ᠰᠢᠨ᠎ᠡ ᠪᠠᠷᠭᠤ ᠪᠠᠷᠠᠭᠤᠨ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ︵ᠬᠤᠶᠠᠷ︶
ᠨᠡᠶᠢᠲᠡᠯᠡᠭᠰᠡᠨ ᠴᠠᠭ᠄
2022/11/23
       ᠬᠤᠶᠠᠷ᠂ ᠶᠡᠷᠦᠩᠬᠡᠢ ᠬᠠᠷᠠᠯᠲᠠ ᠬᠢᠭᠡᠳ ᠦᠨᠳᠦᠰᠦᠨ ᠵᠠᠷᠴᠢᠮ        ︵ᠨᠢᠭᠡ︶ ᠶᠡᠷᠦᠩᠬᠡᠢ ᠬᠠᠷᠠᠯᠲᠠ        ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠡᠮᠵᠢᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠶᠢᠨ ᠬᠤᠭᠤᠴᠠᠭᠠᠨ ᠳᠤ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠶᠢ 60% ᠣᠷᠴᠢᠮ ᠳᠤ ᠲᠣᠭᠲᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠶᠠᠰᠤ ᠴᠢᠨᠠᠷ ᠢ ᠢᠯᠡᠳᠲᠡ ᠰᠠᠶᠢᠵᠢᠷᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠲᠣᠪᠣᠶᠢᠮ᠎ᠠ ᠪᠣᠯᠭᠠᠨ᠎ᠠ︔ ᠮᠠᠯᠴᠢᠨ ᠲᠠᠷᠢᠶᠠᠴᠢᠳ ᠤᠨ ᠨᠤᠲᠤᠭ ᠪᠡᠯᠴᠢᠭᠡᠷ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︔ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠯᠢᠯᠢᠭ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠨ᠂ ᠡᠪᠡᠰᠦ ᠪᠡᠯᠴᠢᠭᠡᠷ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ᠎ᠠ︔ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠨ᠎ᠠ᠃        ︵ᠬᠤᠶᠠᠷ︶ ᠦᠨᠳᠦᠰᠦᠨ ᠵᠠᠷᠴᠢᠮ        ︱ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠨ᠎ᠠ᠃ ︽ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠦᠢᠯᠡᠳᠪᠦᠷᠢᠯᠡᠯ ᠠᠮᠢ ᠠᠬᠤᠢ ᠶᠢ ᠣᠷᠭᠠᠨᠢᠭ ᠢᠶᠠᠷ ᠤᠶᠠᠯᠳᠤᠭᠤᠯᠬᠤ︾ ᠦᠨᠳᠦᠰᠦᠨ ᠴᠢᠭᠯᠡᠯᠲᠡ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠡᠯ᠎ᠡ ᠵᠦᠢᠯ ᠤᠨ ᠬᠠᠮᠠᠭᠠᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠵᠦ᠂ ᠮᠠᠯᠵᠢᠬᠤ ᠣᠷᠣᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠰᠠᠭᠤᠷᠢ ᠶᠢ ᠪᠠᠬᠢᠵᠢᠭᠦᠯᠦᠨ᠎ᠡ᠃        ︱ ᠡᠷᠬᠡ ᠬᠠᠷᠢᠭᠤᠴᠠᠯᠭ᠎ᠠ ᠶᠢ ᠲᠣᠳᠣᠷᠬᠠᠢ ᠪᠠᠶᠢᠯᠭᠠᠵᠤ᠂ ᠱᠠᠲᠤ ᠬᠤᠪᠢᠶᠠᠨ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠭᠤᠣᠯ ᠴᠣᠭᠴᠠ ᠪᠠᠶᠢᠵᠤ᠂ ᠲᠥᠰᠥᠯ ᠢ ᠨᠠᠷᠢᠯᠢᠭᠵᠢᠭᠤᠯᠤᠨ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ᠂ ᠬᠠᠷᠠᠯᠲᠠ᠂ ᠡᠭᠦᠷᠭᠡ᠂ ᠬᠠᠷᠢᠭᠤᠴᠠᠯᠭ᠎ᠠ᠂ ᠠᠷᠭ᠎ᠠ ᠶᠢᠨ ︽ᠲᠠᠪᠤ ᠶᠢ ᠨᠠᠶᠢᠳᠠᠪᠤᠷᠢᠵᠢᠭᠤᠯᠬᠤ︾ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠱᠠᠲᠤ ᠳᠠᠷᠠᠭᠠᠯᠠᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ᠂ ᠡᠭᠦᠷᠭᠡ ᠶᠢᠨ ᠭᠦᠢᠴᠡᠳᠬᠡᠯ ᠲᠤᠭ᠎ᠠ ᠶᠢ ᠵᠠᠳᠠᠯᠵᠤ᠂ ᠪᠡᠯᠡ ᠮᠥᠩᠭᠦ ᠶᠢᠨ ᠬᠠᠮᠢᠶᠠᠷᠤᠯᠲᠠ ᠪᠠ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠶᠢ ᠬᠢᠨᠠᠨ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠦᠨ᠎ᠡ᠃        ︱ ᠲᠥᠷᠥ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠵᠤ᠂ ᠯᠠᠪᠳᠠᠭᠤᠨ ᠢᠶᠠᠷ ᠠᠬᠢᠭᠤᠯᠬᠤ ᠶᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠲᠣᠭᠲᠠᠭᠤᠨ ᠪᠠᠶᠢᠯᠭᠠᠵᠤ᠂ ᠠᠰᠢᠭ ᠭᠥᠷᠳᠡᠬᠦ ᠬᠥᠮᠥᠰ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠰᠤᠯᠠᠷᠠᠭᠤᠯᠬᠤ ᠦᠭᠡᠢ᠂ ᠨᠥᠬᠦᠪᠦᠷᠢ ᠱᠠᠩᠨᠠᠯ ᠤᠨ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠢᠵᠢ ᠪᠦᠷᠢᠳᠦᠭᠦᠯᠬᠦ ᠪᠡᠯᠡ ᠮᠥᠩᠭᠦ ᠶᠢ ᠲᠠᠰᠤᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠡᠮᠦᠨ᠎ᠡ ᠬᠤᠶᠠᠷ ᠡᠭᠡᠯᠵᠢ ᠶᠢᠨ ᠰᠠᠶᠢᠨ ᠠᠷᠭ᠎ᠠ ᠪᠠᠷᠢᠯ ᠢ ᠦᠷᠭᠦᠯᠵᠢᠯᠡᠨ ᠬᠡᠷᠡᠭᠵᠢᠭᠦᠯᠦᠨ᠎ᠡ᠃        ︱ ᠨᠤᠲᠤᠭ ᠪᠡᠯᠴᠢᠭᠡᠷ ᠤᠨ ᠬᠡᠮᠵᠢᠶ᠎ᠡ ᠪᠠᠷ ᠮᠠᠯ ᠤᠨ ᠲᠤᠭ᠎ᠠ ᠲᠣᠯᠣᠭᠠᠢ ᠶᠢ ᠲᠣᠭᠲᠠᠭᠠᠵᠤ᠂ ᠦᠷᠭᠦᠯᠵᠢᠯᠡᠨ ᠬᠥᠭᠵᠢᠭᠦᠯᠬᠦ ᠶᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠲᠤᠬᠠᠢ ᠶᠢᠨ ᠭᠠᠵᠠᠷ ᠤᠨ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠪᠤᠰᠤᠳᠴᠢ ᠪᠣᠳᠠᠲᠤ ᠪᠠᠶᠢᠳᠠᠯ ᠢ ᠬᠦᠨᠳᠦᠳᠬᠡᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠬᠤᠪᠢᠶᠠᠷᠢᠯᠠᠨ ᠲᠣᠭᠲᠠᠭᠠᠵᠤ᠂ ᠨᠤᠲᠤᠭ ᠪᠡᠯᠴᠢᠭᠡᠷ ᠤᠨ ᠪᠠᠭᠲᠠᠭᠠᠮᠵᠢ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠨ᠎ᠠ᠃        ︱ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠬᠠᠷᠢᠯᠴᠠᠨ ᠤᠶᠠᠯᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠲᠠᠢ ᠬᠠᠷᠢᠯᠴᠠᠨ ᠤᠶᠠᠯᠳᠤᠭᠤᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠲᠠᠢ ᠬᠠᠷᠢᠯᠴᠠᠨ ᠤᠶᠠᠯᠳᠤᠭᠤᠯᠵᠤ᠂ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ ᠲᠠᠢ ᠬᠠᠷᠢᠯᠴᠠᠨ ᠤᠶᠠᠯᠳᠤᠭᠤᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ᠃        ︱ ᠢᠯᠡ ᠲᠣᠳᠣ ᠪᠠᠶᠢᠯᠭᠠᠬᠤ ᠶᠢ ᠪᠠᠷᠢᠮᠲᠠᠯᠠᠵᠤ᠂ ᠨᠦᠬᠦᠪᠦᠷᠢ ᠱᠠᠩᠨᠠᠯ ᠢ ︽ᠲᠠᠪᠤ ᠶᠢ ᠡᠷᠦᠬᠡ ᠳᠤ ᠬᠦᠷᠦᠭᠦᠯᠬᠦ︾ ᠶᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠥᠬᠦ ᠶᠠᠪᠤᠴᠠ ᠶᠢ ᠢᠯᠡ ᠲᠣᠳᠣ ᠪᠠᠶᠢᠯᠭᠠᠬᠤ ᠶᠢ ᠪᠠᠷᠢᠮᠲᠠᠯᠠᠨ᠂ ᠡᠭᠦᠷᠭᠡ ᠶᠢ ᠨᠠᠶᠢᠳᠠᠪᠤᠷᠢᠵᠢᠭᠤᠯᠬᠤ᠂ ᠪᠡᠯᠡ ᠮᠥᠩᠭᠦ ᠲᠠᠷᠬᠠᠭᠠᠬᠤ᠂ ᠳᠠᠩᠰᠠᠯᠠᠵᠤ ᠺᠠᠷᠲᠯᠠᠬᠤ᠂ ᠦᠢᠯᠡᠴᠢᠯᠡᠭᠡᠨ ᠤ ᠵᠢᠯᠣᠭᠤᠳᠤᠯᠭ᠎ᠠ ᠬᠢᠬᠦ᠂ ᠬᠢᠨᠠᠯᠲᠠ ᠬᠠᠮᠢᠶᠠᠷᠤᠯᠲᠠ ᠭᠡᠬᠦ ︽ᠲᠠᠪᠤ ᠶᠢ ᠡᠷᠦᠬᠡ ᠳᠤ ᠬᠦᠷᠦᠭᠦᠯᠬᠦ︾ ᠶᠢ ᠪᠡᠶᠡᠯᠡᠭᠦᠯᠵᠦ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠭᠠᠴᠠᠭ᠎ᠠ ᠲᠣᠰᠬᠤᠨ ᠤ ᠱᠠᠲᠤᠨ ᠳᠤ ᠢᠯᠡ ᠨᠡᠶᠢᠲᠡᠯᠡᠬᠦ ᠳᠦᠷᠢᠮ ᠢ ᠲᠡᠷᠡ ᠬᠡᠪ ᠢᠶᠠᠷ ᠨᠢ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠢᠯᠡ ᠪᠠᠷ ᠬᠡᠷᠡᠭᠵᠢᠭᠦᠯᠬᠦ ᠶᠢ ᠪᠠᠲᠤᠯᠠᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号