ᠰᠢᠨ᠎ᠡ ᠪᠠᠷᠭᠤ ᠪᠠᠷᠠᠭᠤᠨ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ︵ᠳᠦᠷᠪᠡ︶
ᠨᠡᠶᠢᠲᠡᠯᠡᠭᠰᠡᠨ ᠴᠠᠭ᠄
2022/11/23
        ᠲᠠᠪᠤ᠂ ᠪᠡᠯᠡ ᠮᠥᠩᠭᠦ ᠣᠯᠭᠤᠬᠤ ᠪᠠᠷᠢᠮᠵᠢᠶ᠎ᠠ᠂ ᠴᠠᠭ ᠤᠨ ᠬᠢᠵᠠᠭᠠᠷ ᠪᠠ ᠬᠢᠨᠠᠨ ᠬᠠᠷᠭᠤᠭᠤᠯᠬᠤ ᠱᠠᠭᠠᠷᠳᠠᠯᠭ᠎ᠠ        ︵ᠨᠢᠭᠡ︶ ᠡᠷᠥᠭᠡ ᠳᠤ ᠳᠠᠭᠠᠭᠠᠴᠢᠯᠠᠭᠤᠯᠤᠭᠰᠠᠨ ᠨᠥᠬᠦᠪᠦᠷᠢ ᠱᠠᠩᠨᠠᠯ ᠤᠨ ᠪᠡᠯᠡ ᠮᠥᠩᠭᠦ ᠣᠯᠭᠤᠬᠤ ᠪᠠᠷᠢᠮᠵᠢᠶ᠎ᠠ        ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠤᠭᠰᠠᠨ ᠤ ᠳᠠᠷᠠᠭᠠᠬᠢ ᠦᠷ᠎ᠡ ᠳ᠋ᠦᠩ ᠢ ᠴᠢᠩᠭ᠎ᠠ ᠵᠢᠷᠤᠮᠯᠠᠨ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠪᠤᠶᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠲᠠᠢ ᠮᠠᠯᠵᠢᠬᠤ ᠡᠷᠦᠬᠡ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃        ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢᠭᠡᠨᠲᠡ ᠬᠡᠰᠡᠭ ᠭᠠᠴᠠᠭᠠᠨ ᠤ ᠮᠠᠯᠴᠢᠳ ᠤᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠢ ᠬᠤᠷᠢᠶᠠᠨ ᠠᠪᠤᠭᠰᠠᠨ ᠪᠥᠭᠡᠳ ᠮᠠᠯᠵᠢᠬᠤ ᠡᠷᠦᠬᠡ ᠳᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠰᠣᠯᠢᠵᠤ ᠥᠭᠪᠡ᠃ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠲᠠᠢ ᠮᠠᠯᠵᠢᠬᠤ ᠡᠷᠦᠬᠡ ᠪᠦᠬᠦᠨ ᠳᠤ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢᠶᠠᠷ ᠦᠨᠳᠦᠰᠦᠯᠡᠯ ᠪᠣᠯᠭᠠᠵᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠣᠯᠭᠤᠵᠤ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠭᠡᠷ᠎ᠡ ᠳᠤ ᠲᠣᠭᠲᠠᠭᠰᠠᠨ ︽ᠳᠠᠭᠠᠭᠠᠴᠢᠯᠠᠭᠴᠢ︾᠎ ᠪᠠᠷ ᠨᠦᠬᠦᠪᠦᠷᠢ ᠬᠦᠷᠲᠡᠭᠴᠢ ᠪᠣᠯᠭᠠᠨ᠎ᠠ︔ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠲᠠᠢ ᠮᠠᠯᠵᠢᠬᠤ ᠡᠷᠦᠬᠡ ᠳᠤ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠢᠶᠠᠷ ᠦᠨᠳᠦᠰᠦᠯᠡᠯ ᠪᠣᠯᠭᠠᠵᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠣᠯᠭᠤᠨ᠎ᠠ︔ ᠡᠭᠦᠨ ᠤ ᠬᠠᠮᠲᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠪᠠ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠲᠠᠢ ᠮᠠᠯᠵᠢᠬᠤ ᠡᠷᠦᠬᠡ ᠳᠤ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢᠶᠠᠷ ᠦᠨᠳᠦᠰᠦᠯᠡᠯ ᠪᠣᠯᠭᠠᠵᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠣᠯᠭᠤᠨ᠎ᠠ᠃        ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠳᠠᠭᠠᠭᠠᠴᠢᠯᠠᠭᠤᠯᠤᠭᠴᠢ ᠭᠤᠷᠪᠠᠨ ᠲᠠᠯ᠎ᠠ ᠪᠠᠷ ᠢᠶᠠᠨ ᠬᠠᠮᠲᠤ ᠪᠠᠷ ᠲᠠᠮᠠᠭ᠎ᠠ ᠳᠠᠷᠤᠭᠰᠠᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠪᠣᠯ ᠰᠠᠶ᠋ᠢ ᠬᠦᠴᠦᠨ ᠲᠠᠢ ᠪᠣᠯᠣᠨ᠎ᠠ︔ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠥᠯᠥ ᠬᠥᠳᠡᠯᠬᠦ ᠬᠥᠷᠥᠩᠭᠡ ᠶᠢ ᠪᠠᠶᠢᠴᠠᠭᠠᠨ ᠳᠠᠩᠰᠠᠯᠠᠬᠤ ᠲᠥᠪ ᠤᠨ ᠲᠠᠮᠠᠭ᠎ᠠ ᠳᠠᠷᠤᠭᠰᠠᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠪᠣᠯ ᠰᠠᠶ᠋ᠢ ᠬᠦᠴᠦᠨ ᠲᠠᠢ ᠪᠣᠯᠣᠨ᠎ᠠ᠃        ︵ᠬᠤᠶᠠᠷ︶ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠣᠯᠭᠤᠬᠤ ᠪᠠᠷᠢᠮᠵᠢᠶ᠎ᠠ        ᠤᠷᠵᠢᠨ ᠮᠠᠯᠵᠢᠯ ᠤᠨ ᠲᠠᠯᠠᠪᠠᠶ ᠶᠢᠨ ᠬᠠᠷᠢᠶᠠᠨ ᠳᠠᠬᠢ 3 ᠦᠢᠯᠡᠳᠪᠦᠷᠢᠯᠡᠯ ᠤᠨ ᠪᠠᠷᠢᠭᠠᠳᠠ ᠶᠢᠨ ᠨᠤᠲᠤᠭ ᠪᠡᠯᠴᠢᠭᠡᠷ ᠪᠣᠯ ᠤᠯᠤᠰ ᠤᠨ ᠦᠮᠴᠢᠯᠡᠯᠲᠦ ᠨᠤᠲᠤᠭ ᠪᠡᠯᠴᠢᠭᠡᠷ ᠪᠣᠯᠣᠨ᠎ᠠ᠃ ᠤᠷᠵᠢᠨ ᠤ ᠮᠠᠯᠵᠢᠬᠤ ᠡᠷᠦᠬᠡ ᠵᠥᠪᠬᠡᠨ ᠬᠡᠷᠡᠭᠯᠡᠬᠦ ᠡᠷᠬᠡ ᠲᠠᠢ᠂ ᠳᠠᠭᠠᠭᠠᠴᠢᠯᠠᠨ ᠡᠵᠡᠩᠨᠡᠬᠦ ᠡᠷᠬᠡ ᠦᠭᠡᠢ᠂ ᠬᠥᠯᠥᠨ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠤᠷᠵᠢᠨ ᠤ ᠮᠠᠯᠵᠢᠬᠤ ᠡᠷᠦᠬᠡ ᠯᠦᠭᠡ ᠨᠤᠲᠤᠭ ᠪᠡᠯᠴᠢᠭᠡᠷ ᠬᠡᠷᠡᠭᠯᠡᠬᠦ ᠭᠡᠷ᠎ᠡ ᠲᠣᠭᠲᠠᠪᠠ᠃ ᠲᠣᠰ ᠤᠯᠤᠰ ᠤᠨ ᠨᠤᠲᠤᠭ ᠪᠡᠯᠴᠢᠭᠡᠷ ᠢ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠳᠤ ᠣᠷᠣᠭᠤᠯᠵᠤ᠂ ᠨᠤᠲᠤᠭ ᠪᠡᠯᠴᠢᠭᠡᠷ ᠬᠡᠷᠡᠭᠯᠡᠬᠦ ᠭᠡᠷ᠎ᠡ ᠪᠠᠷ ᠦᠨᠳᠦᠰᠦᠯᠡᠯ ᠪᠣᠯᠭᠠᠵᠤ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠣᠯᠭᠤᠨ᠎ᠠ᠃        ︵ᠭᠤᠷᠪᠠ︶ ᠬᠤᠯᠪᠣᠭᠠᠯᠠᠭᠰᠠᠨ ᠡᠷᠥᠭᠡ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠣᠯᠭᠤᠬᠤ ᠪᠠᠷᠢᠮᠵᠢᠶ᠎ᠠ        ᠬᠤᠯᠪᠣᠭᠠᠯᠠᠭᠰᠠᠨ ᠡᠷᠦᠬᠡ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶᠎ ᠳᠤ ᠢᠯᠡᠷᠡᠭᠰᠡᠨ ᠨᠤᠲᠤᠭ ᠪᠡᠯᠴᠢᠭᠡᠷ ᠤᠨ ᠲᠠᠯᠠᠪᠠᠶ ᠪᠠᠷ ᠦᠨᠳᠦᠰᠦᠯᠡᠯ ᠪᠣᠯᠭᠠᠵᠤ᠂ ᠬᠤᠯᠪᠣᠭᠠᠯᠠᠭᠰᠠᠨ ᠡᠷᠦᠬᠡ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠳᠤ ᠲᠡᠭᠰᠢᠳᠬᠡᠨ ᠣᠯᠭᠤᠨ᠎ᠠ᠃        ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠠᠪᠤᠭᠰᠠᠨ ᠬᠥᠮᠥᠰ ᠢ ᠬᠢᠨᠠᠨ ᠲᠣᠭᠲᠠᠭᠠᠬᠤ ᠠᠷᠭ᠎ᠠ᠄ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ ᠵᠠᠷᠴᠢᠮ ᠳᠡᠭᠡᠷ᠎ᠡ ᠪᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠤᠯᠢ︾ ᠵᠢᠴᠢ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠲᠥᠷᠥ ᠶᠢᠨ ᠪᠣᠳᠣᠯᠭ᠎ᠠ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠢ ᠬᠢᠨᠠᠨ ᠲᠣᠭᠲᠠᠭᠠᠨ᠎ᠠ᠃ ᠬᠡᠷᠪᠡ ᠡᠷᠦᠬᠡ ᠠᠮᠠ ᠶᠢᠨ ᠲᠠᠩᠰᠠ ᠶᠢᠨ ᠡᠬᠡ ᠳᠡᠪᠲᠡᠷ ᠨᠢ ᠲᠣᠳᠣᠷᠬᠠᠢ ᠦᠭᠡᠢ ᠵᠡᠷᠭᠡ ᠰᠢᠯᠲᠠᠭᠠᠨ ᠠᠴᠠ ᠪᠣᠯᠵᠤ᠂ ᠳᠡᠭᠡᠷᠡᠬᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠢ ᠬᠢᠨᠠᠨ ᠲᠣᠭᠲᠠᠭᠠᠬᠤ ᠶᠢᠨ ᠠᠷᠭ᠎ᠠ ᠦᠭᠡᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶᠎ ᠨᠢ ᠲᠣᠰ ᠪᠡᠶ᠎ᠡ ᠶᠢᠨ ᠲᠡᠦᠬᠡ ᠶᠢᠨ ᠬᠦᠴᠦᠨ ᠵᠦᠢᠯ᠂ ᠬᠤᠯᠪᠣᠭᠠᠲᠤ ᠡᠷᠦᠬᠡ ᠶᠢᠨ ᠪᠡᠯᠴᠢᠭᠡᠷ ᠤᠨ ᠣᠲᠣ ᠶᠢᠨ ᠬᠡᠷᠡᠭᠯᠡᠵᠦ ᠪᠠᠶᠢᠭ᠎ᠠ ᠪᠠᠶᠢᠳᠠᠯ ᠲᠠᠢ ᠪᠠᠨ ᠤᠶᠠᠯᠳᠤᠭᠤᠯᠤᠨ᠂ ᠬᠤᠯᠪᠣᠭᠠᠯᠠᠭᠰᠠᠨ ᠡᠷᠦᠬᠡ ᠶᠢᠨ ᠨᠤᠲᠤᠭ ᠪᠡᠯᠴᠢᠭᠡᠷ ᠤᠨ ᠣᠳᠤ ᠶᠢᠨ ᠬᠡᠷᠡᠭᠯᠡᠵᠦ ᠪᠠᠶᠢᠭ᠎ᠠ ᠪᠠᠶᠢᠳᠠᠯ ᠢ ᠦᠨᠳᠦᠰᠦᠯᠡᠨ᠂ ᠨᠥᠬᠦᠪᠦᠷᠢ ᠱᠠᠩᠨᠠᠯ ᠤᠨ ᠪᠡᠯᠡ ᠮᠥᠩᠭᠦ ᠣᠯᠭᠤᠬᠤ ᠪᠦᠷᠢᠯᠳᠦᠭᠦᠨ ᠢ ᠥᠪᠡᠰᠦᠪᠡᠨ ᠬᠢᠨᠠᠨ ᠬᠠᠷᠭᠤᠭᠤᠯᠵᠤ ᠵᠠᠭᠠᠭᠯᠠᠨ ᠲᠣᠭᠲᠠᠭᠠᠵᠤ ᠪᠣᠯᠣᠨ᠎ᠠ᠃ ᠡᠭᠦᠨ ᠳᠤ᠂ 2003 ᠣᠨ ᠤ 1 ᠰᠠᠷ᠎ᠠ ᠶᠢᠨ 1᠎ ᠤ ᠡᠳᠦᠷ ᠠᠴᠠ ᠬᠤᠶᠢᠰᠢ ᠲᠥᠷᠥᠭᠰᠡᠨ ᠪᠦᠬᠦᠯᠢ 18 ᠨᠠᠰᠤ ᠬᠦᠷᠦᠭᠡᠳᠦᠢ ᠬᠥᠮᠥᠰ᠂ ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠶᠢ ᠬᠦᠷᠲᠡᠬᠦ ᠦᠭᠡᠢ︔ 2021 ᠣᠨ ᠤ 1 ᠰᠠᠷ᠎ᠠ ᠶᠢᠨ 1᠎ ᠤ ᠡᠳᠦᠷ ᠠᠴᠠ ᠡᠮᠦᠨ᠎ᠡ ᠨᠠᠰᠤ ᠪᠠᠷᠠᠭᠰᠠᠨ ᠬᠥᠮᠥᠨ ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠶᠢ ᠬᠦᠷᠲᠡᠬᠦ ᠦᠭᠡᠢ︔ 2021 ᠣᠨ ᠤ 1 ᠰᠠᠷ᠎ᠠ ᠶᠢᠨ 1᠎ ᠤ ᠡᠳᠦᠷ ᠠᠴᠠ ᠬᠤᠶᠢᠰᠢ ᠡᠷᠦᠬᠡ ᠠᠮᠠ ᠶᠢᠨ ᠲᠠᠩᠰᠠ ᠪᠠᠨ ᠲᠣᠰ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶᠎ ᠳᠤ ᠰᠢᠯᠵᠢᠭᠦᠯᠦᠨ ᠣᠷᠣᠭᠤᠯᠤᠭᠰᠠᠨ ᠬᠥᠮᠥᠰ᠂ ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠶᠢ ᠬᠦᠷᠲᠡᠬᠦ ᠦᠭᠡᠢ︔ 2021 ᠣᠨ ᠤ 1 ᠰᠠᠷ᠎ᠠ ᠶᠢᠨ 1᠎ ᠤ ᠡᠳᠦᠷ ᠠᠴᠠ ᠡᠮᠦᠨ᠎ᠡ ᠠᠯᠪᠠᠨ ᠲᠤᠰᠢᠶᠠᠯᠲᠠᠨ ᠢᠶᠠᠷ ᠡᠯᠰᠡᠭᠳᠡᠭᠰᠡᠨ ︵ᠲᠤᠷᠰᠢᠨ ᠬᠡᠷᠡᠭᠯᠡᠬᠦ ᠬᠤᠭᠤᠴᠠᠭ᠎ᠠ ᠶᠢ ᠪᠠᠭᠲᠠᠭᠠᠨ᠎ᠠ︶ ᠪᠣᠯ᠂ ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠶᠢ ᠬᠦᠷᠲᠡᠬᠦ ᠦᠭᠡᠢ᠃        ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠬᠦᠷᠲᠡᠬᠦ ᠪᠦᠷᠢᠯᠳᠦᠭᠦᠨ ᠤ ᠨᠡᠷᠡᠰ ᠢ ᠲᠣᠭᠲᠠᠭᠠᠭᠰᠠᠨ ᠤ ᠳᠠᠷᠠᠭ᠎ᠠ᠂ ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ᠂ ᠮᠠᠯᠴᠢᠳ ᠤᠨ ᠶᠡᠭᠡ ᠬᠤᠷᠠᠯ ᠪᠤᠶᠤ ᠮᠠᠯᠴᠢᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠮᠠᠯᠴᠢᠳ ᠤᠨ ᠶᠡᠭᠡ ᠬᠤᠷᠠᠯ ᠪᠤᠶᠤ ᠮᠠᠯᠴᠢᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠪᠠᠲᠤᠯᠠᠨ ᠢᠯᠡ ᠪᠠᠷ ᠨᠡᠶᠢᠲᠡᠯᠡᠵᠦ᠂ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠨᠡᠷᠡᠰ ᠢ ᠭᠤᠷᠪᠠᠳᠤᠭᠠᠷ ᠡᠭᠡᠯᠵᠢ ᠶᠢᠨ ᠬᠤᠯᠪᠣᠭᠠᠯᠠᠭᠰᠠᠨ ᠡᠷᠥᠭᠡ ᠶᠢᠨ ᠨᠥᠬᠦᠪᠦᠷᠢ ᠱᠠᠩᠨᠠᠯ ᠤᠨ ᠮᠥᠩᠭᠦ ᠬᠦᠷᠲᠡᠬᠦ ᠪᠦᠷᠢᠯᠳᠦᠭᠦᠨ ᠤ ᠨᠡᠷᠡᠰ ᠢᠶᠠᠷ ᠲᠣᠭᠲᠠᠭᠠᠬᠤ ᠶᠢᠨ ᠬᠠᠮᠲᠤ᠂ ᠨᠢᠭᠡᠨᠲᠡ ᠬᠢᠨᠠᠨ ᠲᠣᠭᠲᠠᠭᠠᠭᠰᠠᠨ ᠬᠤᠯᠪᠣᠭᠠᠯᠠᠭᠰᠠᠨ ᠡᠷᠥᠭᠡ ᠶᠢᠨ ᠪᠦᠷᠢᠯᠳᠦᠭᠦᠨ ᠤ ᠨᠡᠷᠡᠰ ᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠵᠤ᠂ ᠬᠠᠮᠤᠭ ᠡᠴᠦᠰ ᠲᠤ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠬᠢᠨᠠᠨ ᠬᠠᠷᠭᠤᠭᠤᠯᠤᠭᠰᠠᠨ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠨ᠎ᠠ᠃ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠨ ᠬᠦᠷᠭᠡᠭᠰᠡᠨ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠤ ᠨᠡᠷᠡᠰ ᠢᠶᠠᠷ ᠪᠠᠷᠢᠮᠵᠢᠶ᠎ᠠ ᠪᠣᠯᠭᠠᠨ᠂ ᠭᠤᠷᠪᠠᠳᠤᠭᠠᠷ ᠡᠭᠡᠯᠵᠢ ᠶᠢᠨ ᠬᠤᠯᠪᠣᠭᠠᠯᠠᠭᠰᠠᠨ ᠡᠷᠦᠬᠡ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠣᠯᠭᠤᠨ᠎ᠠ᠃        ᠪᠥᠬᠦ ᠬᠤᠰᠢᠭᠤᠨ ᠤ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶᠎ ᠤ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠳᠠᠪᠬᠤᠴᠠᠵᠤ ᠪᠣᠯᠬᠤ ᠦᠭᠡᠢ ︵ᠳᠠᠷᠤᠢ 1 ᠬᠥᠮᠥᠨ ᠵᠡᠷᠭᠡᠪᠡᠷ 2 ᠪᠤᠶᠤ 2᠎ ᠠᠴᠠ ᠳᠡᠭᠡᠭᠰᠢ ᠭᠠᠴᠠᠭ᠎ᠠ ᠶᠢᠨ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠪᠠᠶᠢᠵᠤ ᠪᠣᠯᠬᠤ ᠦᠭᠡᠢ︶᠂ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠨᠢᠭᠡᠪᠦᠷᠢ ᠵᠥᠪᠬᠡᠨ ᠨᠢᠭᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶᠎ ᠤ ᠬᠤᠯᠪᠣᠭᠠᠯᠠᠭᠰᠠᠨ ᠡᠷᠦᠬᠡ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠬᠦᠷᠲᠡᠵᠦ ᠪᠣᠯᠣᠨ᠎ᠠ᠃ ᠳᠠᠪᠬᠤᠷ ᠨᠦᠬᠦᠪᠦᠷᠢ ᠠᠪᠤᠭᠰᠠᠨ ᠬᠥᠮᠥᠰ ᠢ ᠣᠯᠵᠤ ᠮᠡᠳᠡᠪᠡ᠂ ᠲᠡᠭᠦᠨ ᠤ ᠨᠡᠷ᠎ᠡ ᠳᠣᠣᠷᠠᠬᠢ ᠬᠤᠯᠪᠣᠭᠠᠯᠠᠭᠰᠠᠨ ᠡᠷᠥᠭᠡ ᠶᠢᠨ ᠨᠦᠬᠦᠪᠦᠷᠢ ᠱᠠᠩᠨᠠᠯ ᠤᠨ ᠮᠥᠩᠭᠦ ᠶᠢ ᠳᠠᠷᠤᠶᠢᠬᠠᠨ ᠵᠣᠭᠰᠤᠭᠠᠬᠤ ᠶᠢᠨ ᠬᠠᠮᠲᠤ᠂ ᠬᠤᠯᠪᠣᠭᠠᠯᠠᠭᠰᠠᠨ ᠡᠷᠥᠭᠡ ᠶᠢᠨ ᠪᠦᠷᠢᠯᠳᠦᠭᠦᠨ ᠤ ᠨᠡᠷᠡᠰ ᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ ᠪᠤᠴᠠᠭᠠᠵᠤ ᠲᠠᠬᠢᠨ ᠬᠢᠨᠠᠨ ᠲᠣᠭᠲᠠᠭᠠᠯᠭᠠᠵᠤ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠳᠡᠭᠦᠦ ᠲᠠᠷᠬᠠᠭᠠᠭᠰᠠᠨ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠶᠢ ᠬᠠᠷᠢᠭᠤᠴᠠᠨ᠎ᠠ᠃        ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠤ ᠨᠡᠷᠡᠰ ᠢ ᠬᠢᠨᠠᠨ ᠲᠣᠭᠲᠠᠭᠠᠭᠰᠠᠨ ᠤ ᠳᠠᠷᠠᠭ᠎ᠠ᠂ 2021 ᠣᠨ ᠤ 1 ᠰᠠᠷ᠎ᠠ ᠶᠢᠨ 1᠎ ᠤ ᠡᠳᠦᠷ ᠠᠴᠠ 2025 ᠣᠨ ᠤ 12 ᠰᠠᠷ᠎ᠠ ᠶᠢᠨ 31᠎ ᠤ ᠡᠳᠦᠷ ᠪᠣᠯᠲᠠᠯ᠎ᠠ ᠬᠤᠪᠢᠷᠠᠭᠤᠯᠵᠤ ᠪᠣᠯᠬᠤ ᠦᠭᠡᠢ᠂ ᠭᠡᠪᠡᠴᠦ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠨᠢ ᠦᠬᠦᠭᠰᠡᠨ᠂ ᠡᠷᠦᠬᠡ ᠠᠮᠠ ᠶᠢᠨ ᠲᠠᠩᠰᠠ ᠪᠠᠨ ᠰᠢᠯᠵᠢᠭᠦᠯᠵᠦ ᠭᠠᠷᠭᠠᠭᠰᠠᠨ ᠪᠤᠶᠤ ᠠᠯᠪᠠᠨ ᠲᠤᠰᠢᠶᠠᠯᠲᠠᠨ ᠪᠣᠯᠣᠭᠰᠠᠨ ᠪᠠᠶᠢᠪᠠᠯ᠂ ᠦᠬᠦᠭᠰᠡᠨ ᠡᠳᠦᠷ᠂ ᠡᠷᠦᠬᠡ ᠠᠮᠠ ᠶᠢᠨ ᠲᠠᠩᠰᠠ ᠪᠠᠨ ᠰᠢᠯᠵᠢᠭᠦᠯᠵᠦ ᠭᠠᠷᠭᠠᠬᠤ ᠪᠠᠷ ᠭᠤᠶᠤᠴᠢᠯᠠᠭᠰᠠᠨ ᠡᠳᠦᠷ ᠪᠠ ᠠᠯᠪᠠᠨ ᠲᠤᠰᠢᠶᠠᠯᠲᠠᠨ ᠪᠣᠯᠣᠭᠰᠠᠨ ᠡᠳᠦᠷ ᠠᠴᠠ ᠡᠬᠢᠯᠡᠨ ︵ᠲᠤᠷᠰᠢᠨ ᠬᠡᠷᠡᠭᠯᠡᠬᠦ ᠬᠤᠭᠤᠴᠠᠭ᠎ᠠ ᠪᠠᠭᠲᠠᠨ᠎ᠠ︶᠂ ᠬᠤᠯᠪᠣᠭᠠᠯᠠᠭᠰᠠᠨ ᠡᠷᠦᠬᠡ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠣᠯᠭᠤᠬᠤ ᠶᠢ ᠵᠣᠭᠰᠤᠭᠠᠬᠤ ᠶᠢᠨ ᠬᠠᠮᠲᠤ᠂ ᠣᠯᠭᠤᠬᠤ ᠶᠢ ᠵᠣᠭᠰᠣᠭᠠᠭᠰᠠᠨ ᠬᠤᠯᠪᠣᠭᠠᠯᠠᠭᠰᠠᠨ ᠡᠷᠦᠬᠡ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠪᠤᠰᠤᠳ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠳᠤ ᠲᠡᠭᠰᠢᠳᠬᠡᠨ ᠣᠯᠭᠤᠨ᠎ᠠ᠃        ︵ᠳᠥᠷᠪᠡ︶ ᠨᠦᠬᠦᠪᠦᠷᠢ ᠱᠠᠩᠨᠠᠯ ᠤᠨ ᠮᠥᠩᠭᠦ ᠣᠯᠭᠤᠬᠤ ᠴᠠᠭ ᠤᠨ ᠬᠢᠵᠠᠭᠠᠷ        1. 2021 ᠣᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ᠄ ᠲᠥᠷᠥᠯ ᠵᠦᠢᠯ ᠢ ᠡᠬᠢᠯᠡᠭᠦᠯᠦᠭᠰᠡᠨ ᠤ ᠳᠠᠷᠠᠭ᠎ᠠ᠂ ᠲᠤᠬᠠᠢ ᠶᠢᠨ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠳᠦᠷᠢᠮ ᠢ ᠴᠢᠩᠭ᠎ᠠ ᠬᠡᠷᠡᠭᠵᠢᠭᠦᠯᠦᠭᠰᠡᠨ ᠮᠠᠯᠵᠢᠬᠤ ᠡᠷᠦᠬᠡ ᠳᠤ᠂ 2021 ᠣᠨ ᠤ 60%᠎ ᠶᠢᠨ ᠨᠥᠬᠦᠪᠦᠷᠢ ᠱᠠᠩᠨᠠᠯ ᠤᠨ ᠮᠥᠩᠭᠦ ᠵᠢᠴᠢ 40%᠎ ᠶᠢᠨ ᠨᠥᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠨ᠎ᠠ︔ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠳᠦᠷᠢᠮ ᠢ ᠵᠥᠷᠢᠴᠡᠭᠰᠡᠨ ᠮᠠᠯᠵᠢᠬᠤ ᠡᠷᠥᠭᠡ ᠳᠤ᠂ ᠵᠣᠬᠢᠴᠠᠩᠭᠤᠢ ᠨᠦᠬᠦᠪᠦᠷᠢ ᠱᠠᠩᠨᠠᠯ ᠤᠨ ᠮᠥᠩᠭᠦ ᠶᠢ ᠰᠠᠭᠤᠯᠭᠠᠨ ᠠᠪᠤᠭᠰᠠᠨ ᠤ ᠲᠠᠷᠠᠭ᠎ᠠ᠂ ᠦᠯᠡᠳᠡᠭᠰᠡᠨ ᠨᠦᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠨ᠎ᠠ᠃        2. 2022 ᠣᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ᠄ ᠲᠤᠬᠠᠢ ᠶᠢᠨ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠳᠦᠷᠢᠮ ᠢ ᠴᠢᠩᠭ᠎ᠠ ᠬᠡᠷᠡᠭᠵᠢᠭᠦᠯᠦᠭᠰᠡᠨ ᠮᠠᠯᠵᠢᠬᠤ ᠡᠷᠦᠬᠡ ᠳᠤ᠂ 2022 ᠣᠨ ᠤ 60%᠎ ᠶᠢᠨ ᠨᠥᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠵᠤ᠂ 12 ᠰᠠᠷ᠎ᠠ ᠳᠤ ᠲᠣᠰ ᠵᠢᠯ ᠤᠨ 40%᠎ ᠶᠢᠨ ᠨᠥᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠨ᠎ᠠ︔ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠳᠦᠷᠢᠮ ᠢ ᠵᠥᠷᠢᠴᠡᠭᠰᠡᠨ ᠮᠠᠯᠵᠢᠬᠤ ᠡᠷᠥᠭᠡ ᠳᠤ᠂ ᠵᠣᠬᠢᠴᠠᠩᠭᠤᠢ ᠨᠥᠬᠦᠪᠦᠷᠢ ᠱᠠᠩᠨᠠᠯ ᠤᠨ ᠮᠥᠩᠭᠦ ᠶᠢ ᠰᠠᠭᠤᠯᠭᠠᠨ ᠠᠪᠤᠭᠰᠠᠨ ᠤ ᠲᠠᠷᠠᠭ᠎ᠠ᠂ 12 ᠰᠠᠷ᠎ᠠ ᠳᠤ ᠦᠯᠡᠳᠡᠭᠰᠡᠨ ᠨᠥᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠨ᠎ᠠ᠃        3. 2023 ᠣᠨ ︱ 2025 ᠣᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ᠄ ᠵᠢᠯ ᠪᠦᠷᠢ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠳᠦᠷᠢᠮ ᠢ ᠴᠢᠩᠭ᠎ᠠ ᠬᠡᠷᠡᠭᠵᠢᠭᠦᠯᠦᠭᠰᠡᠨ ᠮᠠᠯᠵᠢᠬᠤ ᠡᠷᠦᠬᠡ ᠳᠤ ᠵᠢᠯ ᠪᠦᠷᠢ ᠶᠢᠨ 7 ᠰᠠᠷ᠎ᠠ ᠳᠤ ᠲᠣᠰ ᠵᠢᠯ ᠤᠨ 60%᠎ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠵᠤ᠂ 12 ᠰᠠᠷ᠎ᠠ ᠳᠤ ᠲᠣᠰ ᠵᠢᠯ ᠤᠨ 40%᠎ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠨ᠎ᠠ︔ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠳᠦᠷᠢᠮ ᠢ ᠵᠥᠷᠢᠴᠡᠭᠰᠡᠨ ᠮᠠᠯᠵᠢᠬᠤ ᠡᠷᠥᠭᠡ ᠳᠤ ᠵᠣᠬᠢᠴᠠᠩᠭᠤᠢ ᠨᠦᠬᠦᠪᠦᠷᠢ ᠱᠠᠩᠨᠠᠯ ᠤᠨ ᠮᠥᠩᠭᠦ ᠶᠢ ᠰᠠᠭᠤᠯᠭᠠᠨ ᠠᠪᠤᠭᠰᠠᠨ ᠤ ᠲᠠᠷᠠᠭ᠎ᠠ᠂ 12 ᠳ᠋ᠤᠭᠠᠷ ᠰᠠᠷ᠎ᠠ ᠳᠤ ᠦᠯᠡᠳᠡᠭᠰᠡᠨ ᠨᠥᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠨ᠎ᠠ᠃        ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠡᠷᠬᠡᠪᠰᠢ ᠵᠢᠯ ᠪᠦᠷᠢ ᠶᠢᠨ 6 ᠰᠠᠷ᠎ᠠ ᠪᠠ 11ᠰᠠᠷ᠎ᠠ ᠳᠤ ᠨᠠᠷᠢᠨ ᠲᠠᠩᠰᠠ ᠪᠠ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠤᠨ ᠲᠣᠳᠣᠷᠬᠠᠶᠢᠯᠠᠯᠲᠠ ᠶᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠬᠠᠮᠲᠤ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ ᠨᠠᠷᠢᠨ ᠲᠠᠩᠰᠠ ᠪᠠ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠤᠨ ᠲᠣᠳᠣᠷᠬᠠᠶᠢᠯᠠᠯᠲᠠ ᠶᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶᠎ ᠤ ᠵᠥᠪᠯᠡᠯ ᠤᠨ ᠬᠠᠷᠢᠭᠤᠴᠠᠯᠭᠠᠲᠠᠨ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢᠨ ᠬᠠᠷᠢᠭᠤᠴᠠᠯᠭᠠᠲᠠᠨ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢᠨ ᠬᠠᠷᠢᠭᠤᠴᠠᠯᠭᠠᠲᠠᠨ ᠠᠴᠠ ᠨᠢᠭᠤᠷ ᠳᠠᠷᠠᠭᠠᠯᠠᠨ ᠭᠠᠷ ᠤᠨ ᠥᠰᠥᠭ ᠵᠢᠷᠤᠵᠤ ᠨᠤᠲᠠᠯᠠᠬᠤ ᠶᠢᠨ ᠬᠠᠮᠲᠤ᠂ ᠪᠠᠶᠢᠭᠤᠯᠭ᠎ᠠ ᠨᠢᠭᠡᠴᠡ ᠶᠢᠨ ᠠᠯᠪᠠᠨ ᠲᠠᠮᠠᠭ᠎ᠠ ᠶᠢ ᠳᠠᠷᠤᠭᠰᠠᠨ ᠤ ᠳᠠᠷᠠᠭ᠎ᠠ᠂ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠤᠭᠤᠯᠵᠤ᠂ ᠬᠢᠨᠠᠨ ᠬᠠᠷᠭᠤᠭᠤᠯᠤᠭᠠᠳ ᠠᠯᠳᠠᠭ᠎ᠠ ᠦᠭᠡᠢ ᠪᠣᠯ ᠮᠠᠯᠴᠢᠳ ᠤᠨ ︽ᠪᠦᠬᠦᠨ ᠳᠤ ᠲᠣᠬᠢᠷᠠᠬᠤ ᠺᠠᠷᠲ︾᠎ ᠤᠨ ᠲᠠᠩᠰᠠᠨ ᠡᠷᠦᠬᠡ ᠳᠤ ᠰᠢᠯᠵᠢᠭᠦᠯᠦᠨ ᠥᠭᠭᠦᠨ᠎ᠡ᠃        ᠪᠡᠯᠡ ᠮᠥᠩᠭᠦ ᠨᠦᠬᠦᠪᠦᠷᠢ ᠣᠯᠭᠤᠬᠤ ᠳᠤ ᠬᠤᠯᠪᠣᠭᠳᠠᠬᠤ ᠪᠤᠢ ᠪᠦᠬᠦᠢ ᠵᠣᠭᠤᠰ ᠢ ᠵᠢᠯ ᠪᠦᠷᠢ ᠶᠢᠨ 7 ᠰᠠᠷ᠎ᠠ ᠪᠠ 12 ᠰᠠᠷ᠎ᠠ ᠳᠤ ᠲᠠᠷᠬᠠᠭᠠᠨ᠎ᠠ᠂ ᠦᠯᠡᠳᠡᠭᠰᠡᠨ ᠴᠠᠭ ᠲᠤᠨᠢ ᠨᠦᠬᠦᠪᠦᠷᠢ ᠱᠠᠩᠨᠠᠯ ᠲᠠᠷᠬᠠᠭᠠᠬᠤ ᠰᠢᠰᠲ᠋ᠧᠮ ᠢ ᠬᠠᠭᠠᠵᠤ᠂ ᠨᠦᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠵᠤ ᠴᠢᠳᠠᠬᠤ ᠦᠭᠡᠢ᠃        ︵ᠲᠠᠪᠤ︶ ᠪᠡᠯᠡ ᠮᠥᠩᠭᠦ ᠬᠢᠨᠠᠨ ᠬᠠᠷᠭᠤᠭᠤᠯᠬᠤ ᠱᠠᠭᠠᠷᠳᠠᠯᠭ᠎ᠠ        1. ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠨ᠎ᠠ᠄ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠠᠢ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠨ᠎ᠠ︔ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶᠎ ᠤ ᠵᠥᠪᠯᠡᠯ ᠲᠠᠢ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠨ᠎ᠠ᠃        ᠡᠷᠦᠬᠡ ᠳᠤ ᠳᠠᠭᠠᠭᠠᠴᠢᠯᠠᠭᠤᠯᠤᠭᠰᠠᠨ ᠨᠤᠲᠤᠭ ᠪᠡᠯᠴᠢᠭᠡᠷ ᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠭᠤᠯᠤᠭᠴᠢ ᠶᠢ ᠵᠣᠬᠢᠶᠠᠨ ᠪᠠᠶᠢᠭᠤᠯᠵᠤ᠂ ᠳᠠᠭᠠᠭᠠᠴᠢᠯᠠᠭᠴᠢ ᠯᠤᠭ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶᠎ ᠶᠢᠨ ᠪᠣᠳᠠᠲᠠᠢ ᠠᠭᠤᠯᠭ᠎ᠠ ᠶᠢ ᠨᠠᠶᠢᠳᠠᠪᠤᠷᠢᠵᠢᠭᠤᠯᠤᠨ᠎ᠠ︔ ᠬᠤᠯᠪᠣᠭᠠᠯᠠᠭᠰᠠᠨ ᠡᠷᠦᠬᠡ ᠳᠤ ᠳᠠᠭᠠᠭᠠᠴᠢᠯᠠᠭᠤᠯᠤᠭᠰᠠᠨ ᠨᠤᠲᠤᠭ ᠪᠡᠯᠴᠢᠭᠡᠷ ᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠭᠤᠯᠤᠭᠴᠢ ᠶᠢ ᠵᠣᠬᠢᠶᠠᠨ ᠪᠠᠶᠢᠭᠤᠯᠵᠤ᠂ ᠳᠠᠭᠠᠭᠠᠴᠢᠯᠠᠭᠴᠢ ᠶᠢᠨ ᠲᠥᠯᠥᠭᠡᠯᠡᠭᠴᠢ ᠯᠦᠭᠡ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶᠎ ᠶᠢᠨ ᠪᠣᠳᠠᠲᠠᠢ ᠠᠭᠤᠯᠭ᠎ᠠ ᠶᠢ ᠨᠠᠶᠢᠳᠠᠪᠤᠷᠢᠵᠢᠭᠤᠯᠤᠨ᠎ᠠ︔ ᠤᠷᠵᠢᠨ ᠮᠠᠯᠵᠢᠯ ᠤᠨ ᠲᠠᠯᠠᠪᠠᠶ ᠶᠢ ᠬᠥᠯᠥᠨ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠤᠷᠵᠢᠨ ᠤ ᠮᠠᠯᠵᠢᠬᠤ ᠡᠷᠦᠬᠡ ᠯᠦᠭᠡ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠪᠣᠳᠠᠲᠠᠢ ᠠᠭᠤᠯᠭ᠎ᠠ ᠶᠢ ᠨᠠᠶᠢᠳᠠᠪᠤᠷᠢᠵᠢᠭᠤᠯᠤᠨ᠎ᠠ᠃        ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠬᠠᠷᠢᠭᠤᠴᠠᠯᠭ᠎ᠠ ᠶᠢᠨ ᠪᠢᠴᠢᠭ ᠢ ᠨᠢᠭᠡ ᠦᠶᠡᠯᠡᠯ ᠤᠨ ᠬᠤᠭᠤᠴᠠᠭ᠎ᠠ ︵ᠳᠠᠷᠤᠢ 2021 ᠣᠨ ︱ 2025 ᠣᠨ︶᠎ ᠳᠤ ᠨᠢᠭᠡ ᠤᠳᠠᠭ᠎ᠠ ᠲᠣᠭᠲᠠᠵᠤ᠂ ᠲᠣᠰ ᠦᠶᠡᠯᠡᠯ ᠤᠨ ᠬᠤᠭᠤᠴᠠᠭᠠᠨ ᠤ ᠪᠣᠳᠠᠲᠠᠢ ᠲᠣᠭᠲᠠᠭᠰᠠᠨ ᠴᠠᠭ ᠨᠢ 2022 ᠣᠨ ᠪᠣᠯᠣᠨ᠎ᠠ᠃ 2021 ᠣᠨ ᠤ 1 ᠰᠠᠷ᠎ᠠ ᠶᠢᠨ 1᠎ ᠤ ᠡᠳᠦᠷ ᠠᠴᠠ 2025 ᠣᠨ ᠤ 12 ᠰᠠᠷ᠎ᠠ ᠶᠢᠨ 31᠎ ᠤ ᠡᠳᠦᠷ ᠪᠣᠯᠲᠠᠯᠠᠬᠢ ᠬᠤᠭᠤᠴᠠᠭᠠᠨ ᠳᠤ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶᠎ ᠢ ᠬᠤᠪᠢᠷᠠᠭᠤᠯᠤᠭᠰᠠᠨ ᠮᠠᠯᠵᠢᠬᠤ ᠡᠷᠦᠬᠡ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠬᠠᠷᠢᠭᠤᠴᠠᠯᠭ᠎ᠠ ᠶᠢᠨ ᠪᠢᠴᠢᠭ ᠢ ᠳᠠᠭᠢᠵᠤ ᠰᠢᠨ᠎ᠡ ᠪᠠᠷ ᠲᠣᠭᠲᠠᠬᠤ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠷᠢᠭᠤᠴᠠᠯᠭ᠎ᠠ ᠶᠢᠨ ᠪᠢᠴᠢᠭ ᠲᠤ ᠬᠤᠶᠠᠳᠤᠭᠠᠷ ᠡᠭᠡᠯᠵᠢ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠷᠢᠭᠤᠴᠠᠯᠭ᠎ᠠ ᠶᠢᠨ ᠪᠢᠴᠢᠭ ᠤᠨ ᠵᠠᠭᠪᠤᠷ ᠢ ᠦᠷᠭᠦᠯᠵᠢᠯᠡᠨ ᠨᠢᠭᠡᠳᠦᠯᠲᠡᠢ ᠬᠡᠷᠡᠭᠯᠡᠵᠦ᠂ ᠪᠡᠯᠴᠢᠭᠡᠷᠯᠡᠭᠦᠯᠬᠦ ᠶᠢ ᠵᠣᠭᠰᠤᠭᠠᠬᠤ ᠬᠠᠷᠢᠭᠤᠴᠠᠯᠭ᠎ᠠ ᠶᠢᠨ ᠪᠢᠴᠢᠭ ᠢ ᠠᠰᠲᠠᠭᠠᠨ ᠳᠠᠭᠠᠯᠳᠤᠭᠤᠯᠬᠤ ᠬᠡᠷᠡᠭᠲᠡᠢ᠃        2. ᠬᠢᠨᠠᠨ ᠬᠠᠷᠭᠤᠭᠤᠯᠬᠤ ᠴᠡᠭ ᠪᠠᠶᠢᠭᠤᠯᠵᠤ᠂ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠦᠨ᠎ᠡ᠄ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠬᠢᠨᠠᠨ ᠬᠠᠷᠭᠤᠭᠤᠯᠬᠤ ᠴᠡᠭ ᠪᠠᠶᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠬᠠᠷᠢᠭᠤᠴᠠᠯᠭ᠎ᠠ ᠶᠢᠨ ᠪᠢᠴᠢᠭ ᠢ ᠬᠠᠮᠢᠶ᠎ᠠ ᠪᠦᠬᠦᠢ ᠮᠠᠲ᠋ᠧᠷᠢᠶᠠᠯ ᠯᠤᠭ᠎ᠠ ᠭᠠᠷ ᠤᠨ ᠥᠰᠥᠭ ᠵᠢᠷᠤᠬᠤ ᠠᠵᠢᠯ ᠢ ᠬᠠᠷᠢᠭᠤᠴᠠᠬᠤ ᠶᠢᠨ ᠬᠠᠮᠲᠤ᠂ ᠪᠣᠶ ᠪᠦᠬᠦᠢ ᠭᠠᠷ ᠤᠨ ᠥᠰᠥᠭ ᠵᠢᠷᠤᠬᠤ ᠦᠶᠯᠡ ᠠᠵᠢᠯᠯᠠᠭ᠎ᠠ ᠳᠤ ᠴᠥᠮ ᠲᠣᠰ ᠬᠥᠮᠥᠨ ᠤ ᠭᠠᠷ ᠤᠨ ᠥᠰᠥᠭ ᠵᠢᠷᠤᠬᠤ ᠶᠢ ᠬᠠᠷᠢᠭᠤᠴᠠᠨ ᠬᠢᠨᠠᠯᠲᠠ ᠲᠠᠯᠪᠢᠵᠤ᠂ ᠣᠷᠣᠯᠠᠨ ᠭᠠᠷ ᠤᠨ ᠥᠰᠥᠭ ᠵᠢᠷᠤᠵᠤ ᠪᠣᠯᠬᠤ ᠦᠭᠡᠢ᠃ ᠲᠣᠰ ᠬᠥᠮᠥᠨ ᠨᠢ ᠣᠨᠴᠠᠭᠠᠢ ᠪᠠᠶᠢᠳᠠᠯ ᠠᠴᠠ ᠪᠣᠯᠵᠤ ᠲᠤᠬᠠᠢ ᠶᠢᠨ ᠲᠠᠯᠠᠪᠤᠷ ᠲᠤ ᠬᠦᠷᠴᠦ ᠭᠠᠷ ᠤᠨ ᠥᠰᠥᠭ ᠵᠢᠷᠤᠬᠤ ᠶᠢᠨ ᠠᠷᠭ᠎ᠠ ᠦᠭᠡᠢ ᠪᠣᠯ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠲᠣᠰ ᠬᠥᠮᠥᠨ ᠨᠢ ᠨᠠᠶᠢᠳᠠᠯᠭ᠎ᠠ ᠶᠢᠨ ᠪᠢᠴᠢᠭ ᠪᠠ ᠨᠠᠶᠢᠳᠠᠯᠭ᠎ᠠ ᠶᠢᠨ ᠬᠡᠷᠡᠯ ᠵᠢᠷᠤᠭ ︵ᠸᠢᠳᠢᠤ᠋︶᠎ ᠢ ᠬᠠᠩᠭᠠᠵᠤ᠂ ᠪᠤᠰᠤᠳ ᠬᠥᠮᠥᠨ ᠳᠤ ᠨᠠᠶᠢᠳᠠᠵᠤ ᠣᠷᠣᠯᠠᠨ ᠭᠠᠷ ᠤᠨ ᠥᠰᠥᠭ ᠵᠢᠷᠤᠭᠤᠯᠵᠤ ᠪᠣᠯᠣᠨ᠎ᠠ᠃ ᠲᠤᠬᠠᠢ ᠶᠢᠨ ᠲᠠᠯᠠᠪᠠᠶ ᠳᠤ ᠭᠠᠷ ᠤᠨ ᠥᠰᠥᠭ ᠵᠢᠷᠤᠬᠤ ᠶᠢᠨ ᠬᠠᠮᠲᠤ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠎ ᠨᠢ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠠᠵᠢᠯ ᠢ ᠵᠡᠷᠭᠡ ᠳᠤᠨᠢ ᠶᠠᠪᠤᠭᠳᠠᠭᠤᠯᠬᠤ ᠬᠡᠷᠡᠭᠲᠡᠢ᠃ ᠪᠣᠳᠠᠲᠠᠢ ᠱᠠᠭᠠᠷᠳᠠᠯᠭ᠎ᠠ ᠨᠢ ᠳᠣᠣᠷᠠᠬᠢ ᠮᠡᠲᠦ᠄        ︵1︶ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠡᠷᠦᠬᠡ ᠶᠢ ᠬᠢᠨᠠᠨ ᠬᠠᠷᠭᠤᠭᠤᠯᠬᠤ ᠱᠠᠭᠠᠷᠳᠠᠯᠭ᠎ᠠ        ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠭᠤᠯᠤᠭᠴᠢ ᠶᠢ ᠵᠣᠬᠢᠶᠠᠨ ᠪᠠᠶᠢᠭᠤᠯᠵᠤ᠂ ᠳᠠᠭᠠᠭᠠᠴᠢᠯᠠᠭᠴᠢ ᠶᠢᠨ ᠲᠣᠰ ᠬᠥᠮᠥᠨ ᠎ ᠯᠦᠭᠡ ᠲᠤᠬᠠᠢ ᠶᠢᠨ ᠲᠠᠯᠠᠪᠤᠷ ᠲᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠤᠨ ᠮᠥᠩᠭᠦ ᠶᠢᠨ ᠲᠤᠬᠠᠢ ᠶᠢᠨ ᠲᠠᠯᠠᠪᠤᠷ ᠲᠤ ᠭᠠᠷ ᠤᠨ ᠥᠰᠥᠭ ᠵᠢᠷᠤᠵᠤ ᠨᠤᠲᠠᠯᠠᠬᠤ ᠬᠦᠰᠦᠨᠦᠭᠲᠦ ᠪᠠ ᠰᠡᠯᠭᠦᠨ ᠮᠠᠯᠵᠢᠬᠤ ᠨᠥᠬᠦᠪᠦᠷᠢ ᠮᠥᠩᠭᠦ ᠶᠢᠨ ᠲᠤᠬᠠᠢ ᠶᠢᠨ ᠲᠠᠯᠠᠪᠤᠷ ᠲᠤ ᠭᠠᠷ ᠤᠨ ᠦᠰᠦᠭ ᠵᠢᠷᠤᠬᠤ ᠬᠡᠷᠡᠭᠲᠡᠢ᠃ ᠳᠠᠭᠠᠭᠠᠴᠢᠯᠠᠭᠴᠢ ᠬᠦᠴᠦᠨ ᠪᠦᠬᠦᠢ ᠬᠤᠭᠤᠴᠠᠭᠠᠨ ᠳᠠᠬᠢ ᠪᠡᠶ᠎ᠡ ᠶᠢᠨ ᠦᠨᠡᠮᠯᠡᠯ ᠤᠨ ᠤᠭ ᠳᠡᠪᠲᠡᠷ ᠢ ᠠᠪᠴᠤ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠠᠵᠢᠯᠲᠠᠨ ᠡᠷᠦᠬᠡ ᠳᠠᠷᠠᠭᠠᠯᠠᠨ ᠬᠢᠨᠠᠨ ᠬᠠᠷᠭᠤᠭᠤᠯᠬᠤ ᠶᠢᠨ ᠬᠠᠮᠲᠤ᠂ ᠰᠡᠭᠦᠳᠡᠷ ᠲᠠᠲᠠᠵᠤ ᠳᠠᠩᠰᠠ ᠡᠪᠬᠡᠮᠡᠯ ᠳᠤ ᠦᠯᠡᠳᠡᠭᠡᠬᠦ ᠶᠢ ᠬᠠᠷᠢᠭᠤᠴᠠᠵᠤ᠂ ᠬᠢᠨᠠᠨ ᠬᠠᠷᠭᠤᠭᠤᠯᠬᠤ ᠠᠭᠤᠯᠭ᠎ᠠ ᠳᠤ ᠄ ᠲᠤᠰ ᠡᠷᠦᠬᠡ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠬᠢᠷᠢ ᠬᠡᠮ ᠲᠠᠢ ᠡᠰᠡᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠬᠠᠷᠢᠭᠤᠴᠠᠯᠭ᠎ᠠ ᠶᠢᠨ ᠪᠢᠴᠢᠭ ᠤᠨ ᠮᠡᠳᠡᠭᠡ ᠵᠠᠩᠭᠢ ᠨᠢ ᠣᠨᠣᠪᠴᠢᠲᠠᠶ ᠡᠰᠡᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠤᠨ ᠮᠥᠩᠭᠦ ᠶᠢᠨ ᠲᠤᠬᠠᠢ ᠶᠢᠨ ᠲᠠᠯᠠᠪᠠᠢ ᠳᠤ ᠭᠠᠷ ᠤᠨ ᠥᠰᠥᠭ ᠵᠢᠷᠤᠵᠤ ᠨᠤᠲᠠᠯᠠᠭᠰᠠᠨ ᠬᠦᠰᠦᠨᠦᠭᠲᠦ ᠶᠢᠨ ᠮᠡᠳᠡᠭᠡ ᠵᠠᠩᠭᠢ ᠨᠢ ᠣᠨᠣᠪᠴᠢᠲᠠᠶ ᠡᠰᠡᠬᠦ᠂ ᠰᠡᠯᠭᠦᠨ ᠮᠠᠯᠵᠢᠬᠤ ᠨᠥᠬᠦᠪᠦᠷᠢ ᠮᠥᠩᠭᠦ ᠶᠢᠨ ᠲᠤᠬᠠᠢ ᠶᠢᠨ ᠲᠠᠯᠠᠪᠠᠢ ᠳᠤ ᠭᠠᠷ ᠤᠨ ᠥᠰᠥᠭ ᠵᠢᠷᠤᠵᠤ ᠨᠤᠲᠠᠯᠠᠭᠰᠠᠨ ᠬᠦᠰᠦᠨᠦᠭᠲᠦ ᠶᠢᠨ ᠮᠡᠳᠡᠭᠡ ᠵᠠᠩᠭᠢ ᠨᠢ ᠣᠨᠣᠪᠴᠢᠲᠠᠶ ᠡᠰᠡᠬᠦ᠂ ᠳᠠᠭᠠᠭᠠᠴᠢᠯᠠᠭᠴᠢ ᠨᠢ ᠲᠤᠰ ᠬᠥᠮᠥᠨ ᠮᠥᠨ ᠡᠰᠡᠬᠦ᠂ ᠳᠠᠭᠠᠭᠠᠴᠢᠯᠠᠭᠴᠢ ᠨᠢ ᠲᠡᠭᠦᠨ ᠤ ᠬᠦᠷᠲᠡᠵᠦ ᠪᠠᠶᠢᠭ᠎ᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠤᠨ ᠮᠥᠩᠭᠦ ᠪᠠ ᠰᠡᠯᠭᠦᠨ ᠮᠠᠯᠵᠢᠬᠤ ᠨᠥᠬᠦᠪᠦᠷᠢ ᠮᠥᠩᠭᠦ ᠳᠤ ᠣᠨᠳᠣᠣ ᠰᠠᠨᠠᠯ ᠲᠠᠢ ᠪᠠᠶᠢᠬᠤ ᠡᠰᠡᠬᠦ ᠵᠡᠷᠭᠡ ᠪᠣᠯᠣᠨ᠎ᠠ᠃ ᠬᠢᠨᠠᠨ ᠬᠠᠷᠭᠤᠭᠤᠯᠵᠤ ᠨᠤᠲᠠᠯᠠᠭᠰᠠᠨ ᠤ ᠳᠠᠷᠠᠭ᠎ᠠ᠂ ᠳᠠᠭᠠᠭᠠᠴᠢᠯᠠᠭᠴᠢ ᠬᠠᠷᠢᠭᠤᠴᠠᠯᠭ᠎ᠠ ᠶᠢᠨ ᠪᠢᠴᠢᠭ ᠪᠠ ᠪᠡᠶ᠎ᠡ ᠶᠢᠨ ᠦᠨᠡᠮᠯᠡᠯ ᠢᠶᠠᠨ ᠠᠪᠴᠤ ᠰᠡᠭᠦᠳᠡᠷ ᠵᠢᠷᠤᠭ ᠠᠪᠤᠭᠤᠯᠤᠨ᠎ᠠ᠂ ᠡᠷᠦᠬᠡ ᠪᠦᠷᠢ ᠶᠢᠨ ᠰᠡᠭᠦᠳᠡᠷ ᠨᠢ 1 ᠬᠤᠪᠢ ᠪᠠᠶᠢᠬᠤ ᠬᠡᠷᠡᠭᠲᠡᠢ᠃ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠭᠠᠷ ᠤᠨ ᠥᠰᠥᠭ ᠵᠢᠷᠤᠵᠤ ᠳᠠᠭᠤᠰᠤᠭᠰᠠᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠬᠠᠷᠢᠭᠤᠴᠠᠯᠭ᠎ᠠ ᠶᠢᠨ ᠪᠢᠴᠢᠭ᠂ ᠡᠯᠧᠺᠲᠷᠣᠨ ᠬᠡᠷᠡᠯ ᠵᠢᠷᠤᠭ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠤᠨ ᠮᠥᠩᠭᠦ ᠶᠢᠨ ᠲᠤᠬᠠᠢ ᠶᠢᠨ ᠲᠠᠯᠠᠪᠠᠶ ᠳᠤ ᠭᠠᠷ ᠤᠨ ᠥᠰᠥᠭ ᠵᠢᠷᠤᠭᠰᠠᠨ ᠨᠤᠲᠠᠯᠠᠯᠲᠠ ᠶᠢᠨ ᠬᠦᠰᠦᠨᠦᠭᠲᠦ᠂ ᠰᠡᠯᠭᠦᠨ ᠮᠠᠯᠵᠢᠬᠤ ᠨᠥᠬᠦᠪᠦᠷᠢ ᠮᠥᠩᠭᠦ ᠶᠢᠨ ᠲᠤᠬᠠᠢ ᠶᠢᠨ ᠲᠠᠯᠠᠪᠠᠶ ᠳᠤ ᠭᠠᠷ ᠤᠨ ᠥᠰᠥᠭ ᠵᠢᠷᠤᠭᠰᠠᠨ ᠨᠤᠲᠠᠯᠠᠯᠲᠠ ᠶᠢᠨ ᠬᠦᠰᠦᠨᠦᠭᠲᠦ᠂ ᠳᠠᠭᠠᠭᠠᠴᠢᠯᠠᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠰᠢᠷᠪᠢᠯᠲᠡ ᠶᠢᠨ ᠮᠠᠲ᠋ᠧᠷᠢᠶᠠᠯ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠭᠡᠷ᠎ᠡ ᠶᠢᠨ ᠰᠢᠷᠪᠢᠯᠲᠡ ᠶᠢᠨ ᠮᠠᠲ᠋ᠧᠷᠢᠶᠠᠯ ᠢ ᠬᠠᠮᠲᠤ ᠳᠤᠨᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃        ︵2︶ ᠪᠡᠯᠴᠢᠭᠡᠷᠯᠡᠭᠦᠯᠬᠦ ᠶᠢ ᠴᠠᠭᠠᠵᠠᠯᠠᠬᠤ ᠡᠷᠦᠬᠡ ᠶᠢ ᠬᠢᠨᠠᠨ ᠬᠠᠷᠭᠤᠭᠤᠯᠬᠤ ᠱᠠᠭᠠᠷᠳᠠᠯᠭ᠎ᠠ        ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠭᠤᠯᠤᠭᠴᠢ ᠶᠢ ᠵᠣᠬᠢᠶᠠᠨ ᠪᠠᠶᠢᠭᠤᠯᠵᠤ᠂ ᠳᠠᠭᠠᠭᠠᠴᠢᠯᠠᠭᠴᠢ ᠪᠠ ᠪᠣᠶ ᠪᠦᠬᠦᠢ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠯᠦᠭᠡ ᠲᠤᠬᠠᠢ ᠶᠢᠨ ᠲᠠᠯᠠᠪᠤᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢᠨ ᠪᠢᠴᠢᠭ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠢ ᠨᠤᠲᠠᠯᠠᠭᠰᠠᠨ ᠪᠢᠴᠢᠭ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠮᠥᠩᠭᠦ ᠶᠢᠨ ᠲᠤᠬᠠᠢ ᠶᠢᠨ ᠲᠠᠯᠠᠪᠤᠷ ᠲᠤ ᠭᠠᠷ ᠤᠨ ᠥᠰᠥᠭ ᠵᠢᠷᠤᠭᠰᠠᠨ ᠨᠤᠲᠠᠯᠠᠯᠲᠠ ᠶᠢᠨ ᠬᠦᠰᠦᠨᠦᠭᠲᠦ ᠶᠢ ᠲᠣᠭᠲᠠᠭᠠᠬᠤ ᠬᠡᠷᠡᠭᠲᠡᠢ᠃ ᠳᠠᠭᠠᠭᠠᠴᠢᠯᠠᠭᠴᠢ ᠪᠠ ᠪᠤᠶ ᠪᠦᠬᠦᠢ ᠨᠤᠲᠤᠭ ᠪᠡᠯᠴᠢᠭᠡᠷ ᠤᠨ ᠬᠠᠮᠲᠤ ᠶᠢᠨ ᠦᠮᠴᠢᠯᠡᠭᠴᠢ ᠬᠦᠴᠦᠨ ᠪᠦᠬᠦᠢ ᠬᠤᠭᠤᠴᠠᠭᠠᠨ ᠳᠠᠬᠢ ᠪᠡᠶ᠎ᠡ ᠶᠢᠨ ᠦᠨᠡᠮᠯᠡᠯ ᠤᠨ ᠤᠭ ᠳᠡᠪᠲᠡᠷ ᠢ ᠠᠪᠴᠤ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠠᠵᠢᠯᠲᠠᠨ ᠡᠷᠦᠬᠡ ᠳᠠᠷᠠᠭᠠᠯᠠᠨ ᠬᠢᠨᠠᠨ ᠬᠠᠷᠭᠤᠭᠤᠯᠬᠤ ᠶᠢᠨ ᠬᠠᠮᠲᠤ᠂ ᠰᠡᠭᠦᠳᠡᠷ ᠲᠠᠲᠠᠵᠤ ᠳᠠᠩᠰᠠ ᠡᠪᠬᠡᠮᠡᠯ ᠳᠤ ᠦᠯᠡᠳᠡᠭᠡᠬᠦ ᠶᠢ ᠬᠠᠷᠢᠭᠤᠴᠠᠵᠤ᠂ ᠬᠢᠨᠠᠨ ᠬᠠᠷᠭᠤᠭᠤᠯᠬᠤ ᠠᠭᠤᠯᠭ᠎ᠠ ᠳᠤ᠄ ᠲᠤᠰ ᠡᠷᠦᠬᠡ ᠨᠢ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠬᠢᠷᠢ ᠬᠡᠮ ᠲᠠᠢ ᠡᠰᠡᠬᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢᠨ ᠪᠢᠴᠢᠭ ᠤᠨ ᠮᠡᠳᠡᠭᠡ ᠵᠠᠩᠭᠢ ᠨᠢ ᠣᠨᠣᠪᠴᠢᠲᠠᠶ ᠡᠰᠡᠬᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠨᠤᠲᠠᠯᠠᠯᠲᠠ ᠶᠢᠨ ᠪᠢᠴᠢᠭ ᠤᠨ ᠮᠡᠳᠡᠭᠡ ᠵᠠᠩᠭᠢ ᠨᠢ ᠣᠨᠣᠪᠴᠢᠲᠠᠶ ᠡᠰᠡᠬᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠮᠥᠩᠭᠦ ᠶᠢᠨ ᠲᠤᠬᠠᠢ ᠶᠢᠨ ᠲᠠᠯᠠᠪᠤᠷ ᠲᠤ ᠭᠠᠷ ᠤᠨ ᠥᠰᠥᠭ ᠵᠢᠷᠤᠵᠤ ᠨᠤᠲᠠᠯᠠᠭᠰᠠᠨ ᠬᠦᠰᠦᠨᠦᠭᠲᠦ ᠶᠢᠨ ᠮᠡᠳᠡᠭᠡ ᠵᠠᠩᠭᠢ ᠨᠢ ᠣᠨᠣᠪᠴᠢᠲᠠᠶ ᠡᠰᠡᠬᠦ᠂ ᠳᠠᠭᠠᠭᠠᠴᠢᠯᠠᠭᠴᠢ ᠪᠠ ᠪᠡᠯᠴᠢᠭᠡᠷ ᠤᠨ ᠬᠠᠮᠲᠤ ᠶᠢᠨ ᠥᠮᠴᠢᠯᠡᠭᠴᠢ ᠨᠢ ᠲᠣᠰ ᠬᠥᠮᠥᠨ ᠮᠥᠨ ᠡᠰᠡᠬᠦ᠂ ᠳᠠᠭᠠᠭᠠᠴᠢᠯᠠᠭᠴᠢ ᠪᠠ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠨᠢ ᠲᠡᠭᠦᠨ ᠤ ᠡᠳ᠋ᠯᠡᠵᠦ ᠪᠦᠬᠦᠢ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠮᠥᠩᠭᠦ ᠪᠠ ᠳᠡᠭᠡᠳᠦ ᠬᠢᠵᠠᠭᠠᠷ ᠤᠨ ᠵᠣᠭᠤᠰ ᠤᠨ ᠲᠤᠭ᠎ᠠ ᠳᠤ ᠣᠨᠳᠣᠣ ᠰᠠᠨᠠᠯ ᠲᠠᠢ ᠪᠠᠶᠢᠬᠤ ᠡᠰᠡᠬᠦ ᠵᠡᠷᠭᠡ ᠪᠣᠯᠣᠨ᠎ᠠ᠃ ᠬᠢᠨᠠᠨ ᠨᠤᠲᠠᠯᠠᠭᠰᠠᠨ ᠤ ᠳᠠᠷᠠᠭ᠎ᠠ᠂ ᠳᠠᠭᠠᠭᠠᠴᠢᠯᠠᠭᠴᠢ ᠪᠠ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠲᠣᠰ ᠲᠣᠰ ᠤᠨ ᠪᠡᠶ᠎ᠡ ᠶᠢᠨ ᠦᠨᠡᠮᠯᠡᠯ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢᠨ ᠪᠢᠴᠢᠭ ᠢᠶᠠᠨ ᠠᠪᠴᠤ ᠨᠢᠭᠡ ᠤᠳᠠᠭ᠎ᠠ ᠰᠡᠭᠦᠳᠡᠷ ᠲᠠᠲᠠᠵᠤ᠂ ᠲᠣᠰ ᠲᠣᠰ ᠤᠨ ᠪᠡᠶ᠎ᠡ ᠶᠢᠨ ᠦᠨᠡᠮᠯᠡᠯ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠨᠤᠲᠠᠯᠠᠯᠲᠠ ᠶᠢᠨ ᠪᠢᠴᠢᠭ ᠢᠶᠠᠨ ᠠᠪᠴᠤ ᠳᠠᠬᠢᠨ ᠨᠢᠭᠡ ᠤᠳᠠᠭ᠎ᠠ ᠰᠡᠭᠦᠳᠡᠷ ᠲᠠᠲᠠᠵᠤ᠂ ᠡᠷᠦᠬᠡ ᠪᠦᠷᠢ ᠶᠢᠨ ᠰᠡᠭᠦᠳᠡᠷ ᠵᠢᠷᠤᠭ ᠨᠢ 2 ᠬᠤᠪᠢ ᠪᠠᠶᠢᠬᠤ ᠬᠡᠷᠡᠭᠲᠡᠢ᠃ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠭᠠᠷ ᠤᠨ ᠥᠰᠥᠭ ᠵᠢᠷᠤᠵᠤ ᠳᠠᠭᠤᠰᠤᠭᠰᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢᠨ ᠪᠢᠴᠢᠭ᠂ ᠪᠡᠯᠴᠢᠭᠡᠷᠯᠡᠭᠦᠯᠬᠦ ᠶᠢ ᠴᠠᠭᠠᠵᠠᠯᠠᠬᠤ ᠨᠤᠲᠠᠯᠠᠯᠲᠠ ᠶᠢᠨ ᠪᠢᠴᠢᠭ᠂ ᠡᠯᠧᠺᠲᠷᠣᠨ ᠬᠡᠷᠡᠯ ᠵᠢᠷᠤᠭ᠂ ᠳᠠᠭᠠᠭᠠᠴᠢᠯᠠᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠮᠥᠩᠭᠦ ᠶᠢᠨ ᠲᠤᠬᠠᠢ ᠶᠢᠨ ᠲᠠᠯᠠᠪᠤᠷ ᠲᠤ ᠭᠠᠷ ᠤᠨ ᠥᠰᠥᠭ ᠵᠢᠷᠤᠭᠰᠠᠨ ᠨᠤᠲᠠᠯᠠᠯᠲᠠ ᠶᠢᠨ ᠬᠦᠰᠦᠨᠦᠭᠲᠦ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠰᠢᠷᠪᠢᠯᠲᠡ ᠶᠢᠨ ᠮᠠᠲ᠋ᠧᠷᠢᠶᠠᠯ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠭᠡᠷ᠎ᠡ ᠶᠢᠨ ᠰᠢᠷᠪᠢᠯᠲᠡ ᠶᠢᠨ ᠮᠠᠲ᠋ᠧᠷᠢᠶᠠᠯ ᠢ ᠬᠠᠮᠲᠤ ᠳᠤᠨᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃        ︵3︶ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠢ ᠬᠢᠨᠠᠨ ᠬᠠᠷᠭᠤᠭᠤᠯᠬᠤ ᠱᠠᠭᠠᠷᠳᠠᠯᠭ᠎ᠠ        ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠪᠥᠬᠦ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠢ ᠵᠣᠬᠢᠶᠠᠨ ᠪᠠᠶᠢᠭᠤᠯᠵᠤ᠂ ᠬᠦᠴᠦᠨ ᠪᠦᠬᠦᠢ ᠬᠤᠭᠤᠴᠠᠭᠠᠨ ᠳᠠᠬᠢ ᠪᠡᠶ᠎ᠡ ᠶᠢᠨ ᠦᠨᠡᠮᠯᠡᠯ ᠤᠨ ᠤᠭ ᠳᠡᠪᠲᠡᠷ᠂ ᠡᠷᠦᠬᠡ ᠠᠮᠠ ᠶᠢᠨ ᠳᠡᠪᠲᠡᠷ ᠤᠨ ᠤᠭ ᠳᠡᠪᠲᠡᠷ ᠢ ᠠᠪᠴᠤ᠂ ᠬᠢᠨᠠᠨ ᠬᠠᠷᠭᠤᠭᠤᠯᠬᠤ ᠴᠡᠭ ᠤᠨ ᠲᠤᠬᠠᠢ ᠶᠢᠨ ᠲᠠᠯᠠᠪᠤᠷ ᠲᠤ ᠬᠦᠷᠴᠦ ᠬᠢᠨᠠᠨ ᠬᠠᠷᠭᠤᠭᠤᠯᠵᠤ ᠨᠤᠲᠠᠯᠠᠬᠤ ᠬᠡᠷᠡᠭᠲᠡᠢ᠃ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠠᠵᠢᠯᠲᠠᠨ ᠤ ᠲᠤᠬᠠᠢ ᠶᠢᠨ ᠲᠠᠯᠠᠪᠤᠷ ᠤᠨ ᠬᠢᠨᠠᠨ ᠬᠠᠷᠭᠤᠭᠤᠯᠬᠤ ᠶᠢ ᠬᠠᠷᠢᠭᠤᠴᠠᠬᠤ ᠠᠭᠤᠯᠭ᠎ᠠ ᠳᠤ᠄ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠮᠥᠨ ᠡᠰᠡᠬᠦ᠂ ᠬᠤᠯᠪᠣᠭᠠᠯᠠᠭᠰᠠᠨ ᠡᠷᠦᠬᠡ ᠶᠢᠨ ᠬᠢᠷᠢ ᠬᠡᠮ ᠲᠠᠢ ᠡᠰᠡᠬᠦ᠂ ᠠᠯᠪᠠᠨ ᠲᠤᠰᠢᠶᠠᠯᠲᠠᠨ ᠮᠥᠨ ᠡᠰᠡᠬᠦ᠂ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠨᠢ ᠲᠡᠭᠦᠨ ᠤ ᠬᠦᠷᠲᠡᠵᠦ ᠪᠠᠶᠢᠭ᠎ᠠ ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠳᠤ ᠣᠨᠳᠣᠣ ᠰᠠᠨᠠᠯ ᠲᠠᠢ ᠪᠠᠶᠢᠬᠤ ᠡᠰᠡᠬᠦ ᠵᠡᠷᠭᠡ ᠪᠠᠭᠲᠠᠨ᠎ᠠ᠃ ᠬᠢᠨᠠᠨ ᠬᠠᠷᠭᠤᠭᠤᠯᠵᠤ ᠨᠤᠲᠠᠯᠠᠭᠰᠠᠨ ᠤ ᠳᠠᠷᠠᠭ᠎ᠠ᠂ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠢ ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠶᠢᠨ ᠲᠤᠬᠠᠢ ᠶᠢᠨ ᠲᠠᠯᠠᠪᠤᠷ ᠲᠤ ᠭᠠᠷ ᠤᠨ ᠥᠰᠥᠭ ᠵᠢᠷᠤᠭᠰᠠᠨ ᠨᠤᠲᠠᠯᠠᠯᠲᠠ ᠶᠢᠨ ᠬᠦᠰᠦᠨᠦᠭᠲᠦ ᠳᠡᠭᠡᠷ᠎ᠡ ᠭᠠᠷ ᠤᠨ ᠥᠰᠥᠭ ᠵᠢᠷᠤᠵᠤ ᠨᠤᠲᠠᠯᠠᠬᠤ ᠶᠢᠨ ᠬᠠᠮᠲᠤ᠂ ᠪᠡᠶ᠎ᠡ ᠶᠢᠨ ᠦᠨᠡᠮᠯᠡᠯ ᠪᠠ ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠶᠢᠨ ᠲᠤᠬᠠᠢ ᠶᠢᠨ ᠲᠠᠯᠠᠪᠤᠷ ᠲᠤ ᠭᠠᠷ ᠤᠨ ᠥᠰᠥᠭ ᠵᠢᠷᠤᠭᠰᠠᠨ ᠨᠤᠲᠠᠯᠠᠯᠲᠠ ᠶᠢᠨ ᠬᠦᠰᠦᠨᠦᠭ ᠲᠤ ᠰᠡᠭᠦᠳᠡᠷ ᠲᠠᠲᠠᠭᠤᠯᠤᠨ᠎ᠠ᠃ ᠡᠭᠦᠨ ᠤ ᠬᠠᠮᠲᠤ᠂ ᠠᠳᠠᠯᠢ ᠨᠢᠭᠡ ᠬᠥᠮᠥᠨ ᠠᠳᠠᠯᠢ ᠪᠤᠰᠤ ᠭᠠᠴᠠᠭ᠎ᠠ ᠳᠤ ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠶᠢ ᠳᠠᠪᠬᠤᠷ ᠠᠪᠬᠤ ᠪᠠᠶᠢᠳᠠᠯ ᠭᠠᠷᠬᠤ ᠠᠴᠠ ᠵᠠᠶᠢᠯᠠᠰᠬᠢᠬᠦ ᠶᠢᠨ ᠲᠦᠯᠦᠭᠡ᠂ ᠰᠤᠮᠤ ᠪᠠᠯᠭᠠᠰᠤ ᠶᠢᠨ ᠠᠵᠢᠯᠲᠠᠳ ᠡᠷᠦᠬᠡ ᠠᠮᠠ ᠶᠢᠨ ᠳᠡᠪᠲᠡᠷ ᠤᠨ ᠤᠭ ᠮᠠᠲ᠋ᠧᠷᠢᠶᠠᠯ ᠤᠨ ᠶᠣᠰᠣᠭᠠᠷ᠂ ᠲᠤᠬᠠᠢ ᠶᠢᠨ ᠲᠠᠯᠠᠪᠠᠶ ᠳᠤ ᠪᠥᠬᠦ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠤ ᠣᠲᠣ ᠶᠢᠨ ᠡᠷᠦᠬᠡ ᠠᠮᠠ ᠶᠢᠨ ᠬᠠᠶ᠋ᠢᠭ ᠢ ᠲᠡᠮᠳᠡᠭᠯᠡᠨ ᠲᠡᠮᠳᠡᠭᠯᠡᠬᠦ ᠬᠡᠷᠡᠭᠲᠡᠢ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶᠎ ᠤ ᠵᠥᠪᠯᠡᠯ ᠤᠨ ᠬᠠᠷᠢᠭᠤᠴᠠᠯᠭᠠᠲᠠᠨ ᠪᠥᠬᠦ ᠶᠠᠪᠤᠴᠠ ᠳᠤ ᠣᠷᠣᠯᠴᠠᠨ ᠬᠢᠨᠠᠯᠲᠠ ᠲᠠᠯᠪᠢᠬᠤ ᠶᠢᠨ ᠬᠠᠮᠲᠤ᠂ ᠬᠤᠯᠪᠣᠭᠠᠯᠠᠭᠰᠠᠨ ᠡᠷᠦᠬᠡ ᠶᠢᠨ ᠨᠦᠬᠦᠪᠦᠷᠢ ᠱᠠᠩᠨᠠᠯ ᠤᠨ ᠮᠥᠩᠭᠦ ᠶᠢᠨ ᠲᠤᠬᠠᠢ ᠶᠢᠨ ᠲᠠᠯᠠᠪᠤᠷ ᠲᠤ ᠭᠠᠷ ᠤᠨ ᠥᠰᠥᠭ ᠵᠢᠷᠤᠵᠤ ᠨᠤᠲᠠᠯᠠᠭᠰᠠᠨ ᠬᠦᠰᠦᠨᠦᠭᠲᠦ ᠳᠡᠭᠡᠷ᠎ᠡ ᠭᠠᠷ ᠤᠨ ᠥᠰᠥᠭ ᠵᠢᠷᠤᠵᠤ ᠲᠠᠮᠠᠭ᠎ᠠ ᠳᠠᠷᠤᠬᠤ ᠬᠡᠷᠡᠭᠲᠡᠢ ᠃ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠭᠠᠷ ᠤᠨ ᠥᠰᠥᠭ ᠵᠢᠷᠤᠵᠤ ᠳᠠᠭᠤᠰᠬᠠᠭᠰᠠᠨ ᠡᠷᠦᠬᠡ ᠬᠤᠯᠪᠣᠭᠠᠯᠠᠭᠰᠠᠨ ᠨᠦᠬᠦᠪᠦᠷᠢ ᠱᠠᠩᠨᠠᠯ ᠤᠨ ᠮᠥᠩᠭᠦ ᠶᠢᠨ ᠲᠤᠬᠠᠢ ᠶᠢᠨ ᠲᠠᠯᠠᠪᠤᠷ ᠲᠤ ᠭᠠᠷ ᠤᠨ ᠥᠰᠥᠭ ᠵᠢᠷᠤᠭᠰᠠᠨ ᠨᠤᠲᠠᠯᠠᠯᠲᠠ ᠶᠢᠨ ᠬᠦᠰᠦᠨᠦᠭᠲᠦ᠂ ᠡᠯᠧᠺᠲᠷᠣᠨ ᠬᠡᠷᠡᠯ ᠵᠢᠷᠤᠭ᠂ ᠡᠷᠦᠬᠡ ᠬᠤᠯᠪᠣᠭᠠᠯᠠᠭᠰᠠᠨ ᠪᠦᠷᠢᠯᠳᠦᠭᠦᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠡᠷᠦᠬᠡ ᠠᠮᠠ ᠶᠢᠨ ᠳᠡᠪᠲᠡᠷ ᠤᠨ ᠲᠦᠷᠦᠭᠦᠸ ᠨᠢᠭᠤᠷ ᠪᠠ ᠲᠣᠰ ᠬᠥᠮᠥᠨ ᠤ ᠨᠢᠭᠤᠷ ᠤᠨ ᠬᠠᠭᠤᠯᠪᠤᠷᠢ ᠶᠢ ᠬᠠᠮᠲᠤ ᠳᠤᠨᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ