ᠰᠢᠨ᠎ᠡ ᠪᠠᠷᠭᠤ ᠪᠠᠷᠠᠭᠤᠨ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ︵ᠳᠣᠯᠤᠭ᠎ᠠ︶
ᠨᠡᠶᠢᠲᠡᠯᠡᠭᠰᠡᠨ ᠴᠠᠭ᠄
2022/11/23
       ᠨᠠᠢᠮᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ        ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ        ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠲᠤᠰᠬᠠᠢ ᠠᠵᠢᠯᠯᠠᠬᠤ ᠠᠩᠭᠢ ᠪᠠᠶᠢᠭᠤᠯᠤᠨ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠪᠠ ᠪᠡᠯᠡ ᠮᠦᠩᠭᠦᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠰᠤᠮᠤ ᠪᠠᠯᠭᠠᠰᠤ ᠵᠣᠬᠢᠴᠠᠯᠳᠤᠭᠰᠠᠨ ᠠᠵᠢᠯ ᠤᠨ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠠᠵᠢᠯ ᠤᠨ ᠤᠳᠤᠷᠢᠳᠬᠤ ᠳᠤᠭᠤᠶᠢᠯᠠᠩ ᠬᠤᠯᠪᠣᠭᠳᠠᠯ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠪᠠ ᠴᠢᠬᠤᠯᠠ ᠶᠡᠭᠡ ᠶᠠᠪᠤᠳᠠᠯ ᠢ ᠨᠠᠶᠢᠳᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ᠃ ᠬᠤᠰᠢᠭᠤ᠂ ᠰᠤᠮᠤ ᠪᠠᠯᠭᠠᠰᠤ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶᠎ ᠤ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠤᠮᠤ ᠪᠠᠯᠭᠠᠰᠤ ᠶᠢᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶᠎ ᠤ ᠱᠠᠩᠨᠠᠵᠤ ᠲᠣᠷᠭᠠᠬᠤ ᠡᠷᠬᠡ ᠬᠠᠷᠢᠭᠤᠴᠠᠯᠭ᠎ᠠ ᠶᠢ ᠴᠢᠩᠭᠠᠳᠬᠠᠵᠤ᠂ ᠮᠠᠯᠴᠢᠨ ᠲᠠᠷᠢᠶᠠᠴᠢᠳ ᠤᠨ ︽ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠳᠤᠯ ᠦᠭᠡᠢ ᠪᠠᠷ ᠬᠥᠭᠵᠢᠭᠦᠯᠬᠦ︾ ᠡᠵᠡᠩᠨᠡᠯᠲᠡ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠂ ᠳᠡᠭᠡᠷ᠎ᠡ ᠠᠴᠠ ᠳᠣᠷᠣᠭᠰᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠣᠶ ᠪᠣᠯᠭᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢᠨ ᠪᠢᠴᠢᠭ ᠲᠤ ᠱᠠᠲᠤ ᠱᠠᠲᠤ ᠪᠠᠷ ᠭᠠᠷ ᠤᠨ ᠥᠰᠥᠭ ᠵᠢᠷᠤᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠵᠤ᠂ ᠱᠠᠲᠤ ᠱᠠᠲᠤ ᠪᠠᠷ ᠬᠠᠮᠢᠶᠠᠷᠬᠤ ᠬᠥᠮᠥᠨ ᠲᠠᠢ᠂ ᠶᠠᠪᠤᠳᠠᠯ ᠪᠣᠯᠭᠠᠨ ᠳᠤ ᠭᠦᠢᠴᠡᠳᠬᠡᠬᠦ ᠬᠥᠮᠥᠨ ᠲᠠᠢ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠳᠣᠣᠷᠠᠬᠢ ᠮᠡᠲᠦ᠄        ᠳᠤᠭᠤᠶᠢᠯᠠᠩ ᠤᠨ ᠳᠠᠷᠤᠭ᠎ᠠ᠄ ᠴᠠᠩ ᠴᠢᠩ   ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ        ᠳᠤᠭᠤᠶᠢᠯᠠᠩ ᠤᠨ ᠳᠡᠳ᠋ ᠳᠠᠷᠤᠭ᠎ᠠ᠄ ᠪᠠᠢ ᠴᠦᠨ ᠮᠧᠶ    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ        ᠪᠦᠷᠢᠯᠳᠦᠭᠦᠨ᠄        ᠮᠠᠨᠳᠤᠯ᠎ᠠ    ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ        ᠶᠦᠩ ᠬᠤᠩ   ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ        ᠰᠢᠤᠸᠠᠢ ᠮᠧᠶ  ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠳᠠᠷᠤᠭ᠎ᠠ        ᠡᠷᠳᠡᠨᠢᠪᠤᠯᠠᠭ   ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ        ᠠᠷᠢᠭᠤᠨ   ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ        ᠎ ᠶᠢᠨ ᠭᠦᠸᠧ ᠶᠢᠩ   ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ        ᠯᠢ ᠬᠠᠢ ᠵᠢᠶᠦ᠋ᠨ    ᠬᠤᠰᠢᠭᠤᠨ ᠤ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ        ᠦ᠋ ᠮᠢᠩ ᠱᠦᠢ    ᠠᠯᠳ᠋ᠬᠠᠮᠡᠭᠡᠯ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ        ᠢᠦᠢ ᠪᠠᠢ ᠮᠢᠩ   ᠠᠯᠳ᠋ᠬᠠᠮᠡᠭᠡᠯ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ        ᠰᠤᠷᠭᠠᠯᠲᠤ    ᠠᠷᠤᠬᠠᠰᠢᠶᠠᠲᠤ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ        ᠪᠠᠶᠠᠷᠲᠤ    ᠠᠷᠤᠬᠠᠰᠢᠶᠠᠲᠤ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ        ᠣᠷᠭᠢᠯ    ᠬᠥᠯᠥᠨ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ        ᠯᠢᠦ ᠰᠢᠦᠢ ᠳ᠋ᠦᠩ    ᠬᠥᠯᠥᠨ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ        ᠬᠠᠨ ᠶᠦᠩ ᠯᠢ    ᠬᠡᠷᠦᠯᠦᠨ ᠰᠣᠮᠣ ᠶᠢᠨ ᠨᠠᠮ ᠤᠨ ᠬᠤᠷᠢᠶᠠᠨ ᠤ ᠱᠦᠵᠢ        ᠨᠠᠷᠠᠰᠤ    ᠬᠡᠷᠦᠯᠦᠨ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ        ᠮᠠ ᠮᠦᠷᠡᠨ    ᠪᠤᠶᠢᠷ ᠰᠣᠮᠣ ᠶᠢᠨ ᠨᠠᠮ ᠤᠨ ᠬᠤᠷᠢᠶᠠᠨ ᠤ ᠱᠦᠵᠢ        ᠲᠦᠪᠰᠢᠨᠵᠢᠷᠭᠠᠯ    ᠪᠤᠶᠢᠷ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ        ᠢᠦᠢ ᠴᠢᠩᠡᠦ᠋ᠨᠡᠨ   ᠳᠠᠯᠠᠢ ᠰᠤᠮᠤ ᠶᠢᠨ ᠨᠠᠮ ᠤᠨ ᠬᠤᠷᠢᠶᠠᠨ ᠤ ᠱᠦᠵᠢ        ᠤᠯᠠᠭᠠᠨ    ᠳᠠᠯᠠᠢ ᠰᠤᠮᠤ  ᠎ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ        ᠪᠠᠢ ᠴᠠᠩ ᠱᠧᠩ    ᠪᠣᠭᠳᠠᠠᠭᠤᠯᠠ ᠰᠣᠮᠣ ᠶᠢᠨ ᠨᠠᠮ ᠤᠨ ᠬᠤᠷᠢᠶᠠᠨ ᠤ ᠱᠦᠵᠢ        ᠪᠠᠶᠠᠰᠬᠤᠯᠠᠩ    ᠪᠣᠭᠳᠠᠠᠭᠤᠯᠠ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠮᠤ        ᠣᠷᠭᠢᠯ    ᠠᠯᠳ᠋ᠬᠠᠮᠡᠭᠡᠯ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ        ᠮᠡᠷᠭᠡᠵᠢᠯ   ᠠᠷᠤᠬᠠᠰᠢᠶᠠᠲᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ        ᠸᠠᠩ ᡁᠢ ᠴᠢ   ᠬᠥᠯᠥᠨ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ        ᠶᠦᠩ ᠱᠧᠩ   ᠬᠡᠷᠦᠯᠦᠨ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ        ᠬᠠᠨ ᠮᠢᠩ    ᠪᠤᠶᠢᠷ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ        ᠨᠠᠰᠤᠨᠵᠢᠷᠭᠠᠯ    ᠳᠠᠯᠠᠢ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ        ᠭᠤᠤ ᠭᠤᠸᠠᠨ ᠵᠢᠶᠦ᠋ᠨ     ᠪᠣᠭᠳᠠᠠᠭᠤᠯᠠ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ        ᠤᠳᠤᠷᠢᠳᠬᠤ ᠳᠤᠭᠤᠶᠢᠯᠠᠩ ᠤᠨ ᠳᠣᠣᠷ᠎ᠠ ᠬᠤᠶᠠᠷ ᠠᠯᠪᠠᠨ ᠭᠡᠷ ᠲᠣᠬᠢᠷᠠᠭᠤᠯᠵᠤ᠂ ᠡᠭᠦᠨ ᠳᠤ ᠨᠦᠬᠦᠪᠦᠷᠢ ᠱᠠᠩᠨᠠᠯ ᠤᠨ ᠠᠵᠢᠯ ᠤᠨ ᠠᠯᠪᠠᠨ ᠭᠡᠷ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠶᠦᠩ ᠬᠤᠩ ᠬᠠᠪᠰᠤᠷᠭᠠᠨ ᠬᠠᠷᠢᠭᠤᠴᠠᠵᠤ᠂ ᠳᠡᠳ᠋ ᠡᠷᠬᠢᠯᠡᠭᠴᠢ ᠶᠢᠨ ᠲᠤᠰᠢᠶᠠᠯ ᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠠᠷᠢᠭᠤᠨ ᠬᠠᠪᠰᠤᠷᠭᠠᠨ ᠬᠠᠷᠢᠭᠤᠴᠠᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠨᠠᠶᠢᠳᠠᠪᠤᠷᠢᠵᠢᠭᠤᠯᠬᠤ ᠶᠢ ᠠᠬᠢᠭᠤᠯᠬᠤ ᠠᠵᠢᠯ ᠢ ᠪᠣᠳᠠᠲᠠᠢ ᠬᠠᠷᠢᠭᠤᠴᠠᠨ᠎ᠠ︔ ᠡᠭᠦᠨ ᠠᠴᠠ ᠭᠠᠳᠠᠨ᠎ᠠ᠂ ᠬᠢᠨᠠᠨ ᠬᠠᠮᠢᠶᠠᠷᠤᠯᠲᠠ ᠶᠢᠨ ᠠᠯᠪᠠᠨ ᠭᠡᠷ ᠢ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠡᠷᠳᠡᠨᠢᠪᠤᠯᠠᠭ ᠬᠠᠪᠰᠤᠷᠭᠠᠨ ᠬᠠᠷᠢᠭᠤᠴᠠᠵᠤ᠂ ᠳᠡᠳ᠋ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠯᠢ ᠬᠠᠢ ᠵᠢᠶᠦ᠋ᠨ ᠬᠠᠪᠰᠤᠷᠭᠠᠨ ᠬᠠᠷᠢᠭᠤᠴᠠᠨ᠎ᠠ᠃ ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠪᠣᠳᠠᠲᠠᠢ ᠬᠠᠷᠢᠭᠤᠴᠠᠨ ᠵᠢᠯᠤᠭᠤᠳᠴᠤ᠂ ᠬᠠᠤᠯᠢ ᠶᠣᠰᠣᠭᠠᠷ ᠨᠤᠲᠤᠭ ᠪᠡᠯᠴᠢᠭᠡᠷ ᠢ ᠴᠢᠩᠭ᠎ᠠ ᠬᠠᠮᠢᠶᠠᠷᠤᠨ ᠵᠠᠰᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠤᠯᠪᠣᠭᠳᠠᠯ ᠪᠦᠬᠦᠢ ᠠᠵᠢᠯ ᠢ ᠴᠢᠩᠭᠠᠳᠬᠠᠬᠤ ᠬᠡᠷᠡᠭᠲᠡᠢ᠃       ︵ᠬᠤᠶᠠᠷ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ        ᠬᠤᠰᠢᠭᠤᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠪᠡᠯᠡ ᠮᠦᠩᠭᠦᠨ ᠤ ᠬᠡᠷᠡᠭᠯᠡᠯᠲᠡ ᠪᠠ ᠬᠠᠮᠢᠶᠠᠷᠤᠯᠲᠠ ᠶᠢ ᠳᠦᠷᠢᠮᠵᠢᠭᠦᠯᠬᠦ ᠬᠡᠷᠡᠭᠲᠡᠢ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠠᠵᠢᠯ ᠤᠨ ᠵᠠᠷᠤᠳᠠᠯ ᠢ ᠵᠣᠬᠢᠰᠲᠠᠢ ᠲᠣᠬᠢᠷᠠᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠬᠢᠨᠠᠯᠲᠠ ᠬᠠᠮᠢᠶᠠᠷᠤᠯᠲᠠ᠂ ᠳᠡᠩᠰᠡᠯᠡᠨ ᠲᠡᠮᠳᠡᠭᠯᠡᠬᠦ᠂ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠤᠬᠠᠭᠤᠯᠭ᠎ᠠ ᠬᠢᠬᠦ ᠵᠡᠷᠭᠡ ᠬᠠᠮᠢᠶᠠᠷᠤᠯᠲᠠ ᠶᠢᠨ ᠵᠠᠷᠤᠯᠭ᠎ᠠ ᠶᠢ ᠪᠠᠲᠤᠯᠠᠵᠤ᠂ ᠨᠥᠬᠦᠪᠦᠷᠢ ᠱᠠᠩᠨᠠᠯ ᠤᠨ ᠮᠥᠩᠭᠦ ᠶᠢ ᠡᠵᠡᠯᠡᠬᠦ᠂ ᠠᠵᠢᠯ ᠤᠨ ᠵᠠᠷᠤᠳᠠᠯ ᠳᠤ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃        ︵ᠭᠤᠷᠪᠠ︶ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠢ        ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ᠃ ᠡᠳ᠋ ᠤᠨ ᠵᠠᠰᠠᠭ ᠤᠨ ᠲᠣᠪᠴᠢᠶ᠎ᠠ ᠠᠴᠠ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠦᠩᠭᠦᠨ ᠤ ᠬᠤᠪᠢᠶᠠᠷᠢᠯᠠᠯᠲᠠ ᠶᠢᠨ ᠪᠠᠶᠢᠳᠠᠯ ᠢ ᠦᠨᠳᠦᠰᠦᠯᠡᠨ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠪᠡᠯᠡ ᠮᠥᠩᠭᠦ ᠶᠢᠨ ᠲᠤᠰᠬᠠᠢ ᠲᠠᠩᠰᠠ ᠪᠠᠶᠢᠭᠤᠯᠵᠤ᠂ ᠲᠠᠩᠰᠠ ᠬᠤᠪᠢᠶᠠᠨ ᠲᠣᠭᠠᠴᠠᠭ᠎ᠠ ᠬᠢᠵᠦ᠂ ᠲᠤᠰᠬᠠᠢ ᠵᠣᠭᠤᠰ ᠢ ᠲᠤᠰᠬᠠᠢ ᠵᠦᠢᠯ ᠳᠤᠨᠢ ᠬᠡᠷᠡᠭᠯᠡᠬᠦ ᠶᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠡᠯᠡ ᠮᠥᠩᠭᠦ ᠲᠠᠷᠬᠠᠭᠠᠬᠤ ᠪᠠ ᠠᠵᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ︔ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠢᠳᠡᠪᠬᠢᠲᠡᠢ ᠥᠷᠨᠢᠭᠦᠯᠬᠦ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠳᠤ ᠲᠠᠶᠢᠯᠤᠮᠵᠢ ᠬᠢᠬᠦ᠂ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠢ ᠴᠢᠩᠭᠠᠳᠬᠠᠵᠤ᠂ ᠠᠵᠢᠯ ᠤᠨ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ᠂ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ︔ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ︶᠎ ᠢ ᠬᠠᠷᠢᠭᠤᠴᠠᠨ ᠵᠢᠯᠤᠭᠤᠳᠴᠤ᠂ ᠳᠤᠯᠠᠭᠠᠨ ᠤᠯᠠᠷᠢᠯ ᠤᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠵᠦᠢ ᠵᠣᠬᠢᠰᠲᠠᠢ ᠬᠤᠪᠢᠶᠠᠷᠢᠯᠠᠨ ᠲᠣᠭᠲᠠᠭᠠᠵᠤ᠂ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠰᠡᠯᠭᠦᠨ ᠮᠠᠯᠵᠢᠬᠤ ᠡᠬᠢᠯᠡᠯ ᠲᠡᠭᠦᠰᠬᠡᠯ ᠤᠨ ᠴᠠᠭ ᠢ ᠲᠣᠭᠲᠠᠭᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠵᠢᠯᠤᠭᠤᠳᠴᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢ ᠴᠢᠩᠭᠠᠳᠬᠠᠬᠤ ᠬᠡᠷᠡᠭᠲᠡᠢ᠃ ᠬᠤᠰᠢᠭᠤ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠢᠶᠠᠷ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠬᠤ ᠲᠣᠣᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠲᠤᠰᠬᠠᠢ ᠬᠠᠮᠢᠶᠠᠷᠤᠨ ᠬᠠᠮᠠᠭᠠᠯᠠᠭᠴᠢ ᠶᠢ ᠲᠣᠬᠢᠷᠠᠭᠤᠯᠤᠨ᠂ ᠲᠣᠣᠷᠵᠢᠭᠤᠯᠤᠭᠰᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠨᠤᠲᠤᠭ ᠪᠡᠯᠴᠢᠭᠡᠷ ᠢ ᠬᠢᠨᠠᠨ ᠬᠡᠮᠵᠢᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠦᠷᠨᠢᠭᠦᠯᠦᠨ᠂ ᠬᠢᠨᠠᠨ ᠬᠡᠮᠵᠢᠭᠰᠡᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠵᠦᠢ ᠵᠣᠬᠢᠰᠲᠠᠢ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠪᠠ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠬᠡᠷᠡᠭᠲᠡᠢ᠃       ︵ᠳᠥᠷᠪᠡ︶ ᠬᠢᠨᠠᠯᠲᠠ ᠲᠠᠯᠪᠢᠵᠤ ᠪᠠᠲᠤᠯᠠᠬᠤ ᠶᠢ ᠴᠢᠩᠭᠠᠳᠬᠠᠬᠤ ᠬᠡᠷᠡᠭᠲᠡᠢ        ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠨᠦᠬᠦᠪᠦᠷᠢ ᠱᠠᠩᠨᠠᠯ ᠤᠨ ᠮᠥᠩᠭᠦ ᠶᠢ ᠦᠯᠡᠳᠡᠭᠡᠨ ᠠᠪᠬᠤ᠂ ᠮᠡᠬᠡᠯᠡᠨ ᠠᠪᠬᠤ᠂ ᠬᠤᠳᠠᠯ ᠢᠶᠠᠷ ᠮᠡᠳᠡᠭᠦᠯᠵᠦ ᠮᠡᠬᠡᠯᠡᠨ ᠠᠪᠬᠤ ᠪᠠ ᠬᠤᠪᠳᠣᠭᠯᠠᠨ ᠡᠵᠡᠯᠡᠬᠦ ᠠᠰᠠᠭᠤᠳᠠᠯ ᠭᠠᠷᠬᠤ ᠠᠴᠠ ᠰᠡᠷᠭᠡᠶᠢᠯᠡᠬᠦ ᠶᠢᠨ ᠲᠦᠯᠦᠭᠡ᠂ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠥᠬᠦ ᠶᠠᠪᠤᠴᠠ ᠶᠢ ᠢᠯᠡ ᠲᠣᠳᠣ ᠬᠡᠷᠡᠭᠵᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠨᠠᠯᠲᠠ ᠲᠠᠯᠪᠢᠬᠤ ᠠᠵᠢᠯ ᠤᠨ ᠬᠡᠯᠬᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ᠪᠡᠯᠡ ᠮᠥᠩᠭᠦ ᠶᠢ ᠲᠠᠷᠬᠠᠭᠠᠬᠤ ᠶᠠᠪᠤᠴᠠ ᠳᠤ ᠬᠠᠤᠯᠢ ᠰᠠᠬᠢᠯᠭ᠎ᠠ ᠠᠴᠠ ᠵᠥᠷᠢᠴᠡᠭᠰᠡᠨ ᠦᠶᠯᠡ ᠠᠵᠢᠯᠯᠠᠭ᠎ᠠ ᠭᠠᠷᠭᠠᠭᠰᠠᠨ ᠠᠵᠢᠯᠲᠠᠨ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠷᠢᠭᠤᠴᠠᠯᠭ᠎ᠠ ᠨᠡᠬᠡᠮᠵᠢᠯᠡᠭᠦᠯᠵᠦ᠂ ᠨᠦᠬᠦᠪᠦᠷᠢ ᠱᠠᠩᠨᠠᠯ ᠤᠨ ᠮᠥᠩᠭᠦ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠬᠤ ᠬᠡᠷᠡᠭᠲᠡᠢ᠃        ︵ᠲᠠᠪᠤ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ        ᠰᠣᠨᠢᠨ ᠮᠡᠳᠡᠭᠡᠨ ᠤ ᠵᠠᠭᠤᠴᠢᠯᠠᠭᠤᠷ ᠤᠨ ᠦᠢᠯᠡᠳᠦᠯ ᠢ ᠪᠠᠳᠠᠷᠠᠭᠤᠯᠵᠤ᠂ ᠷᠠᠳᠢᠣ᠋ ᠲᠧᠯᠸᠢᠰ᠂ ᠰᠣᠨᠢᠨ ᠰᠡᠳᠬᠦᠯ᠂ ᠭᠠᠷ ᠤᠲᠠᠰᠤ ᠰᠦᠯᠵᠢᠶ᠎ᠡ ᠵᠡᠷᠭᠡ ᠣᠯᠠᠨ ᠡᠰᠢᠲᠦ ᠰᠣᠨᠢᠨ ᠮᠡᠳᠡᠭᠡᠨ ᠤ ᠠᠴᠢᠶᠠᠯᠠᠪᠤᠷᠢ ᠳᠤ ᠲᠦᠰᠢᠭᠯᠡᠬᠦ ᠪᠠ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠨ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠪᠠ ᠬᠡᠷᠡᠭᠵᠢᠭᠦᠯᠬᠦ ᠠᠷᠭ᠎ᠠ ᠵᠠᠮ ᠢ ᠣᠨᠣᠪᠴᠢᠲᠠᠶ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠪᠥᠬᠦ ᠨᠡᠶᠢᠭᠡᠮ ᠢᠶᠠᠷ ᠢᠶᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠳᠤ ᠣᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠮᠠᠯᠴᠢᠨ ᠲᠠᠷᠢᠶᠠᠴᠢᠳ ᠤᠨ ᠨᠤᠲᠤᠭ ᠪᠡᠯᠴᠢᠭᠡᠷ ᠢ ᠬᠠᠮᠠᠭᠠᠯᠠᠬᠤ ᠢᠳᠡᠪᠬᠢᠵᠢᠯ ᠪᠠ ᠬᠠᠷᠢᠭᠤᠴᠠᠯᠭᠠᠲᠤ ᠰᠡᠳᠬᠢᠯᠭᠡ ᠶᠢ ᠳᠠᠶᠢᠴᠢᠯᠠᠨ᠂ ᠮᠠᠯᠴᠢᠨ ᠲᠠᠷᠢᠶᠠᠴᠢᠳ ᠤᠨ ᠣᠷᠤᠯᠴᠠᠬᠤ ᠬᠡᠮᠵᠢᠶ᠎ᠡ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠬᠦ ᠬᠡᠷᠡᠭᠲᠡᠢ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ