ᠰᠢᠨ᠎ᠡ ᠪᠠᠷᠭᠤ ᠪᠠᠷᠠᠭᠤᠨ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ︵ᠨᠢᠭᠡ︶
ᠨᠡᠶᠢᠲᠡᠯᠡᠭᠰᠡᠨ ᠴᠠᠭ᠄
2022/11/23
       ᠤᠯᠤᠰ ᠤᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ︵ᠳᠣᠷᠣᠭᠰᠢ ︽ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ︾ ᠭᠡᠵᠦ ᠲᠣᠪᠴᠢᠯᠠᠨ᠎ᠠ︶ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ᠂ ︽ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠡᠷᠡᠭᠵᠢᠭᠦᠯᠬᠦ ᠲᠥᠰᠥᠯ ︵2021- 2025 ᠣᠨ︶︾ ︵ᠬᠦᠯᠦᠨ ᠵᠠᠰᠠᠭ ᠠᠯᠪᠠᠨ ᠲᠠᠷᠬᠠᠭᠠᠭᠰᠠᠨ ﹇2022﹈ 18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃       ᠨᠢᠭᠡ᠂ ᠵᠢᠯᠤᠭᠤᠳᠬᠤ ᠦᠵᠡᠯ ᠰᠠᠨᠠᠭ᠎ᠠ ᠵᠢᠴᠢ ᠴᠢᠬᠤᠯᠠ ᠠᠴᠢ ᠬᠤᠯᠪᠣᠭᠳᠠᠯ        ︵ᠨᠢᠭᠡ︶ ᠵᠢᠯᠤᠭᠤᠳᠬᠤ ᠦᠵᠡᠯ ᠰᠠᠨᠠᠭ᠎ᠠᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠬᠥᠮᠥᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠣᠷᠣᠰᠢᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠠᠮᠢ ᠠᠬᠤᠢ ᠪᠠ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠬᠤᠷᠠᠮᠠᠯ ᠦᠢᠯᠡᠳᠦᠯ ᠢ ᠪᠠᠳᠠᠷᠠᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠪᠠ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠪᠠ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠳᠠᠷᠤᠯᠲᠠ ᠶᠢ ᠦᠨᠡᠨᠬᠦ ᠬᠥᠩᠭᠡᠷᠡᠭᠦᠯᠵᠦ᠂ ᠨᠤᠲᠤᠭ ᠪᠡᠯᠴᠢᠭᠡᠷ ᠤᠨ ᠠᠮᠤᠷᠵᠢᠨ ᠲᠡᠩᠬᠡᠷᠡᠬᠦ ᠶᠢ ᠠᠬᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠡᠷᠭᠦᠭᠡᠯᠲᠡ ᠶᠢ ᠲᠦᠷᠭᠡᠳᠬᠡᠵᠦ᠂ ᠲᠠᠯ᠎ᠠ ᠨᠤᠲᠤᠭ ᠮᠠᠯᠵᠢᠬᠤ ᠣᠷᠣᠨ ᠤ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠤᠨ ᠵᠣᠬᠢᠴᠠᠯᠳᠤᠨ ᠬᠥᠭᠵᠢᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃       ︵ᠬᠤᠶᠠᠷ︶ ᠴᠢᠬᠤᠯᠠ ᠠᠴᠢ ᠬᠤᠯᠪᠣᠭᠳᠠᠯ        ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠰᠢᠨ᠎ᠡ ᠪᠠᠷᠭᠤ ᠪᠠᠷᠠᠭᠤᠨ ᠬᠤᠰᠢᠭᠤ ᠤᠯᠤᠰ ᠤᠨ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ 3413 ᠲᠦᠮᠡᠨ ᠮᠦ ᠨᠤᠲᠤᠭ ᠪᠡᠯᠴᠢᠭᠡᠷ ᠲᠤ ᠨᠥᠬᠦᠪᠦᠷᠢ ᠱᠠᠩᠨᠠᠯ ᠣᠯᠭᠤᠪᠠ᠂ ᠡᠭᠦᠨ ᠳᠤ᠂ ᠮᠠᠯ ᠪᠡᠯᠴᠢᠭᠡᠷ ᠢ ᠲᠡᠩᠴᠡᠭᠦᠷᠢᠰᠢᠭᠦᠯᠦᠭᠰᠡᠨ ᠲᠠᠯᠠᠪᠠᠶ 3013 ᠲᠦᠮᠡᠨ ᠮᠦ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠲᠠᠯᠠᠪᠠᠶ 400 ᠲᠦᠮᠡᠨ ᠮᠦ ᠪᠠᠶᠢᠵᠤ᠂ ᠵᠢᠯ ᠪᠦᠷᠢ 1.93 ᠳ᠋ᠦᠩᠰᠢᠭᠤᠷ ᠲᠥᠭᠦᠷᠢᠭ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠲᠠᠷᠬᠠᠭᠠᠵᠤ᠂ 7 ᠰᠤᠮᠤ ᠪᠠᠯᠭᠠᠰᠤ᠂ 59 ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ ᠤ 1.3 ᠲᠦᠮᠡᠨ ᠮᠠᠯᠴᠢᠨ ᠲᠠᠷᠢᠶᠠᠴᠢᠳ ᠠᠰᠢᠭ ᠬᠦᠷᠲᠡᠪᠡ᠃ ᠨᠤᠲᠤᠭ ᠪᠡᠯᠴᠢᠭᠡᠷ ᠤᠨ ᠠᠮᠢ ᠠᠬᠤᠢ ᠢᠯᠡᠳᠲᠡ ᠰᠠᠶᠢᠵᠢᠷᠠᠯᠲᠠ ᠲᠠᠢ ᠪᠣᠯᠵᠤ᠂ ᠮᠠᠯᠴᠢᠨ ᠲᠠᠷᠢᠶᠠᠴᠢᠳ ᠤᠨ ᠨᠤᠲᠤᠭ ᠪᠡᠯᠴᠢᠭᠡᠷ ᠢ ᠬᠠᠮᠠᠭᠠᠯᠠᠬᠤ ᠦᠵᠡᠯ ᠤᠬᠠᠮᠰᠠᠷ ᠢᠯᠡᠳᠲᠡ ᠳᠡᠭᠡᠭᠰᠢᠯᠡᠨ᠂ ᠠᠮᠢᠳᠤᠷᠠᠯ ᠤᠨ ᠬᠢᠷᠢ ᠲᠦᠪᠰᠢᠨ ᠦᠷᠭᠦᠯᠵᠢᠯᠡᠨ ᠰᠠᠶᠢᠵᠢᠷᠠᠵᠤ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠪᠠ ᠠᠮᠢ ᠠᠬᠤᠢ ᠶᠢ ᠬᠠᠮᠠᠭᠠᠯᠠᠬᠤ ᠶᠢᠨ ᠳᠤᠮᠳᠠ ᠬᠥᠭᠵᠢᠭᠦᠯᠵᠦ᠂ ᠨᠤᠲᠤᠭ ᠪᠡᠯᠴᠢᠭᠡᠷ ᠤᠨ ᠥᠪᠡᠷ ᠢ ᠪᠠᠨ ᠰᠢᠨᠡᠳᠬᠡᠨ ᠰᠡᠷᠭᠦᠭᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠡᠳᠦᠷ ᠢᠷᠡᠬᠦᠶ᠎ᠡ ᠪᠠᠶᠠᠯᠢᠭᠵᠢᠭᠤᠯᠵᠤ᠂ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠴᠢᠳᠠᠪᠤᠷᠢ ᠲᠣᠭᠲᠠᠭᠤᠨ ᠢᠶᠠᠷ ᠰᠠᠶᠢᠵᠢᠷᠠᠪᠠ᠃        ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠤᠯᠤᠰ ᠠᠴᠠ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠪᠣᠯ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠵᠤ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢ ᠨᠢᠭᠡᠳᠦᠯᠲᠡᠢ ᠲᠥᠯᠥᠪᠯᠡᠬᠦ ᠶᠢᠨ ᠲᠥᠯᠥᠭᠡ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ︔ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ᠂ ᠮᠠᠯᠴᠢᠨ ᠲᠠᠷᠢᠶᠠᠴᠢᠳ ᠤᠨ ᠠᠮᠢᠳᠤᠷᠠᠯ ᠢ ᠰᠠᠶᠢᠵᠢᠷᠠᠭᠤᠯᠬᠤ᠂ ᠮᠠᠯ ᠪᠡᠯᠴᠢᠭᠡᠷ ᠤᠨ ᠦᠢᠯᠡᠳᠪᠦᠷᠢᠯᠡᠯ ᠤᠨ ᠬᠡᠯᠪᠡᠷᠢ ᠶᠢ ᠬᠤᠪᠢᠷᠠᠭᠤᠯᠬᠤ ᠪᠠ ᠦᠷᠭᠦᠯᠵᠢᠯᠡᠨ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠠᠮᠢ ᠠᠬᠤᠢ ᠶᠢᠨ ᠬᠠᠷᠢᠯᠴᠠᠨ ᠠᠬᠢᠭᠤᠯᠵᠤ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠮᠠᠨ ᠤ ᠬᠤᠰᠢᠭᠤᠨ ᠤ ᠮᠠᠯᠵᠢᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号