ᠰᠢᠨ᠎ᠡ ᠪᠠᠷᠭᠤ ᠪᠠᠷᠠᠭᠤᠨ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ︵ᠲᠠᠪᠤ︶
ᠨᠡᠶᠢᠲᠡᠯᠡᠭᠰᠡᠨ ᠴᠠᠭ᠄
2022/11/23
        ᠵᠢᠷᠭᠤᠭ᠎ᠠ᠂ ᠪᠡᠯᠡ ᠮᠦᠩᠭᠦᠨ ᠤ ᠬᠠᠮᠢᠶᠠᠷᠤᠯᠲᠠ ᠶᠢᠨ ᠱᠠᠭᠠᠷᠳᠠᠯᠭ᠎ᠠ        ︵ᠨᠢᠭᠡ︶ ᠨᠠᠰᠤ ᠪᠠᠷᠠᠭᠰᠠᠳ ᠪᠠ ᠠᠯᠪᠠᠨ ᠲᠤᠰᠢᠶᠠᠯᠲᠠᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠠᠪᠬᠤ ᠶᠢ ᠴᠢᠩᠭ᠎ᠠ ᠴᠠᠭᠠᠵᠠᠯᠠᠨ᠎ᠠ        ᠥᠩᠭᠡᠷᠡᠭᠰᠡᠨ ᠵᠢᠯ ᠤᠳ ᠤᠨ ᠬᠢᠨᠠᠨ ᠪᠤᠳᠤᠬᠤ ᠳᠤᠭᠤᠶᠢᠯᠠᠩ ᠤᠨ ᠬᠢᠨᠠᠨ ᠪᠠᠶᠢᠴᠠᠭᠠᠬᠤ ᠱᠠᠭᠠᠷᠳᠠᠯᠭ᠎ᠠ ᠶᠢ ᠦᠨᠳᠦᠰᠦᠯᠡᠨ᠂ ᠨᠠᠰᠤ ᠪᠠᠷᠠᠭᠰᠠᠨ ᠬᠦᠮᠦᠨ᠂ ᠠᠯᠪᠠᠨ ᠲᠤᠰᠢᠶᠠᠯᠲᠠᠨ ᠤ ︽ᠪᠦᠬᠦᠨ ᠳᠤ ᠲᠣᠬᠢᠷᠠᠬᠤ ᠺᠠᠷᠲ︾᠎ ᠤᠨ ᠲᠠᠩᠰᠠᠨ ᠡᠷᠦᠬᠡ ᠳᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠲᠠᠷᠬᠠᠭᠠᠵᠤ ᠪᠣᠯᠬᠤ ᠦᠭᠡᠢ᠃ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠵᠢᠯ ᠪᠦᠷᠢ ᠪᠣᠳᠠᠲᠠᠢ ᠲᠠᠷᠬᠠᠭᠠᠬᠤ ᠦᠶ᠎ᠡ ᠳᠤ᠂ ᠨᠢᠭᠡᠨᠲᠡ ᠠᠯᠪᠠᠨ ᠲᠤᠰᠢᠶᠠᠯ ᠳᠤ ᠣᠷᠣᠭᠰᠠᠨ ᠪᠤᠶᠤ ᠨᠢᠭᠡᠨᠲᠡ ᠨᠠᠰᠤ ᠪᠠᠷᠠᠭᠰᠠᠨ ᠵᠣᠭᠤᠰ ᠠᠪᠬᠤ ᠶᠣᠰᠣᠲᠠᠢ ᠬᠥᠮᠥᠰ ᠲᠤ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠬᠦ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠷᠬᠠᠭᠠᠬᠤ ᠡᠰᠡᠬᠦ ᠰᠠᠨᠠᠯ ᠭᠠᠷᠭᠠᠵᠤ᠂ ᠲᠣᠰ ᠰᠠᠨᠠᠯ ᠳᠤ ᠨᠠᠰᠤ ᠪᠠᠷᠠᠭᠰᠠᠨ ᠪᠠ ᠠᠵᠢᠯ ᠳᠤ ᠣᠷᠣᠭᠰᠠᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ ᠪᠡᠯᠡ ᠮᠥᠩᠭᠦ ᠣᠯᠭᠤᠬᠤ ᠬᠠᠷᠢᠴᠠᠯ ᠢ ᠲᠣᠭᠲᠠᠭᠠᠬᠤ ᠶᠢᠨ ᠬᠠᠮᠲᠤ᠂ ᠨᠠᠰᠤ ᠪᠠᠷᠠᠭᠰᠠᠨ ᠬᠦᠮᠦᠨ ᠤ ᠵᠠᠯᠭᠠᠮᠵᠢᠯᠠᠵᠤ ᠭᠥᠷᠳᠡᠬᠦ ᠬᠥᠮᠥᠨ ᠢ ᠲᠣᠳᠣᠷᠬᠠᠶᠢᠯᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠠᠷᠭᠠᠭᠰᠠᠨ ᠲᠠᠷᠬᠠᠭᠠᠬᠤ ᠰᠠᠨᠠᠯ ᠶᠣᠰᠣᠭᠠᠷ᠂ ᠨᠠᠰᠤ ᠪᠠᠷᠠᠭᠰᠠᠳ ᠪᠠ ᠠᠯᠪᠠᠨ ᠲᠤᠰᠢᠶᠠᠯᠲᠠᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢᠨ ᠵᠦᠢᠯᠡᠰ ᠢ ᠰᠢᠢᠳᠪᠦᠷᠢᠯᠡᠨ᠎ᠡ᠃        2021 ᠣᠨ ᠤ 1 ᠰᠠᠷ᠎ᠠ ᠶᠢᠨ 1᠎ ᠤ ᠡᠳᠦᠷ ᠠᠴᠠ 2025 ᠣᠨ ᠤ 12 ᠰᠠᠷ᠎ᠠ ᠶᠢᠨ 31᠎ ᠤ ᠡᠳᠦᠷ ᠪᠣᠯᠲᠠᠯᠠᠬᠢ ᠬᠤᠭᠤᠴᠠᠭᠠᠨ ᠳᠤ᠂ ᠨᠤᠲᠤᠭ ᠪᠡᠯᠴᠢᠭᠡᠷ ᠤᠨ ᠳᠠᠭᠠᠭᠠᠴᠢᠯᠠᠭᠴᠢ ᠨᠢ ᠨᠠᠰᠤ ᠪᠠᠷᠠᠭᠰᠠᠨ ᠪᠤᠶᠤ ᠳᠠᠭᠠᠭᠠᠴᠢᠯᠠᠭᠴᠢ ᠶᠢᠨ ᠪᠡᠶ᠎ᠡ ᠶᠢᠨ ᠭᠠᠷᠤᠯ ᠨᠢ ᠠᠯᠪᠠᠨ ᠲᠤᠰᠢᠶᠠᠯᠲᠠᠨ ᠪᠣᠯᠤᠭᠰᠠᠨ ᠪᠠᠶᠢᠳᠠᠯ ᠭᠠᠷᠪᠠᠯ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶᠎ ᠤ ᠵᠥᠪᠯᠡᠯ ᠴᠠᠭ ᠲᠤᠬᠠᠢ ᠳᠤᠨᠢ ᠰᠤᠮᠤ ᠪᠠᠯᠭᠠᠰᠤ ᠶᠢᠨ ᠵᠠᠰᠠᠭ ᠤᠨ ᠣᠷᠳᠣᠨ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶᠎ ᠢ ᠬᠤᠪᠢᠷᠠᠭᠤᠯᠬᠤ ᠪᠠᠷ ᠭᠤᠶᠤᠴᠢᠯᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠢᠨ᠎ᠡ ᠪᠠᠷ ᠭᠦᠢᠴᠡᠳᠬᠡᠭᠰᠡᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠶᠣᠰᠣᠭᠠᠷ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠨ᠎ᠠ᠃ ᠬᠡᠷᠪᠡ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶᠎ ᠢ ᠬᠤᠪᠢᠷᠠᠭᠤᠯᠬᠤ ᠶᠢ ᠰᠠᠭᠠᠲᠠᠭᠠᠭᠰᠠᠨ ᠠᠴᠠ ᠪᠣᠯᠵᠤ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠠᠳᠡᠭᠦᠦ ᠣᠯᠭᠤᠭᠰᠠᠨ ᠪᠠᠶᠢᠳᠠᠯ ᠭᠠᠷᠪᠠᠯ᠂ ᠰᠠᠭᠠᠲᠠᠭᠠᠭᠰᠠᠨ ᠭᠤᠣᠯ ᠴᠣᠭᠴᠠ ᠨᠢ ᠪᠥᠬᠦ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠠᠳᠡᠭᠦᠦ ᠲᠠᠷᠬᠠᠭᠠᠭᠰᠠᠨ ᠪᠡᠯᠡ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠶᠢ ᠬᠠᠷᠢᠭᠤᠴᠠᠨ᠎ᠠ᠃ ᠪᠣᠳᠠᠲᠠᠢ ᠱᠠᠭᠠᠷᠳᠠᠯᠭ᠎ᠠ ᠨᠢ ᠳᠣᠣᠷᠠᠬᠢ ᠮᠡᠲᠦ᠄        1. ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠶᠢ ᠰᠢᠨ᠎ᠡ ᠳᠠᠭᠠᠭᠠᠴᠢᠯᠠᠭᠴᠢ ᠪᠣᠯᠭᠠᠨ ᠬᠤᠪᠢᠷᠠᠭᠤᠯᠬᠤ᠄ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠳᠡᠭᠡᠷ᠎ᠡ ᠪᠤᠰᠤᠳ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠪᠠᠶᠢᠬᠤ ᠶᠢ ᠢᠯᠡᠷᠡᠭᠦᠯᠵᠦ᠂ ᠳᠠᠭᠠᠭᠠᠴᠢᠯᠠᠭᠴᠢ ᠨᠢ ᠨᠠᠰᠤ ᠪᠠᠷᠠᠭᠰᠠᠨ ᠪᠤᠶᠤ ᠳᠠᠭᠠᠭᠠᠴᠢᠯᠠᠭᠴᠢ ᠶᠢᠨ ᠪᠡᠶ᠎ᠡ ᠭᠡᠮ ᠨᠢ ᠠᠯᠪᠠᠨ ᠲᠤᠰᠢᠶᠠᠯᠲᠠᠨ ᠪᠣᠯᠤᠭᠰᠠᠨ ᠪᠠᠶᠢᠪᠠᠯ᠂ ᠳᠠᠭᠠᠭᠠᠴᠢᠯᠠᠭᠤᠯᠤᠭᠴᠢ ᠨᠢ ᠲᠤᠰ ᠡᠷᠦᠭᠡ ᠶᠢᠨ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠶᠢ ᠰᠢᠨ᠎ᠡ ᠳᠠᠭᠠᠭᠠᠴᠢᠯᠠᠭᠴᠢ ᠪᠣᠯᠭᠠᠨ ᠬᠤᠪᠢᠷᠠᠭᠤᠯᠵᠤ᠂ ᠲᠤᠰ ᠡᠷᠦᠭᠡ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠰᠢᠨ᠎ᠡ ᠳᠠᠭᠠᠭᠠᠴᠢᠯᠠᠭᠴᠢ ᠳᠤ ᠣᠯᠭᠤᠨ᠎ᠠ᠃        2. ᠨᠤᠲᠤᠭ ᠪᠡᠯᠴᠢᠭᠡᠷ ᠢ ᠨᠢ ᠬᠤᠷᠢᠶᠠᠨ ᠠᠪᠴᠤ ᠬᠤᠯᠪᠣᠭᠠᠯᠠᠭᠰᠠᠨ ᠡᠷᠤᠭᠡ ᠳᠤ ᠰᠢᠯᠵᠢᠭᠦᠯᠦᠨ ᠳᠠᠭᠠᠭᠠᠴᠢᠯᠠᠨ ᠡᠵᠡᠩᠨᠡᠭᠦᠯᠬᠦ᠄ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠳᠡᠭᠡᠷ᠎ᠡ ᠪᠤᠰᠤᠳ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠪᠠᠶᠢᠬᠤ ᠦᠭᠡᠢ ᠭᠡᠵᠦ ᠢᠯᠡᠷᠡᠵᠦ᠂ ᠳᠠᠭᠠᠭᠠᠴᠢᠯᠠᠭᠴᠢ ᠨᠢ ᠨᠠᠰᠤ ᠪᠠᠷᠠᠭᠰᠠᠨ ᠪᠤᠶᠤ ᠳᠠᠭᠠᠭᠠᠴᠢᠯᠠᠭᠴᠢ ᠶᠢᠨ ᠪᠡᠶ᠎ᠡ ᠬᠡᠮ ᠨᠢ ᠠᠯᠪᠠᠨ ᠲᠤᠰᠢᠶᠠᠯᠲᠠᠨ ᠪᠣᠯᠤᠭᠰᠠᠨ ᠪᠠᠶᠢᠪᠠᠯ᠂ ᠳᠠᠭᠠᠭᠠᠴᠢᠯᠠᠭᠤᠯᠤᠭᠴᠢ ᠨᠢ ᠲᠣᠰ ᠨᠤᠲᠤᠭ ᠪᠡᠯᠴᠢᠭᠡᠷ ᠢ ᠬᠤᠷᠢᠶᠠᠨ ᠠᠪᠤᠭᠰᠠᠨ ᠤ ᠳᠠᠷᠠᠭ᠎ᠠ ᠬᠤᠯᠪᠣᠭᠠᠯᠠᠭᠰᠠᠨ ᠡᠷᠦᠬᠡ ᠳᠤ ᠰᠢᠯᠵᠢᠭᠦᠯᠦᠨ ᠳᠠᠭᠠᠭᠠᠴᠢᠯᠠᠨ ᠡᠵᠡᠩᠨᠡᠭᠦᠯᠵᠦ᠂ ᠰᠢᠨ᠎ᠡ ᠪᠠᠷ ᠭᠦᠢᠴᠡᠳᠬᠡᠭᠰᠡᠨ ᠬᠤᠯᠪᠣᠭᠠᠯᠠᠭᠰᠠᠨ ᠡᠷᠦᠬᠡ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠶᠣᠰᠣᠭᠠᠷ ᠲᠠᠷᠠᠭᠠᠴᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠳᠤ ᠲᠡᠭᠰᠢᠳᠬᠡᠨ ᠣᠯᠭᠤᠨ᠎ᠠ᠃        3. ᠨᠤᠲᠤᠭ ᠪᠡᠯᠴᠢᠭᠡᠷ ᠢ ᠨᠢ ᠬᠤᠷᠢᠶᠠᠨ ᠠᠪᠴᠤ ᠬᠤᠯᠪᠣᠭᠠᠯᠠᠭᠰᠠᠨ ᠡᠷᠦᠭᠡ ᠳᠤ ᠰᠢᠯᠵᠢᠭᠦᠯᠦᠨ ᠳᠠᠭᠠᠭᠠᠴᠢᠯᠠᠨ ᠡᠵᠡᠩᠨᠡᠭᠦᠯᠦᠭᠰᠡᠨ ᠦᠭᠡᠢ᠄ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠳᠡᠭᠡᠷ᠎ᠡ ᠪᠤᠰᠤᠳ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠪᠠᠶᠢᠬᠤ ᠦᠭᠡᠢ ᠭᠡᠵᠦ ᠢᠯᠡᠷᠡᠵᠦ᠂ ᠳᠠᠭᠠᠭᠠᠴᠢᠯᠠᠭᠴᠢ ᠨᠢ ᠨᠠᠰᠤ ᠪᠠᠷᠠᠭᠰᠠᠨ ᠪᠤᠶᠤ ᠳᠠᠭᠠᠭᠠᠴᠢᠯᠠᠭᠴᠢ ᠶᠢᠨ ᠪᠡᠶ᠎ᠡ ᠶᠢᠨ ᠭᠠᠷᠤᠯ ᠨᠢ ᠠᠯᠪᠠᠨ ᠲᠤᠰᠢᠶᠠᠯᠲᠠᠨ ᠪᠣᠯᠵᠤ᠂ ᠳᠠᠭᠠᠭᠠᠴᠢᠯᠠᠭᠤᠯᠤᠭᠴᠢ ᠨᠢ ᠲᠣᠰ ᠨᠤᠲᠤᠭ ᠪᠡᠯᠴᠢᠭᠡᠷ ᠢ ᠬᠤᠷᠢᠶᠠᠨ ᠠᠪᠤᠭᠰᠠᠨ ᠤ ᠳᠠᠷᠠᠭ᠎ᠠ ᠬᠤᠯᠪᠣᠭᠠᠯᠠᠭᠰᠠᠨ ᠡᠷᠦᠬᠡ ᠳᠤ ᠰᠢᠯᠵᠢᠭᠦᠯᠦᠨ ᠳᠠᠭᠠᠭᠠᠴᠢᠯᠠᠨ ᠡᠵᠡᠩᠨᠡᠭᠦᠯᠦᠭᠰᠡᠨ ᠦᠭᠡᠢ ᠪᠣᠯ᠂ ᠨᠤᠲᠤᠭ ᠪᠡᠯᠴᠢᠭᠡᠷ ᠤᠨ ᠳᠠᠭᠠᠭᠠᠴᠢᠯᠠᠭᠴᠢ ᠶᠢᠨ ᠨᠠᠰᠤ ᠪᠠᠷᠠᠭᠰᠠᠨ ᠡᠳᠦᠷ ᠪᠤᠶᠤ ᠳᠠᠭᠠᠭᠠᠴᠢᠯᠠᠭᠴᠢ ᠶᠢᠨ ᠪᠡᠶ᠎ᠡ ᠶᠢᠨ ᠭᠠᠷᠤᠯ ᠨᠢ ᠠᠯᠪᠠᠨ ᠲᠤᠰᠢᠶᠠᠯᠲᠠᠨ ᠪᠣᠯᠤᠭᠰᠠᠨ ᠡᠳᠦᠷ ᠠᠴᠠ ᠡᠬᠢᠯᠡᠨ ᠲᠠᠷᠠᠭᠠᠴᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠣᠯᠭᠤᠬᠤ ᠶᠢ ᠵᠣᠭᠰᠣᠭᠠᠨ᠎ᠠ᠃        4. ᠨᠤᠲᠤᠭ ᠪᠡᠯᠴᠢᠭᠡᠷ ᠢ ᠨᠢ ᠬᠤᠷᠢᠶᠠᠨ ᠠᠪᠤᠭᠰᠠᠨ ᠤ ᠲᠡᠷᠠᠭ᠎ᠠ ᠲᠡᠬᠢᠵᠦ ᠪᠤᠰᠤᠳ ᠬᠦᠮᠦᠨ ᠳᠤ ᠳᠠᠭᠠᠭᠠᠴᠢᠯᠠᠭᠤᠯᠬᠤ᠄ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠳᠡᠭᠡᠷ᠎ᠡ ᠪᠤᠰᠤᠳ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠪᠠᠶᠢᠬᠤ ᠦᠭᠡᠢ ᠭᠡᠵᠦ ᠢᠯᠡᠷᠡᠵᠦ᠂ ᠳᠠᠭᠠᠭᠠᠴᠢᠯᠠᠭᠴᠢ ᠨᠢ ᠨᠠᠰᠤ ᠪᠠᠷᠠᠭᠰᠠᠨ ᠪᠤᠶᠤ ᠳᠠᠭᠠᠭᠠᠴᠢᠯᠠᠭᠴᠢ ᠶᠢᠨ ᠪᠡᠶ᠎ᠡ ᠶᠢᠨ ᠭᠠᠷᠤᠯ ᠨᠢ ᠠᠯᠪᠠᠨ ᠲᠤᠰᠢᠶᠠᠯᠲᠠᠨ ᠪᠣᠯᠤᠭᠰᠠᠨ ᠪᠠᠶᠢᠪᠠᠯ᠂ ᠳᠠᠭᠠᠭᠠᠴᠢᠯᠠᠭᠤᠯᠤᠭᠴᠢ ᠨᠢ ᠲᠣᠰ ᠨᠤᠲᠤᠭ ᠪᠡᠯᠴᠢᠭᠡᠷ ᠢ ᠬᠤᠷᠢᠶᠠᠨ ᠠᠪᠤᠭᠰᠠᠨ ᠤ ᠳᠠᠷᠠᠭ᠎ᠠ ᠳᠠᠭᠢᠵᠤ ᠪᠤᠰᠤᠳ ᠬᠦᠮᠦᠨ ᠳᠤ ᠳᠠᠭᠠᠭᠠᠴᠢᠯᠠᠭᠤᠯᠤᠨ ᠥᠭᠴᠦ᠂ ᠰᠢᠨ᠎ᠡ ᠳᠠᠭᠠᠭᠠᠴᠢᠯᠠᠭᠴᠢ ᠶᠢᠨ ᠨᠡᠷ᠎ᠡ ᠳᠡᠭᠡᠷᠡᠬᠢ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶᠎ ᠤᠨ ᠳᠠᠭᠠᠭᠠᠴᠢᠯᠠᠭᠰᠠᠨ ᠡᠬᠢᠯᠡᠯᠲᠡ ᠶᠢᠨ ᠡᠳᠦᠷ ᠬᠤᠭᠤᠴᠠᠭ᠎ᠠ ᠪᠠᠷ ᠲᠠᠷᠠᠭᠠᠴᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠣᠯᠭᠤᠬᠤ ᠶᠢᠨ ᠬᠠᠮᠲᠤ᠂ ᠳᠠᠭᠠᠭᠠᠴᠢᠯᠠᠭᠰᠠᠨ ᠡᠬᠢᠯᠡᠯᠲᠡ ᠶᠢᠨ ᠡᠳᠦᠷ ᠬᠤᠭᠤᠴᠠᠭ᠎ᠠ ᠪᠠᠷ ᠲᠤᠬᠠᠢ ᠶᠢᠨ ᠵᠢᠯ ᠤᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠭᠥᠷᠳᠡᠬᠦ ᠬᠠᠷᠢᠴᠠᠯ ᠢ ᠲᠣᠭᠲᠠᠭᠠᠵᠤ᠂ ᠳᠠᠭᠠᠭᠠᠴᠢᠯᠠᠭᠰᠠᠨ ᠡᠬᠢᠯᠡᠯᠲᠡ ᠶᠢᠨ ᠡᠳᠦᠷ ᠠᠴᠠ ᠡᠮᠦᠨᠡᠬᠢ ᠨᠦᠬᠦᠪᠦᠷᠢ ᠮᠥᠩᠭᠦ ᠶᠢ ᠣᠯᠭᠤᠬᠤ ᠦᠭᠡᠢ᠃        ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠬᠥᠮᠥᠰ ᠢ ᠠᠯᠪᠠᠨ ᠲᠤᠰᠢᠶᠠᠯᠲᠠᠨ ᠢᠶᠠᠷ ᠵᠠᠭᠠᠭᠯᠠᠨ ᠲᠣᠭᠲᠠᠭᠠᠵᠤ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠶᠠᠮᠠᠷᠪᠠ ᠬᠡᠯᠪᠡᠷᠢ ᠪᠠᠷ ᠠᠪᠴᠤ ᠪᠣᠯᠬᠤ ᠦᠭᠡᠢ᠃ ᠵᠥᠪᠬᠡᠨ ᠡᠳ᠋ ᠤᠨ ᠵᠠᠰᠠᠭ ᠠᠴᠠ ︽ᠭᠠᠴᠠᠭᠠᠨ ᠤ ᠺᠠᠳ᠋ᠷ ᠤᠨ ᠲᠣᠭᠲᠠᠮᠠᠯ ᠬᠥᠯᠥᠰᠦ ᠣᠯᠭᠤᠮᠵᠢ ᠪᠠ ᠠᠵᠢᠯ ᠰᠠᠭᠠᠲᠠᠭᠰᠠᠨ ᠨᠥᠬᠦᠪᠦᠷᠢ ᠮᠥᠩᠭᠦ︾᠂ ︽ᠨᠥᠭᠴᠢᠭᠰᠡᠳ ᠤᠨ ᠭᠡᠷ ᠪᠦᠯᠢ ᠶᠢᠨ ᠨᠥᠬᠦᠪᠦᠷᠢ︾ ︽ᠭᠤᠷᠪᠠ ᠶᠢ ᠲᠤᠰᠠᠯᠠᠵᠤ ᠨᠢᠭᠡ ᠶᠢ ᠳᠡᠮᠵᠢᠬᠦ ᠪᠠ ᠨᠡᠶᠢᠭᠡᠮ ᠲᠣᠭᠤᠷᠢᠭ ᠤᠨ ᠠᠵᠢᠯᠲᠠᠳ ᠤᠨ ᠠᠮᠢᠳᠤᠷᠠᠯ ᠪᠠ ᠵᠠᠮ ᠬᠠᠷᠢᠯᠴᠠᠭᠠᠨ ᠤ ᠨᠥᠬᠦᠪᠦᠷᠢ︾ ᠠᠪᠴᠤ ᠪᠠᠶᠢᠭ᠎ᠠ ᠭᠤᠷᠪᠠᠨ ᠲᠥᠷᠥᠯ ᠤᠨ ᠬᠥᠮᠥᠰ ᠢ ᠠᠯᠪᠠᠨ ᠲᠤᠰᠢᠶᠠᠯᠲᠠᠨ ᠢᠶᠠᠷ ᠵᠠᠭᠠᠭᠯᠠᠨ ᠲᠣᠭᠲᠠᠭᠠᠬᠤ ᠦᠭᠡᠢ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠣᠯᠬᠤ ᠶᠢ ᠵᠥᠪᠰᠢᠶᠡᠷᠡᠨ᠎ᠡ᠃ ᠡᠶᠢᠮᠦᠷᠬᠦ ᠪᠠᠶᠢᠳᠠᠯ ᠠᠴᠠ ᠭᠠᠳᠠᠨᠠᠬᠢ ᠪᠤᠰᠤᠳ ᠪᠠᠶᠢᠳᠠᠯ ᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠰᠢᠨ᠎ᠡ ᠪᠠᠷᠭᠤ ᠪᠠᠷᠠᠭᠤᠨ ᠬᠤᠰᠢᠭᠤᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠵᠦ᠂ ᠤᠳᠤᠷᠢᠳᠬᠤ ᠳᠤᠭᠤᠶᠢᠯᠠᠩ ᠠᠴᠠ ᠰᠤᠳᠤᠯᠤᠨ ᠲᠣᠭᠲᠠᠭᠠᠨ᠎ᠠ᠃        ︵ᠬᠤᠶᠠᠷ︶ ᠨᠢᠭᠡᠨᠲᠡ ᠲᠠᠲᠠᠪᠤᠷᠢᠯᠠᠨ ᠬᠡᠷᠡᠭᠯᠡᠭᠳᠡᠭᠰᠡᠨ ᠨᠤᠲᠤᠭ ᠪᠡᠯᠴᠢᠭᠡᠷ ᠲᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠣᠯᠭᠤᠵᠤ ᠪᠣᠯᠬᠤ ᠦᠭᠡᠢ        2021 ᠣᠨ ᠤ 1 ᠰᠠᠷ᠎ᠠ ᠶᠢᠨ 1᠎ ᠤ ᠡᠳᠦᠷ ᠠᠴᠠ 2025 ᠣᠨ ᠤ 12 ᠰᠠᠷ᠎ᠠ ᠪᠣᠯᠲᠠᠯᠠᠬᠢ ᠬᠤᠭᠤᠴᠠᠭᠠᠨ ᠳᠤ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ᠂ ᠵᠠᠰᠠᠮᠠᠯ ᠵᠠᠮ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠵᠢᠴᠢ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠪᠤᠰᠤᠳ ᠪᠠᠶᠢᠳᠠᠯ ᠭᠠᠷᠪᠠᠯ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶᠎ ᠤ ᠵᠥᠪᠯᠡᠯ ᠪᠠ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶᠎ ᠢ ᠬᠤᠪᠢᠷᠠᠭᠤᠯᠬᠤ ᠪᠠᠷ ᠳᠠᠷᠤᠶᠢᠬᠠᠨ ᠭᠤᠶᠤᠴᠢᠯᠠᠵᠤ᠂ ᠨᠢᠭᠡᠨᠲᠡ ᠲᠠᠲᠠᠪᠤᠷᠢᠯᠠᠨ ᠬᠡᠷᠡᠭᠯᠡᠭᠰᠡᠨ ᠨᠤᠲᠤᠭ ᠪᠡᠯᠴᠢᠭᠡᠷ ᠤᠨ ᠲᠠᠯᠠᠪᠠᠢ ᠶᠢ ᠬᠢᠨᠠᠨ ᠬᠠᠰᠤᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠢᠨ᠎ᠡ ᠪᠠᠷ ᠭᠦᠢᠴᠡᠳᠬᠡᠭᠰᠡᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠶᠣᠰᠣᠭᠠᠷ᠂ ᠳᠠᠷᠠᠭᠠᠴᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠨ᠎ᠠ᠃ ᠬᠡᠷᠪᠡ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶᠎ ᠢ ᠬᠤᠪᠢᠷᠠᠭᠤᠯᠬᠤ ᠶᠢ ᠰᠠᠭᠠᠲᠠᠭᠠᠭᠰᠠᠨ ᠠᠴᠠ ᠪᠣᠯᠵᠤ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠢᠯᠡᠭᠦᠦ ᠣᠯᠭᠤᠬᠤ ᠪᠠ ᠠᠳᠡᠭᠦᠦ ᠣᠯᠭᠤᠬᠤ ᠪᠠᠶᠢᠳᠠᠯ ᠭᠠᠷᠪᠠᠯ᠂ ᠰᠠᠭᠠᠲᠠᠭᠠᠭᠰᠠᠨ ᠭᠤᠣᠯ ᠴᠣᠭᠴᠠ ᠨᠢ ᠪᠥᠬᠦ ᠬᠠᠷᠢᠭᠤᠴᠠᠯᠭ᠎ᠠ ᠶᠢ ᠡᠭᠦᠷᠭᠡᠯᠡᠨ᠎ᠡ᠃        ︵ᠭᠤᠷᠪᠠ︶ ᠤᠢ ᠰᠢᠭᠤᠢ ᠪᠠ ᠨᠤᠲᠤᠭ ᠪᠡᠯᠴᠢᠭᠡᠷ ᠳᠠᠪᠬᠤᠴᠠᠭᠰᠠᠨ ᠣᠷᠣᠨ ᠤ ᠨᠦᠬᠦᠪᠦᠷᠢ ᠱᠠᠩᠨᠠᠯ ᠤᠨ ᠮᠥᠩᠭᠦ ᠬᠢᠭᠡᠳ ᠨᠡᠶᠢᠳᠡ ᠶᠢᠨ ᠠᠰᠠᠷᠠᠮᠵᠢ ᠶᠢᠨ ᠤᠢ ᠶᠢᠨ ᠨᠥᠬᠦᠪᠦᠷᠢ ᠮᠦᠩᠭᠦ ᠶᠢ ᠳᠠᠪᠬᠤᠷ ᠣᠯᠭᠤᠵᠤ ᠪᠣᠯᠬᠤ ᠦᠭᠡᠢ        ︽ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠥᠯ ︵2021 ︱ 2025 ᠣᠨ︶︾ ︵ᠬᠦᠯᠦᠨ ᠵᠠᠰᠠᠭ ᠠᠯᠪᠠᠨ ᠲᠠᠷᠬᠠᠭᠠᠭᠰᠠᠨ ﹇2022﹈ 18 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠦᠷᠢᠶ᠎ᠡ ᠬᠡᠪᠴᠢᠶᠡᠨ ᠳᠤ ᠣᠶ ᠰᠢᠭᠤᠢ ᠨᠤᠲᠤᠭ ᠪᠡᠯᠴᠢᠭᠡᠷ ᠳᠠᠪᠬᠤᠴᠠᠭᠰᠠᠨ ᠣᠷᠣᠨ ᠪᠦᠰᠡ ᠳᠤ ᠨᠦᠬᠦᠪᠦᠷᠢ ᠱᠠᠩᠨᠠᠯ ᠤᠨ ᠮᠥᠩᠭᠦ ᠶᠢ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠦᠷᠢ ᠯᠦᠭᠡ ᠳᠠᠪᠬᠤᠷ ᠣᠯᠭᠤᠵᠤ ᠪᠣᠯᠬᠤ ᠦᠭᠡᠢ᠂ ᠮᠠᠯᠴᠢᠳ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠮᠥᠩᠭᠦ ᠪᠤᠶᠤ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠦᠷᠢ ᠤᠨ ᠨᠢᠭᠡ ᠶᠢ ᠦᠪᠡᠷᠲᠡᠭᠡᠨ ᠰᠣᠩᠭᠤᠨ ᠠᠪᠴᠤ ᠪᠣᠯᠣᠨ᠎ᠠ᠃ 2021 ᠣᠨ ᠤ 1 ᠰᠠᠷ᠎ᠠ ᠶᠢᠨ 1᠎ ᠤ ᠡᠳᠦᠷ ᠠᠴᠠ 2025 ᠣᠨ ᠤ 12 ᠰᠠᠷ᠎ᠠ ᠶᠢᠨ 31᠎ ᠤ ᠡᠳᠦᠷ ᠪᠣᠯᠲᠠᠯᠠᠬᠢ ᠬᠤᠭᠤᠴᠠᠭᠠᠨ ᠳᠤ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠬᠢᠭᠡᠳ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠦᠷᠢ ᠶᠢ ᠳᠠᠪᠬᠤᠷ ᠣᠯᠭᠤᠭᠰᠠᠨ ᠪᠠᠶᠢᠳᠠᠯ ᠢ ᠬᠢᠨᠠᠨ ᠬᠠᠷᠭᠤᠭᠤᠯᠬᠤ ᠶᠢᠨ ᠬᠠᠮᠲᠤ᠂ ᠵᠢᠯ ᠪᠦᠷᠢ ᠨᠠᠷᠢᠨ ᠲᠠᠩᠰᠠ ᠶᠢ ᠮᠡᠳᠡᠭᠦᠯᠦᠨ ᠬᠦᠷᠭᠡᠬᠦ ᠦᠶ᠎ᠡ ᠳᠤ ᠳᠠᠪᠬᠤᠷ ᠣᠯᠭᠤᠭᠰᠠᠨ ᠪᠠᠶᠢᠳᠠᠯ ᠣᠷᠣᠰᠢᠵᠤ ᠪᠠᠶᠢᠬᠤ ᠡᠰᠡᠬᠦ ᠶᠢ ᠲᠣᠳᠣᠷᠬᠠᠶᠢᠯᠠᠬᠤ ᠬᠡᠷᠡᠭᠲᠡᠢ᠃ ᠬᠡᠷᠪᠡ ᠳᠠᠪᠬᠤᠴᠠᠨ ᠲᠠᠷᠬᠠᠭᠠᠭᠰᠠᠨ ᠪᠠᠶᠢᠳᠠᠯ ᠭᠠᠷᠪᠠᠯ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠳᠡᠭᠦᠦ ᠲᠠᠷᠬᠠᠭᠠᠭᠰᠠᠨ ᠪᠡᠯᠡ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠶᠢ ᠬᠠᠷᠢᠭᠤᠴᠠᠨ᠎ᠠ᠃        ︵ᠳᠥᠷᠪᠡ︶ ᠲᠠᠷᠢᠶᠠᠨ ᠭᠠᠵᠠᠷ ᠪᠠ ᠨᠤᠲᠤᠭ ᠪᠡᠯᠴᠢᠭᠡᠷ ᠳᠠᠪᠬᠤᠴᠠᠭᠰᠠᠨ ᠣᠷᠣᠨ ᠳᠤ ᠨᠦᠬᠦᠪᠦᠷᠢ ᠱᠠᠩᠨᠠᠯ ᠤᠨ ᠮᠥᠩᠭᠦ ᠬᠢᠭᠡᠳ ᠠᠮᠤ ᠪᠤᠳᠠᠭ᠎ᠠ ᠲᠠᠷᠢᠬᠤ ᠨᠥᠬᠦᠪᠦᠷᠢ ᠶᠢ ᠳᠠᠪᠬᠤᠷ ᠣᠯᠭᠤᠵᠤ ᠪᠣᠯᠬᠤ ᠦᠭᠡᠢ        ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ᠂ ᠲᠠᠷᠢᠶᠠᠨ ᠭᠠᠵᠠᠷ ᠪᠠ ᠨᠤᠲᠤᠭ ᠪᠡᠯᠴᠢᠭᠡᠷ ᠳᠠᠪᠬᠤᠴᠠᠭᠰᠠᠨ ᠣᠷᠣᠨ ᠳᠤ ᠬᠤᠯᠪᠣᠭᠳᠠᠬᠤ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠮᠥᠩᠭᠦ ᠶᠢ ᠠᠮᠤ ᠪᠤᠳᠠᠭ᠎ᠠ ᠲᠡᠷᠢᠬᠤ ᠨᠥᠬᠦᠪᠦᠷᠢ ᠶᠢᠨ ᠪᠡᠯᠡ ᠮᠥᠩᠭᠦ ᠯᠦᠭᠡ ᠳᠠᠪᠬᠤᠷ ᠣᠯᠭᠤᠵᠤ ᠪᠣᠯᠬᠤ ᠦᠭᠡᠢ᠂ ᠮᠠᠯᠴᠢᠳ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠮᠥᠩᠭᠦ ᠪᠤᠶᠤ ᠠᠮᠤ ᠪᠤᠳᠠᠭ᠎ᠠ ᠲᠡᠷᠢᠬᠤ ᠨᠥᠬᠦᠪᠦᠷᠢ ᠮᠥᠩᠭᠦ ᠤᠨ ᠨᠢᠭᠡ ᠶᠢ ᠦᠪᠡᠷᠲᠡᠭᠡᠨ ᠰᠣᠩᠭᠤᠨ ᠠᠪᠴᠤ ᠪᠣᠯᠣᠨ᠎ᠠ᠃ 2021 ᠣᠨ ᠤ 1 ᠰᠠᠷ᠎ᠠ ᠶᠢᠨ 1᠎ ᠤ ᠡᠳᠦᠷ ᠠᠴᠠ 2025 ᠣᠨ ᠤ 12 ᠰᠠᠷ᠎ᠠ ᠶᠢᠨ 31᠎ ᠤ ᠡᠳᠦᠷ ᠪᠣᠯᠲᠠᠯᠠᠬᠢ ᠬᠤᠭᠤᠴᠠᠭᠠᠨ ᠳᠤ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠲᠤᠭ ᠪᠡᠯᠴᠢᠭᠡᠷ ᠤᠨ ᠨᠥᠬᠦᠪᠦᠷᠢ ᠶᠢᠨ ᠱᠠᠩᠨᠠᠯ ᠤᠨ ᠮᠥᠩᠭᠦ ᠬᠢᠭᠡᠳ ᠠᠮᠤ ᠪᠤᠳᠠᠭ᠎ᠠ ᠳᠠᠷᠢᠬᠤ ᠨᠥᠬᠦᠪᠦᠷᠢ ᠮᠥᠩᠭᠦ ᠶᠢ ᠳᠠᠪᠬᠤᠷ ᠣᠯᠭᠤᠭᠰᠠᠨ ᠪᠠᠶᠢᠳᠠᠯ ᠢ ᠬᠢᠨᠠᠨ ᠬᠠᠷᠭᠤᠭᠤᠯᠬᠤ ᠶᠢᠨ ᠬᠠᠮᠲᠤ᠂ ᠵᠢᠯ ᠪᠦᠷᠢ ᠨᠠᠷᠢᠨ ᠲᠠᠩᠰᠠ ᠪᠠᠨ ᠮᠡᠳᠡᠭᠦᠯᠦᠨ ᠬᠦᠷᠭᠡᠬᠦ ᠦᠶ᠎ᠡ ᠳᠤ ᠳᠠᠪᠬᠤᠷ ᠣᠯᠭᠤᠭᠰᠠᠨ ᠪᠠᠶᠢᠳᠠᠯ ᠣᠷᠣᠰᠢᠵᠤ ᠪᠠᠶᠢᠬᠤ ᠡᠰᠡᠬᠦ ᠶᠢ ᠲᠣᠳᠣᠷᠬᠠᠶᠢᠯᠠᠬᠤ ᠬᠡᠷᠡᠭᠲᠡᠢ᠃ ᠬᠡᠷᠪᠡ ᠳᠠᠪᠬᠤᠴᠠᠨ ᠲᠠᠷᠬᠠᠭᠠᠭᠰᠠᠨ ᠪᠠᠶᠢᠳᠠᠯ ᠭᠠᠷᠪᠠᠯ᠂ ᠬᠠᠮᠢᠶ᠎ᠠ ᠪᠦᠬᠦᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠠᠳᠡᠭᠦᠦ ᠲᠠᠷᠬᠠᠭᠠᠭᠰᠠᠨ ᠪᠡᠯᠡ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠶᠢ ᠬᠠᠷᠢᠭᠤᠴᠠᠨ᠎ᠠ᠃        ︵ᠲᠠᠪᠤ︶ ᠵᠡᠭᠡᠷ᠎ᠡ ᠶᠢᠨ ᠬᠠᠮᠠᠭᠠᠯᠠᠯᠲᠠ ᠶᠢᠨ ᠣᠷᠣᠨ ᠤ ᠪᠡᠯᠡ ᠮᠥᠩᠭᠦ ᠲᠠᠷᠬᠠᠭᠠᠬᠤ ᠱᠠᠭᠠᠷᠳᠠᠯᠭ᠎ᠠ        ᠰᠢᠨ᠎ᠡ ᠪᠠᠷᠭᠤ ᠵᠡᠭᠡᠷ᠎ᠡ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠨᠤᠲᠤᠭ ᠪᠡᠯᠴᠢᠭᠡᠷ ᠲᠤ ᠬᠤᠯᠪᠣᠭᠳᠠᠭᠰᠠᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠵᠢᠯ ᠪᠦᠷᠢ ᠶᠢᠨ 12 ᠰᠠᠷ᠎ᠠ ᠳᠤ ᠡᠳ᠋ ᠤᠨ ᠵᠠᠰᠠᠭ ᠤᠨ ᠲᠣᠪᠴᠢᠶ᠎ᠠ ᠠᠴᠠ ᠪᠡᠯᠡ ᠮᠥᠩᠭᠦ ᠰᠠᠯᠭᠠᠨ ᠥᠭᠭᠦᠭᠰᠡᠨ ᠤ ᠳᠠᠷᠠᠭ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠠᠩᠰᠠᠨ ᠡᠷᠦᠬᠡ ᠠᠴᠠ ᠰᠢᠨ᠎ᠡ ᠪᠠᠷᠭᠤ ᠵᠡᠭᠡᠷ᠎ᠡ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠲᠠᠩᠰᠠᠨ ᠡᠷᠦᠬᠡ ᠳᠤ ᠰᠢᠭᠤᠳ ᠰᠠᠯᠭᠠᠨ ᠥᠭᠴᠦ᠂ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠠᠭᠠᠯᠠᠯᠲᠠ ᠶᠢᠨ ᠣᠷᠣᠨ ᠤ ᠨᠥᠬᠦᠪᠦᠷᠢ ᠱᠠᠩᠨᠠᠯ ᠤᠨ ᠮᠥᠩᠭᠦ ᠶᠢ ᠨᠢᠭᠡ ᠤᠳᠠᠭ᠎ᠠ ᠶᠢᠨ ᠴᠢᠨᠠᠷᠲᠠᠢ ᠪᠠᠷ ᠲᠠᠷᠬᠠᠭᠠᠨ᠎ᠠ᠃ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ︽ᠪᠦᠬᠦᠨ ᠳᠤ ᠲᠣᠬᠢᠷᠠᠬᠤ ᠺᠠᠷᠲ︾᠎ ᠢᠶᠠᠷ ᠳᠠᠮᠵᠢᠭᠤᠯᠤᠨ ᠰᠢᠨ᠎ᠡ ᠪᠠᠷᠭᠤ ᠵᠡᠭᠡᠷ᠎ᠡ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠤᠯᠪᠣᠭᠳᠠᠬᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠳᠠᠬᠢᠨ ᠲᠠᠷᠬᠠᠭᠠᠬᠤ ᠦᠭᠡᠢ᠃        ︵ᠵᠢᠷᠭᠤᠭ᠎ᠠ︶ ᠱᠠᠩᠨᠠᠵᠤ ᠲᠣᠷᠭᠠᠬᠤ ᠶᠢ ᠬᠤᠯᠪᠣᠯᠳᠤᠭᠤᠯᠬᠤ ᠳᠦᠷᠢᠮ ᠢ ᠪᠠᠶᠢᠭᠤᠯᠤᠨ᠎ᠠ        1. ᠪᠡᠯᠡ ᠮᠥᠩᠭᠦ ᠰᠠᠭᠤᠯᠭᠠᠨ ᠠᠪᠬᠤ ᠲᠡᠰ ᠳᠠᠷᠠᠭᠠᠯᠠᠯ᠄ ᠵᠢᠯ ᠪᠦᠷᠢ ᠶᠢᠨ 10 ᠰᠠᠷ᠎ᠠ ᠠᠴᠠ 11 ᠰᠠᠷ᠎ᠠ ᠶᠢᠨ ᠬᠤᠭᠤᠷᠣᠨᠳᠤ᠂ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢ ᠵᠣᠬᠢᠶᠠᠨ ᠪᠠᠶᠢᠭᠤᠯᠵᠤ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠮᠥᠩᠭᠦ ᠶᠢ ᠰᠠᠭᠤᠯᠭᠠᠨ ᠠᠪᠤᠭᠰᠠᠨ ᠪᠠᠶᠢᠳᠠᠯ ︵ᠪᠡᠯᠴᠢᠭᠡᠷᠯᠡᠭᠦᠯᠬᠦ ᠶᠢ ᠴᠠᠭᠠᠵᠠᠯᠠᠬᠤ ᠨᠦᠬᠦᠪᠦᠷᠢ ᠮᠥᠩᠭᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠤᠨ ᠪᠡᠯᠡ ᠮᠥᠩᠭᠦ᠂ ᠰᠡᠯᠭᠦᠨ ᠮᠠᠯᠵᠢᠬᠤ ᠨᠦᠬᠦᠪᠦᠷᠢ ᠮᠥᠩᠭᠦ ᠪᠠᠭᠲᠠᠨ᠎ᠠ︶᠎ ᠢ ᠬᠢᠨᠠᠨ ᠲᠣᠭᠲᠠᠭᠠᠬᠤ ᠶᠢᠨ ᠬᠠᠮᠲᠤ᠂ 11 ᠰᠠᠷ᠎ᠠ ᠶᠢᠨ ᠰᠡᠭᠦᠯᠴᠢ ᠪᠠᠷ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠨ ᠤ ᠪᠡᠯᠡ ᠮᠥᠩᠭᠦ ᠣᠯᠭᠤᠬᠤ ᠰᠠᠨᠠᠯ ᠭᠠᠷᠭᠠᠵᠤ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠤᠰ ᠰᠠᠨᠠᠯ ᠢ ᠦᠨᠳᠦᠰᠦᠯᠡᠨ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠨ᠎ᠠ᠃ ᠬᠡᠷᠪᠡ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠣᠨ ᠤ ᠪᠡᠯᠡ ᠮᠥᠩᠭᠦ ᠣᠯᠭᠤᠬᠤ ᠰᠠᠨᠠᠯ ᠢᠶᠠᠨ ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ ᠦᠭᠡᠢ ᠠᠴᠠ ᠪᠣᠯᠵᠤ᠂ ᠨᠥᠬᠦᠪᠦᠷᠢ ᠱᠠᠩᠨᠠᠯ ᠤᠨ ᠮᠥᠩᠭᠦ ᠶᠢ ᠬᠤᠶᠢᠰᠢᠯᠠᠭᠤᠯᠤᠨ ᠣᠯᠭᠤᠬᠤ ᠳᠤ ᠬᠦᠷᠦᠭᠦᠯᠦᠭᠰᠡᠨ ᠪᠠᠶᠢᠪᠠᠯ᠂ ᠬᠤᠭᠤᠴᠠᠭ᠎ᠠ ᠬᠡᠲᠦᠷᠡᠭᠦᠯᠦᠭᠰᠡᠨ ᠨᠢᠭᠡᠴᠡ ᠠᠴᠠ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ︵2021 ᠣᠨ ᠤ ᠪᠡᠯᠡ ᠮᠥᠩᠭᠦ ᠣᠯᠭᠤᠬᠤ ᠰᠠᠨᠠᠯ ᠢ ᠭᠠᠷᠭᠠᠬᠤ ᠴᠠᠭ ᠢ ᠠᠰ ᠲᠤᠨᠢ ᠮᠡᠳᠡᠭᠳᠡᠨ᠎ᠡ︶᠃       2. ᠪᠡᠯᠡ ᠮᠥᠩᠭᠦ ᠰᠠᠭᠤᠯᠭᠠᠨ ᠠᠪᠬᠤ ᠪᠠᠷᠢᠮᠵᠢᠶ᠎ᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠳᠦᠷᠢᠮ︾ ︵2021 ᠣᠨ ᠤ 7 ᠰᠠᠷ᠎ᠠ ᠶᠢᠨ 29᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠳᠣᠯᠣᠳᠤᠭᠠᠷ ᠬᠤᠷᠠᠯ ᠠᠴᠠ ᠪᠠᠲᠤᠯᠠᠪᠠ︶᠎ ᠤᠨ ᠬᠤᠷᠢ ᠶᠢᠰᠦᠳᠦᠭᠡᠷ ᠵᠦᠢᠯ ᠳᠤ᠄ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠢ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠰᠡᠨ ᠨᠤᠷᠮ᠎ᠠ ᠨᠢ 10%᠎ ᠠᠴᠠ ᠬᠡᠲᠦᠷᠡᠭᠰᠡᠨ ᠪᠤᠶᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠤᠶᠠᠷ ᠠᠴᠠ ᠳᠡᠭᠡᠭᠰᠢ ᠤᠳᠠᠭ᠎ᠠ ᠠᠴᠠ ᠳᠡᠭᠡᠭᠰᠢ ᠪᠡᠯᠴᠢᠭᠡᠷᠯᠡᠭᠦᠯᠦᠭᠰᠡᠨ ᠪᠣᠯ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠮᠥᠩᠭᠦ ᠶᠢ ᠰᠠᠭᠤᠯᠭᠠᠨ ᠠᠪᠴᠤ ᠪᠣᠯᠣᠨ᠎ᠠ᠃        ︽ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠡᠷᠡᠭᠵᠢᠭᠦᠯᠬᠦ ᠲᠥᠰᠥᠯ ︵2021 ︱ 2025 ᠣᠨ︶︾ ︵ᠬᠦᠯᠦᠨ ᠵᠠᠰᠠᠭ ᠠᠯᠪᠠᠨ ᠲᠠᠷᠬᠠᠭᠠᠭᠰᠠᠨ ﹇2022﹈ 18 ᠳ᠋ᠤᠭᠠᠷ ᠲᠣᠭᠠᠲᠤ︶᠎ ᠳᠤ ᠱᠠᠭᠠᠷᠳᠠᠭᠰᠠᠨ ᠨᠢ᠄ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠪᠦᠬᠦᠨ ᠢ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠴᠢᠩᠭ᠎ᠠ ᠴᠠᠭᠠᠵᠠᠯᠠᠨ᠎ᠠ᠃ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠴᠢᠩᠭ᠎ᠠ ᠬᠡᠷᠡᠭᠵᠢᠭᠦᠯᠦᠭᠰᠡᠨ ᠮᠠᠯᠴᠢᠨ ᠪᠦᠬᠦᠨ ᠴᠥᠮ ᠪᠡᠯᠴᠢᠭᠡᠷᠯᠡᠭᠦᠯᠬᠦ ᠶᠢ ᠵᠣᠭᠰᠤᠭᠠᠬᠤ ᠨᠥᠬᠦᠪᠦᠷᠢ ᠶᠢ ᠬᠦᠷᠲᠡᠵᠦ ᠪᠣᠯᠣᠨ᠎ᠠ᠃       ︽ᠬᠥᠯᠥᠨ ᠪᠤᠶᠢᠷ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶᠎ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠬᠦᠯᠦᠨ ᠵᠠᠰᠠᠭ ᠠᠯᠪᠠᠨ ᠲᠠᠷᠬᠠᠭᠠᠭᠰᠠᠨ ﹇2016﹈ 65 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠳᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠨᠠᠶᠢᠳᠠᠪᠤᠷᠢᠵᠢᠭᠤᠯᠬᠤ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ᠃        ᠳᠡᠭᠡᠷ᠎ᠡ ᠳᠤᠷᠠᠳᠤᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠬᠦ ᠶᠢᠨ ᠬᠠᠮᠲᠤ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ 10%᠎ ᠶᠢᠨ ᠨᠥᠬᠦᠪᠦᠷᠢ ᠱᠠᠩᠨᠠᠯ ᠤᠨ ᠮᠥᠩᠭᠦ ᠶᠢ ᠰᠠᠭᠤᠯᠭᠠᠨ ᠠᠪᠤᠨ᠎ᠠ᠄ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠨᠤᠲᠤᠭ ᠪᠡᠯᠴᠢᠭᠡᠷ ᠲᠤ ᠲᠣᠭᠲᠠᠭᠠᠯ ᠠᠴᠠ ᠵᠥᠷᠢᠴᠡᠨ 2 ᠤᠳᠠᠭ᠎ᠠ ᠬᠤᠯᠠᠭᠠᠢ ᠪᠠᠷ ᠮᠠᠯᠵᠢᠭᠰᠠᠨ︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠨᠤᠲᠤᠭ ᠪᠡᠯᠴᠢᠭᠡᠷ ᠲᠤ ᠰᠡᠯᠭᠦᠨ ᠮᠠᠯᠵᠢᠬᠤ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ 2 ᠤᠳᠠᠭ᠎ᠠ ᠬᠤᠯᠠᠭᠠᠢ ᠪᠠᠷ ᠮᠠᠯᠵᠢᠭᠰᠠᠨ︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠨᠤᠲᠤᠭ ᠪᠡᠯᠴᠢᠭᠡᠷ ᠲᠤ 2 ᠤᠳᠠᠭ᠎ᠠ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠪᠤᠶᠤ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠨᠣᠷᠮ᠎ᠠ 10%᠎ ᠶᠢ ᠳᠠᠪᠠᠭᠰᠠᠨ ᠪᠠᠶᠢᠬᠤ᠃ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ 20%᠎ ᠶᠢᠨ ᠨᠥᠬᠦᠪᠦᠷᠢ ᠱᠠᠩᠨᠠᠯ ᠤᠨ ᠮᠥᠩᠭᠦ ᠶᠢ ᠰᠠᠭᠤᠯᠭᠠᠨ ᠠᠪᠤᠨ᠎ᠠ᠄ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠨᠤᠲᠤᠭ ᠪᠡᠯᠴᠢᠭᠡᠷ ᠲᠤ ᠲᠣᠭᠲᠠᠭᠠᠯ ᠠᠴᠠ ᠵᠥᠷᠢᠴᠡᠨ 3 ᠤᠳᠠᠭ᠎ᠠ ᠬᠤᠯᠠᠭᠠᠢ ᠪᠠᠷ ᠮᠠᠯᠵᠢᠭᠰᠠᠨ︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠡᠯᠴᠢᠭᠡᠷ ᠲᠤ ᠰᠡᠯᠭᠦᠨ ᠮᠠᠯᠵᠢᠬᠤ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ 3 ᠤᠳᠠᠭ᠎ᠠ ᠬᠤᠯᠠᠭᠠᠢ ᠪᠠᠷ ᠮᠠᠯᠵᠢᠭᠰᠠᠨ︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠨᠤᠲᠤᠭ ᠪᠡᠯᠴᠢᠭᠡᠷ ᠲᠤ 3 ᠤᠳᠠᠭ᠎ᠠ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠪᠤᠶᠤ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠨᠣᠷᠮ᠎ᠠ 20%᠎ ᠶᠢ ᠳᠠᠪᠠᠭᠰᠠᠨ ᠪᠠᠶᠢᠬᠤ᠃ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ 40%᠎ ᠶᠢᠨ ᠨᠥᠬᠦᠪᠦᠷᠢ ᠱᠠᠩᠨᠠᠯ ᠤᠨ ᠮᠥᠩᠭᠦ ᠶᠢ ᠰᠠᠭᠤᠯᠭᠠᠨ ᠠᠪᠤᠨ᠎ᠠ᠄ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠨᠤᠲᠤᠭ ᠪᠡᠯᠴᠢᠭᠡᠷ ᠲᠤ ᠲᠣᠭᠲᠠᠭᠠᠯ ᠠᠴᠠ ᠵᠥᠷᠢᠴᠡᠨ 4 ᠤᠳᠠᠭ᠎ᠠ ᠬᠤᠯᠠᠭᠠᠢ ᠪᠠᠷ ᠮᠠᠯᠵᠢᠭᠰᠠᠨ︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠨᠤᠲᠤᠭ ᠪᠡᠯᠴᠢᠭᠡᠷ ᠲᠤ ᠮᠠᠯᠵᠢᠬᠤ ᠶᠢ ᠵᠣᠭᠰᠣᠭᠠᠭᠰᠠᠨ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ 4 ᠤᠳᠠᠭ᠎ᠠ ᠬᠤᠯᠠᠭᠠᠢ ᠪᠠᠷ ᠮᠠᠯᠵᠢᠭᠰᠠᠨ︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠨᠤᠲᠤᠭ ᠪᠡᠯᠴᠢᠭᠡᠷ ᠲᠤ 4 ᠤᠳᠠᠭ᠎ᠠ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠪᠤᠶᠤ ᠳᠠᠭᠠᠭᠠᠴᠠ ᠠᠴᠠ ᠬᠡᠲᠦᠷᠡᠭᠦᠯᠦᠨ ᠮᠠᠯᠵᠢᠭᠰᠠᠨ ᠨᠣᠷᠮ᠎ᠠ 30%᠎ ᠶᠢ ᠳᠠᠪᠠᠭᠰᠠᠨ ᠪᠠᠶᠢᠬᠤ᠃ ᠳᠦᠷᠢᠮ ᠲᠣᠭᠲᠠᠭᠠᠯ ᠠᠴᠠ ᠣᠯᠠᠨ ᠤᠳᠠᠭ᠎ᠠ ᠵᠦᠷᠢᠴᠡᠨ ᠬᠤᠯᠠᠭᠠᠢ ᠪᠠᠷ ᠮᠠᠯᠵᠢᠭᠰᠠᠨ ᠡᠷᠦᠬᠡ ᠳᠤ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠣᠭᠲᠠᠭᠠᠯ ᠠᠴᠠ ᠵᠥᠷᠢᠴᠡᠭᠰᠡᠨ ᠦᠶᠯᠡ ᠪᠠᠶᠢᠳᠠᠯ ᠨᠢ ᠬᠦᠨᠳᠦ ᠨᠣᠴᠢᠲᠠᠢ ᠪᠠᠶᠢᠬᠤ ᠬᠡᠮᠵᠢᠶ᠎ᠡ ᠪᠠᠷ 40%᠎ ᠠᠴᠠ ᠳᠡᠭᠡᠭᠰᠢᠬᠢ ᠨᠦᠬᠦᠪᠦᠷᠢ ᠱᠠᠩᠨᠠᠯ ᠤᠨ ᠮᠥᠩᠭᠦ ᠶᠢ ᠰᠠᠭᠤᠯᠭᠠᠨ ᠠᠪᠴᠤ᠂ ᠲᠤᠬᠠᠢ ᠶᠢᠨ ᠵᠢᠯ ᠤᠨ ᠨᠦᠬᠦᠪᠦᠷᠢ ᠱᠠᠩᠨᠠᠯ ᠤᠨ ᠮᠥᠩᠭᠦ ᠶᠢ ᠨᠢ ᠪᠦᠬᠦᠨ ᠢ ᠰᠠᠭᠤᠯᠭᠠᠨ ᠠᠪᠬᠤ ᠪᠣᠯᠲᠠᠯ᠎ᠠ ᠲᠣᠷᠭᠠᠵᠤ ᠪᠣᠯᠣᠨ᠎ᠠ᠃        ᠰᠠᠭᠤᠯᠭᠠᠨ ᠠᠪᠤᠭᠰᠠᠨ ᠦᠷ᠎ᠡ ᠳ᠋ᠦᠩ ᠢ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠳᠤ ᠴᠠᠭ ᠲᠤᠬᠠᠢ ᠳᠤᠨᠢ ᠮᠡᠳᠡᠭᠳᠡᠬᠦ ᠶᠢᠨ ᠬᠠᠮᠲᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶᠎ ᠤ ᠬᠡᠪᠴᠢᠶᠡᠨ ᠳᠤ ᠢᠯᠡ ᠪᠠᠷ ᠨᠡᠶᠢᠲᠡᠯᠡᠬᠦ ᠬᠡᠷᠡᠭᠲᠡᠢ᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠳᠦᠷᠢᠮ ᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠳ ᠤᠨ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠵᠤ ᠥᠪᠡᠷ ᠢ ᠪᠠᠨ ᠬᠠᠮᠢᠶᠠᠷᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠰᠠᠭᠤᠯᠭᠠᠨ ᠠᠪᠤᠭᠰᠠᠨ ᠪᠡᠯᠡ ᠮᠥᠩᠭᠦ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠪᠠ ᠬᠠᠮᠠᠭᠠᠯᠠᠵᠤ ᠪᠦᠲᠦᠭᠡᠨ ᠪᠠᠶᠢᠭᠤᠯᠬᠤ᠂ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠡᠩᠨᠡᠭᠡ ᠶᠢᠨ ᠲᠣᠰ ᠪᠡᠶ᠎ᠡ ᠶᠢᠨ ᠪᠠᠶᠢᠭᠤᠯᠤᠯᠲᠠ ᠳᠤ ᠲᠤᠰᠬᠠᠢ ᠬᠡᠷᠡᠭᠯᠡᠨ᠎ᠡ᠃        ︵ᠲᠤᠯᠤᠭ᠎ᠠ︶ ᠰᠢᠨ᠎ᠡ ᠪᠠᠷ ᠨᠤᠲᠤᠭ ᠪᠡᠯᠴᠢᠭᠡᠷ ᠳᠠᠭᠠᠭᠠᠴᠢᠯᠠᠭᠰᠠᠨ ᠡᠷᠥᠭᠡ ᠳᠤ ᠨᠦᠬᠦᠪᠦᠷᠢ ᠮᠥᠩᠭᠦ ᠣᠯᠭᠤᠬᠤ ᠱᠠᠭᠠᠷᠳᠠᠯᠭ᠎ᠠ        2021 ︱ 2025 ᠣᠨ ᠤ ᠬᠤᠭᠤᠴᠠᠭᠠᠨ ᠳᠤ᠂ ᠰᠢᠨ᠎ᠡ ᠪᠠᠷ ᠨᠤᠲᠤᠭ ᠪᠡᠯᠴᠢᠭᠡᠷ ᠳᠠᠭᠠᠭᠠᠴᠢᠯᠠᠭᠰᠠᠨ ᠮᠠᠯᠵᠢᠬᠤ ᠡᠷᠦᠬᠡ ᠳᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶᠎ ᠤᠨ ᠳᠠᠭᠠᠭᠠᠴᠢᠯᠠᠭᠰᠠᠨ ᠡᠬᠢᠯᠡᠯᠲᠡ ᠶᠢᠨ ᠡᠳᠦᠷ ᠬᠤᠭᠤᠴᠠᠭ᠎ᠠ ᠶᠣᠰᠣᠭᠠᠷ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠣᠯᠭᠤᠬᠤ ᠶᠢᠨ ᠬᠠᠮᠲᠤ᠂ ᠳᠠᠭᠠᠭᠠᠴᠢᠯᠠᠭᠰᠠᠨ ᠡᠬᠢᠯᠡᠯᠲᠡ ᠶᠢᠨ ᠡᠳᠦᠷ ᠬᠤᠭᠤᠴᠠᠭ᠎ᠠ ᠶᠣᠰᠣᠭᠠᠷ ᠲᠤᠬᠠᠢ ᠶᠢᠨ ᠵᠢᠯ ᠤᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢᠨ ᠬᠠᠷᠢᠴᠠᠯ ᠢ ᠲᠣᠭᠲᠠᠭᠠᠵᠤ᠂ ᠳᠠᠭᠠᠭᠠᠴᠢᠯᠠᠭᠰᠠᠨ ᠡᠬᠢᠯᠡᠯᠲᠡ ᠶᠢᠨ ᠡᠳᠦᠷ ᠠᠴᠠ ᠡᠮᠦᠨᠡᠬᠢ ᠪᠡᠯᠡ ᠮᠥᠩᠭᠦ ᠶᠢ ᠣᠯᠭᠤᠬᠤ ᠦᠭᠡᠢ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ