᠢᠶ᠎ᠠ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠥᠭᠬᠦ ᠪᠠᠷᠢᠮᠵᠢᠶ᠎ᠠ ᠶᠣᠰᠣᠭᠠᠷ᠂ ᠮᠠᠨ ᠤ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠥᠭᠬᠦ ᠪᠠᠷᠢᠮᠵᠢᠶ᠎ᠠ ᠨᠢ ᠵᠢᠯ ᠪᠦᠷᠢ ᠮᠦ ᠪᠦᠷᠢ ᠳᠤ 4.8 ᠲᠥᠭᠦᠷᠢᠭ᠂ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠥᠭᠬᠦ ᠪᠠᠷᠢᠮᠵᠢᠶ᠎ᠠ ᠨᠢ ᠵᠢᠯ ᠪᠦᠷᠢ ᠮᠦ ᠪᠦᠷᠢ ᠳᠤ 14.4 ᠲᠥᠭᠦᠷᠢᠭ ᠪᠣᠯᠣᠨ᠎ᠠ᠃        ᠮᠠᠨ ᠤ ᠬᠤᠰᠢᠭᠤᠨ ᠤ ᠭᠠᠵᠠᠷ ᠠᠭᠤᠳᠠᠮ ᠬᠥᠮᠥᠨ ᠴᠥᠭᠡᠨ᠂ ᠬᠥᠮᠥᠨ ᠪᠦᠷᠢ ᠳᠤ ᠲᠡᠭᠰᠢᠳᠬᠡᠭᠰᠡᠨ ᠨᠤᠲᠤᠭ ᠪᠡᠯᠴᠢᠭᠡᠷ ᠤᠨ ᠲᠠᠯᠠᠪᠠᠶ ᠨᠡᠯᠢᠶᠡᠳ ᠶᠡᠭᠡ ᠤᠴᠢᠷ ᠠᠴᠠ᠂ ᠨᠠᠭᠠᠲᠤ ᠵᠠᠬ᠎ᠠ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠭᠡᠢ᠃ ᠡᠭᠦᠨ ᠤ ᠬᠠᠮᠲᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠶᠢ ᠡᠷᠦᠬᠡ ᠳᠤ ᠬᠦᠷᠲᠡᠯ᠎ᠡ ᠬᠡᠷᠡᠭᠵᠢᠭᠦᠯᠬᠦ ᠪᠡᠯᠡ ᠮᠥᠩᠭᠦ ᠬᠡᠲᠦ ᠥᠨᠳᠥᠷ ᠪᠣᠯᠬᠤ ᠠᠴᠠ ᠵᠠᠶᠢᠯᠠᠰᠬᠢᠬᠦ ᠶᠢᠨ ᠲᠥᠯᠥᠭᠡ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠶᠢᠨ ᠪᠡᠯᠡ ᠮᠥᠩᠭᠦ ᠳᠤ ᠳᠡᠭᠡᠳᠦ ᠬᠢᠵᠠᠭᠠᠷ ᠲᠣᠭᠲᠠᠭᠠᠬᠤ ᠠᠷᠭ᠎ᠠ ᠬᠡᠮᠵᠢᠶ᠎ᠡ ᠠᠪᠤᠨ᠎ᠠ᠃ ᠮᠠᠨ ᠤ ᠬᠤᠰᠢᠭᠤᠨ ᠤ ᠪᠣᠳᠠᠲᠤ ᠪᠠᠶᠢᠳᠠᠯ ᠢ ᠦᠨᠳᠦᠰᠦᠯᠡᠨ᠂ ᠳᠡᠭᠡᠳᠦ ᠬᠢᠵᠠᠭᠠᠷ ᠤᠨ ᠪᠠᠷᠢᠮᠵᠢᠶ᠎ᠠ ᠶᠢ ᠮᠠᠨ ᠤ ᠬᠤᠰᠢᠭᠤᠨ ᠤ 2020 ᠣᠨ ᠤ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 25583 ᠲᠥᠭᠦᠷᠢᠭ ᠤᠨ 2 ᠳᠠᠬᠢᠨ ᠢᠶᠠᠷ ᠯᠠᠪᠯᠠᠯᠲᠠ ᠪᠣᠯᠭᠠᠨ ᠳᠡᠭᠡᠳᠦ ᠬᠢᠵᠠᠭᠠᠷ ᠤᠨ ᠪᠠᠷᠢᠮᠵᠢᠶ᠎ᠠ ᠪᠣᠯᠭᠠᠨ᠎ᠠ ︵ᠳᠠᠷᠤᠢ 51166 ᠲᠥᠭᠦᠷᠢᠭ︶᠃ ᠲᠣᠰ ᠳᠡᠭᠡᠳᠦ ᠬᠢᠵᠠᠭᠠᠷ ᠤᠨ ᠲᠥᠷᠥ ᠶᠢᠨ ᠪᠣᠳᠣᠯᠭ᠎ᠠ ᠨᠢ ᠵᠥᠪᠬᠡᠨ ᠮᠠᠯᠵᠢᠬᠤ ᠡᠷᠦᠬᠡ ᠶᠢᠨ ᠡᠳ᠋ᠯᠡᠵᠦ ᠪᠦᠬᠦᠢ ᠡᠷᠦᠬᠡ ᠳᠤ ᠳᠠᠭᠠᠭᠠᠴᠢᠯᠠᠭᠤᠯᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠶᠢᠨ ᠪᠡᠯᠡ ᠮᠥᠩᠭᠦ ᠳᠤ ᠳᠡᠭᠡᠳᠦ ᠬᠢᠵᠠᠭᠠᠷ ᠤᠨ ᠲᠥᠷᠥ ᠶᠢᠨ ᠪᠣᠳᠣᠯᠭ᠎ᠠ ᠲᠣᠭᠲᠠᠭᠠᠬᠤ ᠠᠴᠠ ᠪᠢᠰᠢ᠂ ᠮᠠᠯᠵᠢᠬᠤ ᠡᠷᠦᠬᠡ ᠶᠢᠨ ᠨᠡᠷ᠎ᠡ ᠳᠣᠣᠷ᠎ᠠ ᠡᠳ᠋ᠯᠡᠵᠦ ᠪᠠᠶᠢᠭ᠎ᠠ ᠬᠤᠯᠪᠣᠭᠠᠯᠠᠭᠰᠠᠨ ᠡᠷᠦᠬᠡ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠶᠢᠨ ᠪᠡᠯᠡ ᠮᠥᠩᠭᠦ ᠶᠢ ᠪᠣᠳᠣᠯᠬᠢᠯᠠᠬᠤ ᠦᠭᠡᠢ ᠶᠤᠮ᠃ ᠳᠡᠭᠡᠳᠦ ᠬᠢᠵᠠᠭᠠᠷ ᠤᠨ ᠪᠡᠯᠡ ᠮᠥᠩᠭᠦ ᠶᠢ ᠪᠤᠳᠤᠬᠤ ᠦᠶ᠎ᠡ ᠳᠤ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠳᠡᠭᠡᠷ᠎ᠡ ᠢᠯᠡᠷᠡᠭᠰᠡᠨ ᠨᠤᠲᠤᠭ ᠪᠡᠯᠴᠢᠭᠡᠷ ᠤᠨ ᠬᠠᠮᠲᠤ ᠶᠢᠨ ᠬᠥᠮᠥᠨ ᠠᠮᠠ ᠶᠢᠨ ᠲᠤᠭ᠎ᠠ ᠬᠡᠮᠵᠢᠶ᠎ᠡ ᠪᠠᠷ ᠦᠨᠳᠦᠰᠦᠯᠡᠯ ᠪᠣᠯᠭᠠᠵᠤ᠂ ᠣᠲᠣ ᠶᠢᠨ ᠡᠷᠦᠬᠡ ᠠᠮᠠ ᠶᠢᠨ ᠲᠠᠩᠰᠠ ᠶᠢᠨ ᠪᠠᠶᠢᠳᠠᠯ ᠢ ᠪᠣᠳᠣᠯᠬᠢᠯᠠᠬᠤ ᠦᠭᠡᠢ᠃ 2021 ᠣᠨ ᠤ 1 ᠰᠠᠷ᠎ᠠ ᠶᠢᠨ 1᠎ ᠤ ᠡᠳᠦᠷ ᠠᠴᠠ ᠡᠮᠦᠨ᠎ᠡ ᠨᠢᠭᠡᠨᠲᠡ ᠨᠠᠰᠤ ᠪᠠᠷᠠᠭᠰᠠᠨ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠶᠢ ᠪᠠᠭᠲᠠᠭᠠᠬᠤ ᠦᠭᠡᠢ᠂ ᠳᠡᠭᠡᠳᠦ ᠬᠢᠵᠠᠭᠠᠷ ᠤᠨ ᠪᠡᠯᠡ ᠮᠥᠩᠭᠦ ᠶᠢ ᠪᠤᠳᠤᠬᠤ ᠦᠶ᠎ᠡ ᠳᠤ᠂ ᠬᠢᠨᠠᠨ ᠬᠠᠰᠤᠬᠤ ᠬᠡᠷᠡᠭᠲᠡᠢ᠃ 2021 ᠣᠨ ᠤ 1 ᠰᠠᠷ᠎ᠠ ᠶᠢᠨ 1᠎ ᠤ ᠡᠳᠦᠷ ᠠᠴᠠ ᠰᠡᠭᠦᠯᠡᠷ ᠨᠠᠰᠤ ᠪᠠᠷᠠᠭᠰᠠᠨ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠶᠢᠨ ᠦᠬᠦᠭᠰᠡᠨ ᠭᠡᠷᠡᠴᠢ ᠶᠢ ᠦᠨᠳᠦᠰᠦᠯᠡᠨ ᠳᠡᠭᠡᠳᠦ ᠬᠢᠵᠠᠭᠠᠷ ᠤᠨ ᠪᠡᠯᠡ ᠮᠥᠩᠭᠦ ᠳᠤ ᠣᠷᠣᠭᠤᠯᠤᠨ ᠪᠣᠳᠣᠨ᠎ᠠ᠃ ᠳᠡᠭᠡᠳᠦ ᠬᠢᠵᠠᠭᠠᠷ ᠤᠨ ᠪᠡᠯᠡ ᠮᠥᠩᠭᠦ ᠶᠢ ᠬᠢᠨᠠᠨ ᠲᠣᠭᠲᠠᠭᠠᠭᠰᠠᠨ ᠤ ᠳᠠᠷᠠᠭ᠎ᠠ᠂ 2021 ︱ 2025 ᠣᠨ ᠤ ᠬᠤᠭᠤᠴᠠᠭᠠᠨ ᠳᠤ ᠬᠤᠪᠢᠷᠠᠭᠤᠯᠬᠤ ᠦᠭᠡᠢ᠃        ︵ᠬᠤᠶᠠᠷ︶ ᠬᠠᠪᠤᠷ ᠤᠨ ᠤᠯᠠᠷᠢᠯ ᠳᠤ ᠰᠡᠯᠭᠦᠨ ᠮᠠᠯᠵᠢᠬᠤ        1. ᠰᠡᠯᠭᠦᠨ ᠮᠠᠯᠵᠢᠬᠤ ᠬᠤᠭᠤᠴᠠᠭ᠎ᠠ ᠶᠢ ᠲᠣᠭᠲᠠᠭᠠᠬᠤ᠃ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠤ ᠰᠡᠯᠭᠦᠨ ᠮᠠᠯᠵᠢᠨ᠎ᠠ᠃ ᠮᠠᠨ ᠤ ᠬᠤᠰᠢᠭᠤᠨ ᠤ ᠠᠭᠤᠷ ᠠᠮᠢᠰᠬᠤᠯ ᠤᠨ ᠨᠥᠬᠦᠴᠡᠯ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠲᠥᠷᠥᠯ ᠵᠦᠢᠯ᠂ ᠦᠢᠯᠡᠳᠪᠦᠷᠢᠯᠡᠯ ᠤᠨ ᠬᠡᠷᠡᠭᠴᠡᠭᠡ ᠶᠢ ᠦᠨᠳᠦᠰᠦᠯᠡᠨ᠂ ᠰᠡᠯᠭᠦᠨ ᠮᠠᠯᠵᠢᠬᠤ ᠬᠤᠭᠤᠴᠠᠭ᠎ᠠ ᠶᠢ ᠵᠢᠯ ᠪᠦᠷᠢ ᠶᠢᠨ 4 ᠰᠠᠷ᠎ᠠ ᠶᠢᠨ 10᠎ ᠤ ᠡᠳᠦᠷ ᠠᠴᠠ 5 ᠰᠠᠷ᠎ᠠ ᠶᠢᠨ 25᠎ ᠤ ᠡᠳᠦᠷ ᠢᠶᠠᠷ ᠲᠣᠭᠲᠠᠭᠠᠨ᠎ᠠ᠃ ᠲᠤᠰ ᠰᠡᠯᠭᠦᠨ ᠮᠠᠯᠵᠢᠬᠤ ᠬᠤᠭᠤᠴᠠᠭ᠎ᠠ ᠶᠢᠨ ᠡᠬᠢᠯᠡᠵᠦ ᠳᠠᠭᠤᠰᠬᠤ ᠴᠠᠭ ᠢ 2023 ᠣᠨ ᠠᠴᠠ ᠡᠬᠢᠯᠡᠵᠦ ᠬᠡᠷᠡᠭᠵᠢᠭᠦᠯᠦᠨ᠎ᠡ᠃        2. ᠰᠡᠯᠭᠦᠨ ᠮᠠᠯᠵᠢᠬᠤ ᠬᠤᠭᠤᠴᠠᠭᠠᠨ ᠳᠠᠬᠢ ᠬᠠᠮᠢᠶᠠᠷᠤᠯᠲᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠴᠥᠮ ᠰᠡᠯᠭᠦᠨ ᠮᠠᠯᠵᠢᠬᠤ ᠳᠦᠷᠢᠮ ᠢ ᠬᠡᠷᠡᠭᠵᠢᠭᠦᠯᠵᠦ᠂ ᠰᠡᠯᠭᠦᠨ ᠮᠠᠯᠵᠢᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠴᠢᠩᠭ᠎ᠠ ᠴᠠᠭᠠᠵᠠᠯᠠᠨ᠎ᠠ᠃ ᠮᠠᠨ ᠤ ᠬᠤᠰᠢᠭᠤ ᠵᠢᠯ ᠪᠦᠷᠢ ᠶᠢᠨ 4 ᠰᠠᠷ᠎ᠠ ᠶᠢᠨ 10᠎ ᠤ ᠡᠳᠦᠷ ᠠᠴᠠ ᠡᠮᠦᠨ᠎ᠡ ᠰᠡᠯᠭᠦᠨ ᠮᠠᠯᠵᠢᠬᠤ ᠠᠯᠪᠠᠨ ᠵᠠᠷ ᠨᠡᠶᠢᠲᠡᠯᠡᠬᠦ ᠶᠢᠨ ᠬᠠᠮᠲᠤ᠂ ᠢᠯᠡ ᠭᠠᠵᠠᠷ ᠲᠤ ᠬᠠᠮᠢᠶ᠎ᠠ ᠪᠦᠬᠦᠢ ᠲᠡᠮᠳᠡᠭ ᠲᠠᠯᠪᠢᠬᠤ ᠬᠡᠷᠡᠭᠲᠡᠢ᠃        3. ᠨᠥᠬᠦᠪᠦᠷᠢ ᠥᠭᠬᠦ ᠪᠠᠷᠢᠮᠵᠢᠶ᠎ᠠ᠃ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠪᠡᠯᠴᠢᠭᠡᠷ ᠤᠨ ᠨᠥᠬᠦᠪᠦᠷᠢ ᠮᠥᠩᠭᠦ ᠨᠢ ᠵᠢᠯ ᠪᠦᠷᠢ ᠮᠦ ᠪᠦᠷᠢ ᠳᠤ 0.738824 ᠲᠥᠭᠦᠷᠢᠭ ᠪᠠᠶᠢᠵᠤ᠂ ᠰᠡᠯᠭᠦᠨ ᠮᠠᠯᠵᠢᠬᠤ ᠳᠦᠷᠢᠮ ᠢ ᠴᠢᠩᠭ᠎ᠠ ᠬᠡᠷᠡᠭᠵᠢᠭᠦᠯᠦᠭᠰᠡᠨ ᠮᠠᠯᠴᠢᠳ ᠪᠦᠬᠦᠨ ᠴᠥᠮ ᠰᠡᠯᠭᠦᠨ ᠮᠠᠯᠵᠢᠬᠤ ᠨᠥᠬᠦᠪᠦᠷᠢ ᠶᠢ ᠬᠦᠷᠲᠡᠵᠦ ᠪᠣᠯᠣᠨ᠎ᠠ᠃ ᠰᠡᠯᠭᠦᠨ ᠮᠠᠯᠵᠢᠬᠤ ᠨᠥᠬᠦᠪᠦᠷᠢ ᠶᠢ 2023 ᠣᠨ ᠠᠴᠠ ᠡᠬᠢᠯᠡᠨ ᠣᠯᠭᠤᠵᠤ᠂ 2021 ᠣᠨ ᠪᠠ 2022 ᠣᠨ ᠳᠤ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠭᠡᠢ ᠤᠴᠢᠷ ᠠᠴᠠ ᠰᠡᠯᠭᠦᠨ ᠮᠠᠯᠵᠢᠬᠤ ᠨᠥᠬᠦᠪᠦᠷᠢ ᠶᠢ ᠣᠯᠭᠤᠬᠤ ᠦᠭᠡᠢ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ