ᠰᠢᠨ᠎ᠡ ᠪᠠᠷᠭᠤ ᠪᠠᠷᠠᠭᠤᠨ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ︵ᠵᠢᠷᠭᠤᠭ᠎ᠠ︶
ᠨᠡᠶᠢᠲᠡᠯᠡᠭᠰᠡᠨ ᠴᠠᠭ᠄
2022/11/23
      ᠳᠣᠯᠤᠭ᠎ᠠ᠂ ᠠᠵᠢᠯ ᠤᠨ ᠱᠠᠭᠠᠷᠳᠠᠯᠭ᠎ᠠ        ︵ᠨᠢᠭᠡ︶ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠬᠡᠷᠡᠭᠵᠢᠭᠦᠯᠬᠦ ᠭᠤᠣᠯ ᠴᠣᠭᠴᠠ ᠶᠢ ᠲᠣᠳᠣᠷᠬᠠᠶᠢᠯᠠᠬᠤ ᠬᠡᠷᠡᠭᠲᠡᠢ        ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠨᠢ ᠪᠡᠯᠡ ᠮᠥᠩᠭᠦ᠂ ᠬᠠᠷᠠᠯᠲᠠ᠂ ᠡᠭᠦᠷᠭᠡ᠂ ᠬᠠᠷᠢᠭᠤᠴᠠᠯᠭ᠎ᠠ᠂ ᠠᠷᠭ᠎ᠠ ᠵᠡᠷᠭᠡ ︽ᠲᠠᠪᠤ ᠶᠢ ᠨᠠᠶᠢᠳᠠᠪᠤᠷᠢᠵᠢᠭᠤᠯᠬᠤ︾ ᠲᠣᠭᠲᠠᠴᠠ ᠶᠢ ᠪᠠᠷᠢᠮᠲᠠᠯᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠰᠤᠮᠤ ᠪᠠᠯᠭᠠᠰᠤ ᠲᠥᠷᠥ ᠶᠢᠨ ᠪᠣᠳᠣᠯᠭ᠎ᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠪᠠ ᠬᠡᠷᠡᠭᠵᠢᠭᠦᠯᠬᠦ ᠭᠤᠣᠯ ᠴᠣᠭᠴᠠ ᠪᠣᠯᠤᠭᠰᠠᠨ ᠤ ᠬᠤᠪᠢ ᠳᠤ᠂ ᠬᠤᠲᠠ ᠶᠢᠨ ᠱᠠᠲᠤᠨ ᠤ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠤᠳᠤᠷᠢᠳᠬᠤ ᠳᠤᠭᠤᠶᠢᠯᠠᠩ ᠤᠨ ᠵᠢᠯᠣᠭᠤᠳᠤᠯᠭ᠎ᠠ ᠳᠣᠣᠷ᠎ᠠ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠪᠠ ᠪᠣᠳᠠᠲᠠᠢ ᠠᠳᠬᠤᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠩᠵᠤ ᠶᠢ ᠬᠤᠪᠢᠷᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠤᠯᠤᠰ ᠤᠨ ᠮᠠᠯᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠮᠠᠯᠴᠢᠨ ᠲᠠᠷᠢᠶᠠᠴᠢᠳ ᠲᠤ ᠲᠤᠰᠢᠶᠠᠬᠤ ᠬᠡᠷᠡᠭᠲᠡᠢ᠃        ︵ᠬᠤᠶᠠᠷ︶ ᠬᠡᠷᠡᠭᠵᠢᠭᠦᠯᠬᠦ ᠲᠥᠰᠥᠯ ᠲᠣᠭᠲᠠᠭᠠᠵᠤ᠂ ᠳᠦᠷᠢᠮ ᠲᠣᠭᠲᠠᠭᠠᠯ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ        ᠬᠥᠯᠥᠨ ᠪᠤᠶᠢᠷ ᠬᠤᠲᠠ ᠶᠢᠨ ᠳᠠᠷᠤᠮᠠᠯᠯᠠᠨ ᠲᠠᠷᠬᠠᠭᠠᠭᠰᠠᠨ ᠬᠡᠷᠡᠭᠵᠢᠭᠦᠯᠬᠦ ᠲᠥᠰᠥᠯ ᠶᠣᠰᠣᠭᠠᠷ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠠᠨ ᠤ ᠬᠤᠰᠢᠭᠤᠨ ᠤ ᠬᠡᠷᠡᠭᠵᠢᠭᠦᠯᠬᠦ ᠲᠥᠰᠥᠯ ᠪᠠ ᠠᠵᠢᠯ ᠤᠨ ᠲᠥᠯᠥᠪᠯᠡᠭᠡ ᠶᠢ ᠲᠣᠭᠲᠠᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠪᠠᠶᠢᠷᠢᠰᠢᠭᠤᠯᠤᠯᠲᠠ᠂ ᠲᠥᠷᠥ ᠶᠢᠨ ᠪᠣᠳᠣᠯᠭ᠎ᠠ ᠲᠣᠭᠲᠠᠭᠠᠬᠤ᠂ ᠬᠢᠨᠠᠯᠲᠠ ᠬᠠᠮᠢᠶᠠᠷᠤᠯᠲᠠ ᠪᠠ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢᠨ ᠲᠠᠯ᠎ᠠ ᠪᠠᠷ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠮᠠᠨ ᠤ ᠬᠤᠰᠢᠭᠤ ᠲᠥᠰᠥᠯ ᠲᠣᠭᠲᠠᠭᠠᠬᠤ ᠶᠠᠪᠤᠴᠠ ᠳᠤ ᠡᠯ᠎ᠡ ᠲᠠᠯ᠎ᠠ ᠶᠢᠨ ᠰᠠᠨᠠᠯ ᠢ ᠥᠷᠭᠡᠨ ᠢᠶᠠᠷ ᠬᠤᠷᠢᠶᠠᠵᠤ᠂ ᠮᠠᠯᠴᠢᠨ ᠲᠠᠷᠢᠶᠠᠴᠢᠳ ᠤᠨ ᠬᠦᠰᠡᠯ ᠰᠠᠨᠠᠯ ᠢ ᠬᠦᠨᠳᠦᠳᠬᠡᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶᠎ ᠢ ᠵᠠᠭᠠᠭᠯᠠᠨ ᠲᠣᠭᠲᠠᠭᠠᠭᠰᠠᠨ ᠪᠠᠶᠢᠳᠠᠯ᠂ ᠨᠥᠬᠦᠪᠦᠷᠢ ᠱᠠᠩᠨᠠᠯ ᠤᠨ ᠪᠠᠷᠢᠮᠵᠢᠶ᠎ᠠ᠂ ᠮᠠᠯᠴᠢᠳ ᠤᠨ ᠡᠳ᠋ᠯᠡᠬᠦ ᠲᠥᠷᠥ ᠶᠢᠨ ᠪᠣᠳᠣᠯᠭ᠎ᠠ ᠵᠡᠷᠭᠡ ᠦᠨᠳᠦᠰᠦᠨ ᠮᠡᠳᠡᠭᠡ ᠵᠠᠩᠭᠢ ᠶᠢᠨ ᠪᠠᠶᠢᠳᠠᠯ ᠢ ᠲᠣᠰ ᠭᠠᠵᠠᠷ ᠣᠷᠣᠨ ᠳᠤ ᠨᠡᠶᠢᠲᠡᠯᠡᠵᠦ᠂ ᠨᠡᠶᠢᠭᠡᠮ ᠨᠡᠶᠢᠲᠡ ᠳᠤ ᠥᠷᠭᠡᠨ ᠢᠶᠠᠷ ᠮᠡᠳᠡᠷᠡᠭᠳᠡᠵᠦ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠬᠠᠤᠯᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ᠃ ᠲᠣᠭᠲᠠᠭᠠᠭᠰᠠᠨ ᠬᠡᠷᠡᠭᠵᠢᠭᠦᠯᠬᠦ ᠲᠥᠰᠥᠯ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠵᠦ ᠬᠡᠷᠡᠭᠵᠢᠭᠦᠯᠦᠨ᠎ᠡ᠃        ︵ᠭᠤᠷᠪᠠ︶ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ        ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠳᠦᠷᠢᠮᠵᠢᠭᠦᠯᠬᠦ ᠬᠡᠷᠡᠭᠲᠡᠢ᠃ ︽ᠪᠦᠬᠦᠨ ᠳᠤ ᠲᠣᠬᠢᠷᠠᠬᠤ ᠺᠠᠷᠲ︾᠎ ᠢᠶᠠᠷ ᠳᠠᠮᠵᠢᠨ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠮᠥᠩᠭᠦ ᠶᠢ ᠲᠤᠬᠠᠢ ᠶᠢᠨ ᠵᠢᠯ ᠳᠤ ᠮᠠᠯᠴᠢᠨ ᠲᠠᠷᠢᠶᠠᠴᠢᠳ ᠲᠤ ᠴᠠᠭ ᠲᠤᠬᠠᠢ ᠎ ᠳᠤᠨᠢ ᠲᠤᠭ᠎ᠠ ᠶᠣᠰᠣᠭᠠᠷ ᠣᠯᠭᠤᠬᠤ ᠶᠢᠨ ᠬᠠᠮᠲᠤ᠂ ᠺᠠᠷᠲ ᠲᠤ ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠤᠨ ᠨᠡᠷᠡᠶᠢᠳᠦᠯ ᠢ ᠲᠣᠳᠣᠷᠬᠠᠶᠢᠯᠠᠬᠤ ᠬᠡᠷᠡᠭᠲᠡᠢ᠃ ᠨᠦᠬᠦᠪᠦᠷᠢ ᠮᠥᠩᠭᠦ ᠲᠠᠷᠬᠠᠭᠠᠬᠤ ᠳᠤ ᠭᠠᠴᠠᠭ᠎ᠠ ᠲᠣᠰᠬᠤᠨ ᠤ ᠱᠠᠲᠤᠨ ᠳᠤ ᠢᠯᠡ ᠨᠡᠶᠢᠲᠡᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠬᠤᠰᠢᠭᠤᠨ ᠤ ᠨᠠᠮ ᠤᠨ ᠬᠤᠷᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠠ ᠬᠢᠨᠠᠨ ᠪᠤᠳᠤᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠲᠥᠷᠥ ᠶᠢᠨ ᠪᠣᠳᠣᠯᠭ᠎ᠠ ᠶᠢᠨ ᠡᠭᠦᠷᠭᠡ ᠪᠠ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠨᠦᠬᠦᠪᠦᠷᠢ ᠱᠠᠩᠨᠠᠯ ᠤᠨ ᠮᠥᠩᠭᠦ ᠶᠢ ᠰᠠᠭᠤᠯᠭᠠᠨ ᠠᠪᠬᠤ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ︾᠎ ᠤᠨ ᠲᠣᠭᠲᠠᠭᠠᠯ ᠢ ᠴᠢᠩᠭ᠎ᠠ ᠵᠢᠷᠤᠮᠯᠠᠨ᠂ ᠨᠤᠲᠤᠭ ᠪᠡᠯᠴᠢᠭᠡᠷ ᠤᠨ ᠬᠠᠮᠠᠭᠠᠯᠠᠯᠲᠠ ᠵᠢᠴᠢ ᠬᠠᠮᠢᠶᠠᠷᠤᠨ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ︔ ᠬᠤᠰᠢᠭᠤ ᠬᠤᠲᠠ ᠲᠣᠭᠤᠷᠢᠭ ᠤᠨ ᠨᠦᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠬᠤ ᠳᠤ ᠵᠠᠷᠴᠢᠮ ᠳᠡᠭᠡᠷ᠎ᠡ ᠪᠠᠨ ᠦᠯᠡᠳᠡᠪᠦᠷᠢ ᠭᠠᠷᠭᠠᠵᠤ ᠪᠣᠯᠬᠤ ᠦᠭᠡᠢ᠂ ᠣᠨᠴᠠᠭᠠᠢ ᠪᠠᠶᠢᠳᠠᠯ ᠠᠴᠠ ᠪᠣᠯᠵᠤ ᠪᠣᠶ ᠪᠣᠯᠤᠭᠰᠠᠨ ᠨᠦᠬᠦᠪᠦᠷᠢ ᠱᠠᠩᠨᠠᠯ ᠤᠨ ᠦᠯᠡᠳᠡᠪᠦᠷᠢ ᠮᠥᠩᠭᠦ ᠶᠢ ᠴᠠᠭ ᠲᠤᠬᠠᠢ ᠳᠤᠨᠢ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠪᠡᠯᠡ ᠮᠥᠩᠭᠦ ᠶᠢᠨ ᠦᠯᠡᠳᠡᠪᠦᠷᠢ ᠶᠢᠨ ᠪᠠᠶᠢᠳᠠᠯ ᠢᠶᠠᠨ ᠱᠠᠲᠤ ᠳᠠᠷᠠᠭᠠᠯᠠᠨ ᠮᠡᠳᠡᠭᠦᠯᠵᠦ᠂ ᠪᠣᠳᠠᠲᠠᠢ ᠪᠠᠶᠢᠳᠠᠯ ᠲᠠᠢ ᠤᠶᠠᠯᠳᠤᠭᠤᠯᠤᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠪᠠ ᠬᠠᠮᠠᠭᠠᠯᠠᠵᠤ ᠪᠦᠲᠦᠭᠡᠨ ᠪᠠᠶᠢᠭᠤᠯᠬᠤ᠂ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠡᠩᠨᠡᠭᠡ ᠶᠢᠨ ᠲᠣᠰ ᠪᠡᠶ᠎ᠡ ᠶᠢᠨ ᠪᠠᠶᠢᠭᠤᠯᠤᠯᠲᠠ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠬᠦ ᠬᠡᠷᠡᠭᠲᠡᠢ᠃       ︵ᠳᠥᠷᠪᠡ︶ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠦᠯᠡᠳᠡᠪᠦᠷᠢ ᠪᠡᠯᠡ ᠮᠥᠩᠭᠦ ᠶᠢ ᠰᠠᠶᠢᠲᠤᠷ ᠠᠰᠢᠭᠯᠠᠬᠤ ᠬᠡᠷᠡᠭᠲᠡᠢ        ︽ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠥᠯ ︵2021 ︱ 2025 ᠣᠨ︶︾᠎ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠦᠯᠡᠳᠡᠪᠦᠷᠢ ᠪᠡᠯᠡ ᠮᠥᠩᠭᠦ ᠶᠢ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠵᠦ᠂ ᠪᠣᠳᠠᠲᠠᠢ ᠲᠠᠢ ᠤᠶᠠᠯᠳᠤᠭᠤᠯᠤᠨ ᠦᠷᠭᠦᠯᠵᠢᠯᠡᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠪᠠ ᠬᠠᠮᠠᠭᠠᠯᠠᠵᠤ ᠪᠦᠲᠦᠭᠡᠨ ᠪᠠᠶᠢᠭᠤᠯᠬᠤ᠂ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠡᠩᠨᠡᠭᠡ ᠶᠢᠨ ᠲᠣᠰ ᠪᠡᠶ᠎ᠡ ᠶᠢᠨ ᠪᠠᠶᠢᠭᠤᠯᠤᠯᠲᠠ ᠳᠤ ᠬᠡᠷᠡᠭᠯᠡᠨ᠎ᠡ᠃       ︵ᠲᠠᠪᠤ︶ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠪᠥᠭᠡᠳ ᠴᠢᠩᠭ᠎ᠠ ᠬᠢᠨᠠᠮᠠᠭᠠᠢ ᠪᠠᠶᠢᠬᠤ ᠬᠡᠷᠡᠭᠲᠡᠢ        ᠵᠠᠷᠴᠢᠮ ᠳᠡᠭᠡᠷ᠎ᠡ ᠪᠠᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠳᠤ ᠳᠠᠭᠠᠭᠠᠴᠢᠯᠠᠬᠤ ᠨᠢᠭᠡᠴᠡ ᠪᠠᠷ ᠶᠠᠪᠤᠭᠳᠠᠭᠤᠯᠬᠤ ᠬᠡᠷᠡᠭᠲᠡᠢ᠂ ᠲᠥᠪᠯᠡᠷᠡᠨ ᠵᠠᠯᠭᠠᠯᠳᠤᠭᠰᠠᠨ᠂ ᠠᠳᠠᠯᠢ ᠨᠢᠭᠡ ᠡᠷᠬᠡ ᠶᠢᠨ ᠬᠠᠷᠢᠶ᠎ᠠ ᠲᠠᠢ ᠨᠤᠲᠤᠭ ᠪᠡᠯᠴᠢᠭᠡᠷ ᠳᠡᠭᠡᠷ᠎ᠡ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠪᠠᠶᠢᠬᠤ ᠪᠦᠭᠡᠳ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠠᠶᠢᠵᠤ ᠪᠣᠯᠬᠤ ᠦᠭᠡᠢ᠂ ᠭᠡᠪᠡᠴᠦ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠣᠯ ᠣᠷᠣᠨ᠂ ᠴᠢᠬᠤᠯᠠ ᠴᠢᠭᠢᠭᠯᠢᠭ ᠭᠠᠵᠠᠷ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠢᠨᠵᠧᠨᠧᠷᠢᠩ ᠤᠨ ᠣᠷᠣᠨ ᠡᠭᠦᠨ ᠳᠤ ᠪᠠᠭᠲᠠᠬᠤ ᠦᠭᠡᠢ᠃ ᠣᠶ ᠰᠢᠭᠤᠢ ᠨᠤᠲᠤᠭ ᠪᠡᠯᠴᠢᠭᠡᠷ ᠤᠨ ᠳᠠᠪᠬᠤᠴᠠᠭᠰᠠᠨ ᠲᠠᠯᠠᠪᠠᠶ ᠶᠢ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠵᠤ᠂ ᠨᠢᠭᠡᠨᠲᠡ ᠲᠠᠲᠠᠪᠤᠷᠢᠯᠠᠨ ᠬᠡᠷᠡᠭᠯᠡᠭᠰᠡᠨ ᠨᠤᠲᠤᠭ ᠪᠡᠯᠴᠢᠭᠡᠷ ᠤᠨ ᠲᠠᠯᠠᠪᠠᠶ ᠶᠢ ᠬᠠᠰᠤᠵᠤ ᠬᠠᠶᠠᠬᠤ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶᠎ ᠤ ︽ᠳᠥᠷᠪᠡᠨ ᠵᠠᠬ᠎ᠠ︾᠎ ᠶᠢᠨ ᠵᠠᠭᠠᠭ ᠬᠢᠵᠠᠭᠠᠷ ᠨᠢ ᠲᠣᠳᠣᠷᠬᠠᠢ᠂ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠨᠢ ᠲᠣᠳᠣᠷᠬᠠᠢ᠂ ᠬᠤᠯᠪᠣᠭᠳᠠᠬᠤ ᠮᠠᠯᠵᠢᠬᠤ ᠲᠠᠷᠢᠶᠠᠯᠠᠬᠤ ᠡᠷᠦᠬᠡ ᠵᠡᠷᠭᠡ ᠶᠢᠨ ᠪᠠᠶᠢᠳᠠᠯ ᠨᠢ ᠨᠠᠷᠢᠨ ᠪᠣᠳᠠᠲᠠᠢ ᠪᠠᠶᠢᠬᠤ ᠬᠡᠷᠡᠭᠲᠡᠢ᠃        ︵ᠵᠢᠷᠭᠤᠭ᠎ᠠ︶ ᠳᠤᠯᠠᠭᠠᠨ ᠤᠯᠠᠷᠢᠯ ᠤᠨ ᠪᠡᠯᠴᠢᠭᠡᠷ ᠤᠨ ᠳᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠬᠤ ᠬᠡᠷᠡᠭᠲᠡᠢ        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ︾᠎ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ ᠴᠢᠳᠠᠪᠤᠷᠢ ᠶᠢ ᠬᠢᠨᠠᠨ ᠬᠡᠮᠵᠢᠭᠰᠡᠨ ᠦᠷ᠎ᠡ ᠳ᠋ᠦᠩ ᠢ ᠦᠨᠳᠦᠰᠦᠯᠡᠨ᠂ ᠬᠤᠯᠪᠣᠭᠳᠠᠯ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠣᠰᠣᠭᠠᠷ᠂ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠭᠠᠵᠠᠷ ᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ 2021 ︱ 2025 ᠣᠨ ᠤ ᠨᠤᠲᠤᠭ ᠪᠡᠯᠴᠢᠭᠡᠷ ᠤᠨ ᠳᠤᠯᠠᠭᠠᠨ ᠤᠯᠠᠷᠢᠯ ᠤᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠬᠢᠨᠠᠨ ᠬᠠᠮᠢᠶᠠᠷᠬᠤ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ ᠳᠤᠯᠠᠭᠠᠨ ᠤᠯᠠᠷᠢᠯ ᠤᠨ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠬᠤ ᠳᠤ᠂ ᠲᠤᠰᠬᠠᠢ ᠮᠡᠷᠭᠡᠵᠢᠯᠲᠡᠨ ᠤ ᠨᠤᠲᠠᠯᠠᠯᠲᠠ ᠪᠠ ᠰᠠᠨᠠᠯ ᠬᠤᠷᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠢᠨᠠᠨ ᠲᠣᠭᠲᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠳᠦᠷᠢᠮ ᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠢ ᠨᠠᠩ ᠣᠯᠠᠨ ᠦᠭᠡ ᠬᠡᠯᠡᠬᠦ ᠡᠷᠬᠡ ᠲᠠᠢ ᠪᠣᠯᠭᠠᠨ᠎ᠠ᠃        ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ᠳᠤᠯᠠᠭᠠᠨ ᠤᠯᠠᠷᠢᠯ ᠤᠨ ᠪᠡᠯᠴᠢᠭᠡᠷ ᠤᠨ ᠪᠠᠭᠲᠠᠭᠠᠮᠵᠢ ᠶᠢᠨ ᠪᠠᠷᠢᠮᠵᠢᠶ᠎ᠠ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾᠎ ᠤᠨ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠄ ᠨᠢᠭᠡ ᠬᠤᠨᠢ ᠨᠢᠭᠡ ᠬᠤᠨᠢᠨ ᠤ ᠨᠢᠭᠡᠴᠢ ᠲᠠᠢ ᠲᠡᠩᠴᠡᠨ᠎ᠡ᠂ ᠨᠢᠭᠡ ᠦᠬᠡᠷ ᠲᠠᠪᠤᠨ ᠬᠤᠨᠢᠨ ᠤ ᠨᠢᠭᠡᠴᠢ ᠲᠠᠢ ᠲᠡᠩᠴᠡᠨ᠎ᠡ᠂ ᠨᠢᠭᠡ ᠠᠳᠤᠭᠤ ᠵᠢᠷᠭᠤᠭᠠᠨ ᠬᠤᠨᠢᠨ ᠤ ᠨᠢᠭᠡᠴᠢ ᠲᠠᠢ ᠲᠡᠩᠴᠡᠨ᠎ᠡ᠂ ᠨᠢᠭᠡ ᠡᠯᠵᠢᠭᠡ ᠭᠤᠷᠪᠠᠨ ᠬᠤᠨᠢᠨ ᠤ ᠨᠢᠭᠡᠴᠢ ᠲᠠᠢ ᠲᠡᠩᠴᠡᠨ᠎ᠡ᠂ ᠨᠢᠭᠡ ᠯᠠᠭᠤᠰᠠ ᠲᠠᠪᠤᠨ ᠬᠤᠨᠢᠨ ᠤ ᠨᠢᠭᠡᠴᠢ ᠲᠠᠢ ᠲᠡᠩᠴᠡᠨ᠎ᠡ᠂ ᠨᠢᠭᠡ ᠲᠡᠮᠡᠭᠡ ᠲᠤᠯᠤᠭᠠᠨ ᠬᠤᠨᠢᠨ ᠤ ᠨᠢᠭᠡᠴᠢ ᠲᠠᠢ ᠲᠡᠩᠴᠡᠨ᠎ᠡ᠃ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶᠎ ᠲᠠᠢ ᠬᠠᠮᠲᠤᠷᠠᠨ ᠡᠷᠦᠬᠡ ᠳᠠᠷᠠᠭᠠᠯᠠᠨ ᠳᠤᠯᠠᠭᠠᠨ ᠤᠯᠠᠷᠢᠯ ᠤᠨ ᠪᠣᠳᠠᠲᠠᠢ ᠪᠡᠯᠴᠢᠭᠡᠷ ᠤᠨ ᠳᠠᠭᠠᠭᠠᠴᠠ ᠶᠢ ᠬᠢᠨᠠᠨ ᠲᠣᠭᠲᠠᠭᠠᠬᠤ ᠬᠡᠷᠡᠭᠲᠡᠢ᠃ ᠬᠡᠷᠪᠡ ᠣᠨᠳᠣᠣ ᠰᠠᠨᠠᠯ ᠲᠠᠢ ᠪᠣᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠳᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠣᠨ᠎ᠠ᠃        ︵ᠲᠤᠯᠤᠭ᠎ᠠ︶ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠣᠷᠣᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ        ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠢᠯ ᠪᠦᠷᠢ ᠶᠢᠨ 12 ᠰᠠᠷ᠎ᠠ ᠳᠤ ᠮᠠᠯᠴᠢᠨ ᠲᠠᠷᠢᠶᠠᠴᠢᠳ ᠲᠤ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠤᠬᠠᠢ ᠶᠢᠨ ᠵᠢᠯ ᠤᠨ ᠲᠤᠭ᠎ᠠ ᠪᠠᠷᠢᠮᠲᠠ ᠶᠢ ᠪᠢᠴᠢᠵᠦ ᠣᠷᠣᠭᠤᠯᠬᠤ ᠠᠵᠢᠯ ᠢ ᠪᠡᠶᠡᠯᠡᠭᠦᠯᠵᠦ᠂ ᠲᠤᠭ᠎ᠠ ᠪᠠᠷᠢᠮᠲᠠ ᠶᠢ ᠪᠦᠷᠢᠨ ᠪᠦᠲᠦᠨ ᠣᠨᠣᠪᠴᠢᠲᠠᠶ ᠪᠢᠴᠢᠵᠦ ᠣᠷᠣᠭᠤᠯᠬᠤ ᠶᠢ ᠱᠠᠭᠠᠷᠳᠠᠨ᠎ᠠ᠃ ᠬᠢᠨᠠᠨ ᠪᠤᠳᠤᠬᠤ ᠰᠠᠯᠠᠭ᠎ᠠ ᠮᠥᠴᠢᠷ ᠨᠤᠲᠤᠭ ᠪᠡᠯᠴᠢᠭᠡᠷ ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢᠶᠠᠷ ᠳᠡᠮᠵᠢᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠢ ᠬᠠᠷᠭᠤᠭᠤᠯᠤᠨ ᠬᠢᠨᠠᠵᠤ᠂ ᠰᠢᠰᠲ᠋ᠧᠮ ᠳᠤ ᠣᠷᠣᠭᠤᠯᠬᠤ ᠪᠠ ᠨᠥᠬᠦᠪᠦᠷᠢ ᠱᠠᠩᠨᠠᠯ ᠤᠨ ᠮᠥᠩᠭᠦ ᠶᠢ ᠪᠡᠶᠡᠯᠡᠭᠦᠯᠬᠦ ᠴᠠᠭ ᠢ ᠠᠳᠠᠯᠢ ᠠᠯᠬᠤᠮ ᠲᠠᠢ ᠪᠠᠶᠢᠯᠭᠠᠬᠤ ᠶᠢ ᠱᠠᠭᠠᠷᠳᠠᠨ᠎ᠠ᠃        ︵ᠨᠠᠢᠮᠠ︶ ᠨᠤᠲᠤᠭ ᠪᠡᠯᠴᠢᠭᠡᠷ ᠢ ᠡᠷᠭᠢᠯᠲᠡ ᠳᠤ ᠣᠷᠣᠭᠤᠯᠬᠤ ᠠᠵᠢᠯᠯᠠᠭ᠎ᠠ ᠶᠢ ᠳᠦᠷᠢᠮᠵᠢᠭᠦᠯᠦᠨ᠂ ᠲᠦᠷᠢᠶᠡᠰᠦᠯᠡᠭᠦᠯᠦᠭᠰᠡᠨ ᠨᠤᠲᠤᠭ ᠪᠡᠯᠴᠢᠭᠡᠷ ᠢ ᠬᠢᠨᠠᠨ ᠬᠠᠮᠢᠶᠠᠷᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ        ᠡᠷᠭᠢᠯᠲᠡ ᠳᠤ ᠣᠷᠣᠭᠤᠯᠤᠭᠰᠠᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠤᠤᠯ ᠤᠨ ᠳᠠᠭᠠᠭᠠᠴᠢᠯᠠᠭᠴᠢ ᠠᠴᠠ ᠠᠪᠬᠤ ᠬᠡᠷᠡᠭᠲᠡᠢ᠃ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠬᠦᠷᠴᠦ ᠳᠠᠩᠰᠠᠯᠠᠭᠤᠯᠤᠭᠰᠠᠨ ᠦᠭᠡᠢ ᠨᠢᠭᠡᠨᠲᠡ ᠡᠷᠭᠢᠯᠲᠡ ᠳᠤ ᠣᠷᠣᠭᠤᠯᠤᠭᠰᠠᠨ ᠪᠡᠯᠴᠢᠭᠡᠷ ᠲᠤ ᠲᠤᠬᠠᠢ ᠶᠢᠨ ᠵᠢᠯ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠣᠯᠭᠤᠬᠤ ᠶᠢ ᠵᠣᠭᠰᠣᠭᠠᠭᠰᠠᠨ ᠢ ᠣᠯᠵᠤ ᠮᠡᠳᠡᠪᠡᠯ᠂ ᠳᠠᠩᠰᠠᠯᠠᠭᠰᠠᠨ ᠤ ᠳᠠᠷᠠᠭ᠎ᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠶᠢᠴᠠᠭᠠᠨ ᠲᠣᠳᠣᠯᠠᠬᠤ ᠶᠢᠨ ᠬᠠᠮᠲᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠱᠠᠭᠠᠷᠳᠠᠯᠭ᠎ᠠ ᠶᠢ ᠪᠡᠶᠡᠯᠡᠭᠦᠯᠦᠭᠰᠡᠨ ᠪᠠᠶᠢᠪᠠᠯ᠂ ᠨᠦᠬᠦᠪᠦᠷᠢ ᠣᠯᠭᠤᠬᠤ ᠶᠢ ᠰᠡᠷᠭᠦᠭᠡᠵᠦ ᠪᠣᠯᠣᠨ᠎ᠠ᠃ ᠬᠡᠷᠪᠡ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠪᠠ ᠳᠠᠭᠠᠭᠠᠴᠠ ᠠᠴᠠ ᠬᠡᠲᠦᠷᠡᠭᠦᠯᠦᠨ ᠮᠠᠯᠵᠢᠭᠰᠠᠨ ᠠᠰᠠᠭᠤᠳᠠᠯ ᠪᠠᠶᠢᠬᠤ ᠶᠢ ᠣᠯᠵᠤ ᠮᠡᠳᠡᠪᠡᠯ᠂ ᠲᠤᠬᠠᠢ ᠶᠢᠨ ᠵᠢᠯ ᠤᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠢᠷᠢ ᠬᠡᠮ ᠢ ᠬᠦᠴᠦᠨ ᠦᠭᠡᠢ ᠪᠣᠯᠭᠠᠨ᠎ᠠ᠃       ︵ᠶᠢᠰᠦ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ︾᠎ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ        ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ ᠤᠨ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠣᠷᠣᠨ ᠳᠠᠬᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠠᠵᠢᠯ ᠢ ᠬᠠᠷᠢᠭᠤᠴᠠᠨ᠎ᠠ᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠣᠰ ᠬᠠᠷᠢᠶ᠎ᠠ ᠣᠷᠣᠨ ᠳᠠᠬᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠠᠵᠢᠯ ᠢ ᠪᠣᠳᠠᠲᠠᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃       ︵ᠠᠷᠪᠠ︶ ᠨᠤᠲᠤᠭ ᠪᠡᠯᠴᠢᠭᠡᠷ ᠤᠨ ᠲᠤᠰᠬᠠᠢ ᠬᠠᠮᠢᠶᠠᠷᠤᠨ ᠬᠠᠮᠠᠭᠠᠯᠠᠭᠴᠢ ᠶᠢᠨ ᠳᠦᠷᠢᠮ ᠢ ᠬᠡᠷᠡᠭᠵᠢᠭᠦᠯᠵᠦ᠂ ᠲᠣᠣᠷᠵᠢᠭᠤᠯᠤᠭᠰᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠢ        ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠬᠤ ᠲᠣᠣᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠤᠰᠬᠠᠢ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠲᠣᠬᠢᠷᠠᠭᠤᠯᠤᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃        ᠴᠠᠯᠢᠩ ᠬᠦᠯᠦᠰᠦ ᠶᠢᠨ ᠠᠵᠢᠯ ᠤᠨ ᠠᠮᠵᠢᠯᠲᠠ ᠪᠦᠲᠦᠮᠵᠢ ᠶᠢᠨ ᠳᠦᠷᠢᠮ ᠢ ᠬᠡᠷᠡᠭᠵᠢᠭᠦᠯᠵᠦ᠂ ᠰᠠᠷ᠎ᠠ ᠪᠦᠷᠢ ᠴᠠᠯᠢᠩ ᠬᠦᠯᠦᠰᠦ ᠶᠢᠨ 30%᠎ ᠶᠢ ᠰᠣᠩᠭᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠪᠣᠯᠭᠠᠵᠤ᠂ ᠬᠠᠭᠠᠰ ᠵᠢᠯ ᠳᠤ ᠨᠢᠭᠡ ᠤᠳᠠᠭ᠎ᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠣᠯᠭᠤᠨ᠎ᠠ᠃ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠲᠣᠭᠤᠷᠢᠨ ᠪᠠᠶᠢᠴᠠᠭᠠᠬᠤ ᠳᠦᠷᠢᠮ ᠪᠠ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢ ᠬᠢᠨᠠᠨ ᠰᠢᠯᠭᠠᠬᠤ ᠪᠠ ᠱᠠᠩᠨᠠᠵᠤ ᠲᠣᠷᠭᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠣᠭᠤᠷᠢᠨ ᠪᠠᠶᠢᠴᠠᠭᠠᠭᠰᠠᠨ ᠡᠳᠦᠷ ᠤᠨ ᠲᠡᠮᠳᠡᠭᠯᠡᠯ ᠬᠢᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠰᠤᠷᠪᠤᠯᠵᠢᠯᠠᠨ ᠪᠠᠶᠢᠴᠠᠭᠠᠬᠤ ᠵᠡᠷᠭᠡ ᠬᠡᠯᠪᠡᠷᠢ ᠪᠠᠷ ᠳᠡᠮᠵᠢᠨ᠂ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠨᠤᠲᠤᠭ ᠪᠡᠯᠴᠢᠭᠡᠷ ᠤᠨ ᠠᠮᠢ ᠠᠬᠤᠢ ᠶᠢᠨ ᠲᠣᠥᠷᠵᠢᠭᠤᠯᠤᠭᠴᠢ ᠶᠢ ᠰᠢᠯᠭᠠᠨ ᠬᠢᠨᠠᠬᠤ ᠪᠠ ᠦᠨᠡᠯᠡᠬᠦ ᠶᠢᠨ ᠬᠠᠮᠲᠤ᠂ ᠰᠢᠯᠭᠠᠨ ᠬᠢᠨᠠᠵᠤ ᠦᠨᠡᠯᠡᠭᠰᠡᠨ ᠦᠷ᠎ᠡ ᠳ᠋ᠦᠩ ᠢ ᠨᠥᠬᠦᠪᠦᠷᠢ ᠬᠥᠯᠥᠰᠦ ᠣᠯᠭᠤᠮᠵᠢ ᠯᠤᠭ᠎ᠠ ᠬᠤᠯᠪᠣᠭᠳᠠᠭᠤᠯᠬᠤ ᠬᠡᠷᠡᠭᠲᠡᠢ᠃ ᠠᠵᠢᠯ ᠤᠨ ᠢᠯᠡᠷᠡᠯ ᠢᠶᠠᠷ ᠲᠣᠪᠣᠶᠢᠮ᠎ᠠ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢ ᠬᠥᠬᠢᠭᠦᠯᠦᠨ ᠱᠠᠩᠨᠠᠨ᠎ᠠ︔ ᠠᠵᠢᠯ ᠢᠶᠠᠨ ᠬᠢᠵᠦ ᠳᠡᠶᠢᠯᠬᠦ ᠦᠭᠡᠢ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢ ᠬᠡᠷᠡᠭᠯᠡᠵᠦ ᠪᠣᠯᠬᠤ ᠦᠭᠡᠢ᠃ ᠨᠤᠲᠤᠭ ᠪᠡᠯᠴᠢᠭᠡᠷ ᠤᠨ ᠲᠣᠥᠷᠵᠢᠭᠤᠯᠤᠭᠴᠢ ᠶᠢᠨ ᠬᠢᠨᠠᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠨ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠨᠤᠲᠤᠭ ᠪᠡᠯᠴᠢᠭᠡᠷ ᠤᠨ ᠬᠠᠮᠢᠶᠠᠷᠴᠤ ᠬᠠᠮᠠᠭᠠᠯᠠᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃        ︵ᠠᠷᠪᠠᠨ ᠨᠢᠭᠡ︶ ᠮᠠᠭᠤᠳᠠᠭᠰᠠᠨ ᠨᠤᠲᠤᠭ ᠪᠡᠯᠴᠢᠭᠡᠷ ᠢ ᠰᠡᠷᠭᠦᠭᠡᠨ ᠵᠠᠰᠠᠬᠤ ᠶᠢ ᠴᠢᠩᠭᠠᠳᠬᠠᠬᠤ ᠬᠡᠷᠡᠭᠲᠡᠢ        ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠲᠥᠷᠥᠯ ᠵᠦᠢᠯ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠠᠰᠢ ᠲᠥᠪᠯᠡᠷᠡᠭᠦᠯᠦᠨ ᠬᠡᠯᠪᠡᠶᠢᠯᠭᠡᠵᠦ᠂ ᠬᠦᠨᠳᠦ ᠨᠣᠴᠢᠲᠠᠢ ᠮᠠᠭᠤᠳᠠᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠭᠤᠣᠯᠳᠠᠯᠭ᠎ᠠ ᠲᠠᠢ ᠰᠡᠷᠭᠦᠭᠡᠨ ᠵᠠᠰᠠᠬᠤ ᠬᠡᠷᠡᠭᠲᠡᠢ᠃ 2020 ᠣᠨ ᠳᠤ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ ᠣᠷᠣᠨ ᠢ ᠠᠶᠠᠨᠳᠠᠭᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠣᠯᠭᠠᠨ ᠬᠤᠪᠢᠷᠠᠭᠤᠯᠵᠤ᠂ ᠨᠢᠭᠡᠨᠲᠡ ᠡᠬᠢᠯᠡᠨ ᠬᠡᠷᠡᠭᠵᠢᠭᠦᠯᠦᠭᠰᠡᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠲᠣᠭᠲᠠᠭᠤᠨ ᠴᠢᠨᠠᠷ ᠪᠠ ᠦᠷᠭᠦᠯᠵᠢᠯᠡᠬᠦ ᠴᠢᠨᠠᠷ ᠢ ᠤᠯᠠᠮ ᠨᠢᠭᠡ ᠠᠯᠬᠤᠮ ᠪᠠᠲᠤᠯᠠᠵᠤ᠂ ᠠᠰᠢᠭ ᠭᠥᠷᠳᠡᠬᠦ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠬᠤ ᠶᠢᠨ ᠲᠦᠯᠦᠭᠡ᠂ ᠨᠢᠭᠡᠨᠲᠡ ᠴᠣᠬᠤᠯᠠᠪᠤᠷᠢᠯᠠᠨ ᠬᠡᠷᠡᠭᠵᠢᠭᠦᠯᠦᠭᠰᠡᠨ 2019 ᠣᠨ ᠤ ᠮᠠᠭᠤᠳᠠᠭᠰᠠᠨ ᠨᠤᠲᠤᠭ ᠪᠡᠯᠴᠢᠭᠡᠷ ᠲᠤ ᠬᠥᠮᠥᠨ ᠤ ᠬᠦᠴᠦ ᠪᠠᠷ ᠡᠪᠡᠰᠦ ᠳᠠᠷᠢᠵᠤ ᠠᠮᠢ ᠠᠬᠤᠢ ᠶᠢ ᠰᠡᠷᠭᠦᠭᠡᠬᠦ ᠤᠯᠤᠰ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠬᠤᠪᠢᠷᠠᠭᠤᠯᠬᠤ ᠦᠭᠡᠢ ᠪᠠᠶᠢᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠬᠤᠭᠤᠴᠠᠭᠠᠨ ᠳᠤ ᠣᠲᠣ ᠶᠢᠨ ᠬᠡᠷᠡᠭᠵᠢᠭᠦᠯᠵᠦ ᠪᠠᠶᠢᠭ᠎ᠠ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠲᠤᠰᠬᠠᠢ ᠲᠥᠷᠥᠯ ᠵᠦᠢᠯ ᠤᠨ ᠠᠮᠢ ᠠᠬᠤᠢ ᠶᠢᠨ ᠨᠥᠬᠦᠪᠦᠷᠢ᠂ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢᠨ ᠪᠠᠷᠢᠮᠵᠢᠶ᠎ᠠ ᠶᠢ ᠬᠤᠪᠢᠷᠠᠭᠤᠯᠬᠤ ᠦᠭᠡᠢ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠪᠣᠯᠭᠠᠨ ᠬᠤᠪᠢᠷᠠᠭᠤᠯᠬᠤ ᠴᠢᠬᠤᠯᠠ ᠲᠠᠢ ᠪᠣᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠲᠥᠷᠥᠯ ᠵᠦᠢᠯ ᠤᠨ ᠣᠷᠣᠨ ᠢ ᠦᠨᠡᠯᠡᠨ ᠵᠢᠱᠢᠵᠦ ᠨᠤᠲᠠᠯᠠᠬᠤ ᠶᠢ ᠥᠷᠨᠢᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠪᠣᠯᠭᠠᠨ ᠬᠤᠪᠢᠷᠠᠭᠤᠯᠬᠤ ᠨᠥᠬᠦᠴᠡᠯ ᠢ ᠪᠦᠷᠢᠳᠦᠭᠦᠯᠦᠭᠰᠡᠨ ᠪᠠᠶᠢᠪᠠᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃ 2021 ᠣᠨ ᠤ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠭᠠᠵᠠᠷ ᠰᠢᠷᠣᠢ ᠶᠢ ᠪᠦᠬᠦᠨ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠤᠪᠢᠶᠠᠷᠢᠯᠠᠨ ᠣᠷᠣᠭᠤᠯᠵᠤ᠂ ᠭᠤᠷᠪᠠᠳᠤᠭᠠᠷ ᠡᠭᠡᠯᠵᠢ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠰᠢᠭᠤᠳ ᠬᠦᠷᠲᠡᠵᠦ᠂ ᠭᠤᠷᠪᠠᠳᠤᠭᠠᠷ ᠡᠭᠡᠯᠵᠢ ᠶᠢᠨ ᠬᠠᠮᠢᠶᠠᠷᠤᠨ ᠬᠠᠮᠠᠭᠠᠯᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠬᠤᠶᠢᠰᠢᠳᠠ ᠶᠢᠨ ᠣᠨ ᠤ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠲᠡᠰᠢ ᠭᠤᠣᠯᠳᠠᠯᠭ᠎ᠠ ᠲᠠᠢ ᠬᠡᠯᠪᠡᠶᠢᠯᠭᠡᠬᠦ ᠬᠡᠷᠡᠭᠲᠡᠢ᠃        ︵ᠠᠷᠪᠠᠨ ᠬᠤᠶᠠᠷ︶ ᠢᠯᠡ ᠪᠠᠷ ᠨᠡᠶᠢᠲᠡᠯᠡᠬᠦ ᠳᠦᠷᠢᠮ ᠢ ᠪᠠᠶᠢᠭᠤᠯᠬᠤ ᠬᠡᠷᠡᠭᠲᠡᠢ        ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠢᠯᠡ ᠪᠠᠷ ᠨᠡᠶᠢᠲᠡᠯᠡᠬᠦ ᠳᠦᠷᠢᠮ ᠢ ᠪᠠᠶᠢᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶᠎ ᠢᠶᠠᠷ ᠨᠢᠭᠡᠴᠡ ᠪᠣᠯᠭᠠᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠢᠯᠡ ᠪᠠᠷ ᠨᠡᠶᠢᠲᠡᠯᠡᠬᠦ ᠬᠡᠷᠡᠭᠲᠡᠢ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ ᠮᠠᠯᠵᠢᠬᠤ ᠡᠷᠦᠬᠡ ᠪᠠᠷ ᠨᠢᠭᠡᠴᠡ ᠪᠣᠯᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠢᠯᠡ ᠪᠠᠷ ᠨᠡᠶᠢᠲᠡᠯᠡᠬᠦ ᠶᠢᠨ ᠬᠠᠮᠲᠤ᠂ ᠨᠦᠬᠦᠪᠦᠷᠢ ᠱᠠᠩᠨᠠᠯ ᠤᠨ ᠮᠥᠩᠭᠦ ᠶᠢ ᠣᠯᠭᠤᠵᠤ ᠲᠣᠬᠢᠷᠠᠭᠤᠯᠤᠭᠰᠠᠨ ᠪᠠᠶᠢᠳᠠᠯ ᠢ ᠬᠠᠮᠲᠤ ᠳᠤᠨᠢ ᠢᠯᠡ ᠪᠠᠷ ᠨᠡᠶᠢᠲᠡᠯᠡᠬᠦ ᠬᠡᠷᠡᠭᠲᠡᠢ᠃ ᠢᠯᠡ ᠪᠠᠷ ᠨᠡᠶᠢᠲᠡᠯᠡᠭᠰᠡᠨ ᠪᠦᠬᠦ ᠪᠠᠶᠢᠳᠠᠯ ᠳᠤ ᠡᠯᠧᠺᠲᠷᠣᠨ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠨ᠎ᠡ᠃        ᠢᠯᠡ ᠪᠠᠷ ᠨᠡᠶᠢᠲᠡᠯᠡᠬᠦ ᠳᠤ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ᠂ ᠠᠴᠢᠶᠠᠯᠠᠪᠤᠷᠢ ᠨᠢ ᠣᠯᠠᠨ ᠶᠠᠩᠵᠤ ᠶᠢᠨ ᠪᠠᠶᠢᠬᠤ ᠬᠡᠷᠡᠭᠲᠡᠢ᠂ ᠲᠣᠰ ᠬᠠᠮᠲᠤ ᠶᠢᠨ ᠵᠣᠬᠢᠶᠠᠨ ᠪᠠᠶᠢᠭᠤᠯᠤᠯᠲᠠ ᠶᠢᠨ ᠳᠣᠲᠣᠷ᠎ᠠ ᠪᠠᠨ ᠢᠯᠡ ᠨᠡᠶᠢᠲᠡᠯᠡᠬᠦ ᠠᠴᠠ ᠭᠠᠳᠠᠨ᠎ᠠ᠂ ᠪᠠᠰᠠ ᠲᠧᠯᠸᠢᠰ ᠵᠠᠭᠤᠴᠢᠯᠠᠭᠤᠷ᠂ ᠲᠤᠬᠠᠢ ᠶᠢᠨ ᠭᠠᠵᠠᠷ ᠤᠨ ᠢᠨᠲ᠋ᠧᠷ ᠰᠦᠯᠵᠢᠶ᠎ᠡ᠂ ᠸᠢᠴᠠᠲ ᠣᠯᠠᠨ ᠨᠡᠶᠢᠲᠡ ᠶᠢᠨ ᠲᠠᠪᠴᠠᠩ ᠵᠡᠷᠭᠡ ᠪᠠᠷ ᠳᠠᠮᠵᠢᠨ ᠢᠯᠡ ᠨᠡᠶᠢᠲᠡᠯᠡᠬᠦ ᠬᠡᠷᠡᠭᠲᠡᠢ᠃ ᠢᠯᠡ ᠪᠠᠷ ᠨᠡᠶᠢᠲᠡᠯᠡᠬᠦ ᠬᠤᠭᠤᠴᠠᠭ᠎ᠠ ᠶᠢ 7 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠡᠭᠦᠨ ᠳᠤ ᠰᠦᠯᠵᠢᠶᠡᠨ ᠳᠡᠭᠡᠷ᠎ᠡ ᠢᠯᠡ ᠨᠡᠶᠢᠲᠡᠯᠡᠬᠦ ᠶᠢ ᠣᠷᠳᠣ ᠬᠤᠭᠤᠴᠠᠭ᠎ᠠ ᠪᠠᠷ ᠬᠡᠪ ᠢᠶᠠᠷ ᠨᠢ ᠪᠠᠶᠢᠯᠭᠠᠬᠤ ᠬᠡᠷᠡᠭᠲᠡᠢ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ