ᠭᠤᠷᠪᠠ᠂ ᠬᠡᠷᠡᠭᠵᠢᠭᠦᠯᠬᠦ ᠬᠡᠪᠴᠢᠶ᠎ᠡ ᠪᠠ ᠬᠤᠪᠢᠶᠠᠷᠢ ᠣᠷᠣᠨ | ︵ᠨᠢᠭᠡ︶ ᠬᠡᠷᠡᠭᠵᠢᠭᠦᠯᠬᠦ ᠬᠡᠪᠴᠢᠶ᠎ᠡ | ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ︵ | 2021 ᠣᠨ ᠤ 1 ᠰᠠᠷ᠎ᠠ ᠶᠢᠨ 1 ᠤ ᠡᠳᠦᠷ ︱ 2025 ᠣᠨ ᠤ 12 ᠰᠠᠷ᠎ᠠ ᠶᠢᠨ 31 ᠤ ᠡᠳᠦᠷ︶ ᠳᠤ᠂ ᠮᠠᠨ ᠤ | ᠬᠤᠰᠢᠭᠤᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠠᠯᠠᠪᠠᠶ 3281.70 ᠲᠦᠮᠡᠨ ᠮᠦ ᠳᠤ ᠬᠦᠷᠴᠦ᠂ | ᠡᠭᠦᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠲᠠᠯᠠᠪᠠᠶ 153.03 ᠲᠦᠮᠡᠨ ᠮᠦ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠤ ᠲᠠᠯᠠᠪᠠᠶ 3128.67 ᠲᠦᠮᠡᠨ ᠮᠦ ᠳᠤ | ᠬᠦᠷᠴᠦ᠂ ᠵᠢᠯ ᠪᠦᠷᠢ ᠠᠮᠢ ᠠᠬᠤᠢ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ 1.95 ᠳ᠋ᠦᠩᠰᠢᠭᠤᠷ | ᠲᠥᠭᠦᠷᠢᠭ ᠲᠠᠷᠬᠠᠭᠠᠵᠤ᠂ ᠪᠥᠬᠦ ᠬᠤᠰᠢᠭᠤᠨ ᠤ 7 ᠰᠤᠮᠤ ᠪᠠᠯᠭᠠᠰᠤ ᠶᠢ ᠬᠠᠮᠤᠷᠤᠨ᠎ᠠ᠃ ᠨᠤᠲᠤᠭ ᠪᠡᠯᠴᠢᠭᠡᠷ | ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠪᠤᠶᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠲᠠᠢ | ᠮᠠᠯᠴᠢᠨ ᠲᠠᠷᠢᠶᠠᠴᠢᠨ ᠵᠢᠴᠢ ᠨᠤᠲᠤᠭ ᠪᠡᠯᠴᠢᠭᠡᠷ ᠬᠡᠷᠡᠭᠯᠡᠬᠦ ᠭᠡᠷ᠎ᠡ ᠲᠠᠢ ᠤᠷᠵᠢᠨ ᠮᠠᠯᠵᠢᠯ ᠤᠨ ᠲᠠᠯᠠᠪᠠᠶ ᠶᠢᠨ ᠮᠠᠯᠴᠢᠳ | ᠴᠥᠮ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ | ᠪᠣᠯᠣᠨ᠎ᠠ᠃ | ︵ᠬᠤᠶᠠᠷ︶ ᠣᠷᠣᠨ ᠬᠤᠪᠢᠶᠠᠬᠤ | ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ | ᠪᠣᠳᠣᠯᠭ᠎ᠠ ᠶᠢᠨ ᠣᠷᠣᠨ ᠪᠦᠰᠡ ᠶᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ | ᠣᠷᠣᠨ︶ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠭᠡᠵᠦ ᠬᠤᠪᠢᠶᠠᠨ᠎ᠠ᠃ 2021 ᠣᠨ ᠳᠤ ᠮᠠᠨ ᠤ | ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠠᠯᠠᠪᠠᠶ ᠶᠢ ᠨᠢᠭᠡᠨᠲᠡ | 3281.70 ᠲᠦᠮᠡᠨ ᠮᠦ ︵3281.70 ᠲᠦᠮᠡᠨ ᠮᠦ ᠲᠠᠯᠠᠪᠠᠶ ᠳᠤ ᠬᠥᠯᠥᠨ ᠨᠠᠭᠤᠷ ᠤᠨ ᠤᠯᠤᠰ ᠤᠨ ᠲᠠᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠯᠠᠪᠠᠶ᠂ ᠰᠢᠨ᠎ᠡ ᠪᠠᠷᠭᠤ ᠵᠡᠭᠡᠷ᠎ᠡ ᠶᠢᠨ ᠥᠪᠡᠷᠲᠡᠭᠡᠨ ᠵᠠᠰᠠᠬᠤ | ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠯᠠᠪᠠᠶ ᠶᠢ ᠪᠠᠭᠲᠠᠭᠠᠨ᠎ᠠ︶ ᠪᠠᠷ ᠬᠢᠨᠠᠨ | ᠲᠣᠭᠲᠠᠭᠠᠵᠤ᠂ ᠡᠭᠦᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ 153.03 ᠲᠦᠮᠡᠨ ᠮᠦ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠤ ᠲᠠᠯᠠᠪᠠᠶ 3128.67 ᠲᠦᠮᠡᠨ ᠮᠦ | ᠪᠠᠶᠢᠨ᠎ᠠ᠃ ᠲᠣᠰ ᠲᠠᠯᠠᠪᠠᠶ ᠶᠢ ᠨᠢᠭᠡᠨᠲᠡ ᠬᠢᠨᠠᠨ ᠲᠣᠭᠲᠠᠭᠠᠵᠤ ᠳᠠᠭᠤᠰᠬᠠᠨ᠂ ᠨᠤᠲᠤᠭ ᠪᠡᠯᠴᠢᠭᠡᠷ ᠤᠨ ᠨᠥᠬᠦᠪᠦᠷᠢ | ᠱᠠᠩᠨᠠᠯ ᠤᠨ ᠮᠥᠩᠭᠦ ᠶᠢ ᠡᠭᠦᠨ ᠢᠶᠠᠷ ᠪᠠᠷᠢᠮᠵᠢᠶ᠎ᠠ ᠪᠣᠯᠭᠠᠵᠤ᠂ ᠳᠠᠬᠢᠨ ᠲᠣᠬᠢᠷᠠᠭᠤᠯᠤᠯᠲᠠ ᠬᠢᠬᠦ ᠦᠭᠡᠢ᠃ | 1. ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ | ᠳᠦᠷᠢᠮ︾ ︵2021 ᠣᠨ ᠤ 7 ᠰᠠᠷ᠎ᠠ ᠶᠢᠨ 29 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠷᠢᠨ ᠳᠣᠯᠣᠳᠤᠭᠠᠷ ᠬᠤᠷᠠᠯᠳᠤᠭᠠᠨ ᠠᠴᠠ ᠪᠠᠲᠤᠯᠠᠪᠠ︶ ᠪᠠ ᠮᠠᠨ ᠤ ᠬᠤᠰᠢᠭᠤᠨ ᠤ | ᠨᠤᠲᠤᠭ ᠪᠡᠯᠴᠢᠭᠡᠷ ᠤᠨ ᠠᠮᠢ ᠠᠬᠤᠢ ᠶᠢᠨ ᠬᠢᠨᠠᠨ ᠬᠡᠮᠵᠢᠯᠲᠡ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠳᠣᠣᠷᠠᠬᠢ | ᠨᠤᠲᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢᠶᠠᠷ ᠲᠣᠭᠲᠠᠭᠠᠪᠠ᠄ ᠬᠦᠨᠳᠦ ᠰᠦᠷᠡᠬᠡᠢ | ᠮᠠᠭᠤᠳᠠᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ︔ ᠪᠡᠯᠴᠢᠭᠡᠷᠯᠡᠭᠦᠯᠦᠨ ᠠᠰᠢᠭᠯᠠᠬᠤ ᠳᠤ ᠲᠣᠬᠢᠷᠠᠮᠵᠢ ᠦᠭᠡᠢ | ᠳᠤᠮᠳᠠ ᠬᠡᠮᠵᠢᠶ᠎ᠡ ᠪᠠᠷ ᠮᠠᠭᠤᠳᠠᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ︔ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠪᠠ ᠴᠢᠬᠤᠯᠠ ᠨᠤᠭᠤ ᠭᠠᠵᠠᠷ ᠤᠨ ᠨᠤᠲᠤᠭ ᠪᠡᠯᠴᠢᠭᠡᠷ︔ ᠪᠤᠰᠤᠳ ᠪᠡᠯᠴᠢᠭᠡᠷᠯᠡᠭᠦᠯᠬᠦ ᠶᠢ ᠴᠠᠭᠠᠵᠠᠯᠠᠬᠤ | ᠴᠢᠬᠤᠯᠠᠲᠠᠢ ᠨᠤᠲᠤᠭ ᠪᠡᠯᠴᠢᠭᠡᠷ᠃ ᠬᠢᠨᠠᠨ ᠲᠣᠭᠲᠠᠭᠠᠭᠰᠠᠨ ᠢᠶᠠᠷ᠂ ᠮᠠᠨ ᠤ ᠬᠤᠰᠢᠭᠤᠨ ᠤ 153.03 ᠲᠦᠮᠡᠨ ᠮᠦ | ᠨᠤᠲᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠬᠠᠮᠢᠶᠠᠷᠤᠯᠲᠠ ᠳᠤ ᠣᠷᠣᠭᠤᠯᠪᠠ ︵153.03 | ᠲᠦᠮᠡᠨ ᠮᠦ ᠨᠤᠲᠤᠭ ᠪᠡᠯᠴᠢᠭᠡᠷ ᠲᠤ ᠬᠥᠯᠥᠨ ᠨᠠᠭᠤᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ 34.3536 ᠲᠦᠮᠡᠨ ᠮᠦ᠂ ᠰᠢᠨ᠎ᠡ ᠪᠠᠷᠭᠤ ᠵᠡᠭᠡᠷ᠎ᠡ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ 56 ᠲᠦᠮᠡᠨ ᠮᠦ ᠪᠡᠯᠴᠢᠭᠡᠷ ᠪᠠᠭᠲᠠᠨ᠎ᠠ︶᠃ ᠪᠡᠯᠴᠢᠭᠡᠷᠯᠡᠭᠦᠯᠬᠦ ᠶᠢ | ᠴᠠᠭᠠᠵᠠᠯᠠᠬᠤ ᠡᠭᠦᠷᠭᠡ ᠳᠤ ᠬᠤᠯᠪᠣᠭᠳᠠᠬᠤ ᠰᠤᠮᠤ ᠪᠠᠯᠭᠠᠰᠤ ᠪᠣᠯ᠄ ᠠᠯᠳ᠋ᠬᠠᠮᠡᠭᠡᠯ ᠪᠠᠯᠭᠠᠰᠤ᠂ ᠠᠷᠤᠬᠠᠰᠢᠶᠠᠲᠤ ᠪᠠᠯᠭᠠᠰᠤ᠂ | ᠬᠡᠷᠦᠯᠦᠨ ᠰᠤᠮᠤ᠂ ᠪᠤᠶᠢᠷ ᠰᠤᠮᠤ᠂ ᠲᠡᠯᠡᠶ ᠰᠤᠮᠤ᠂ ᠪᠣᠭᠳᠠᠠᠭᠤᠯᠠ ᠰᠤᠮᠤ ᠪᠣᠯᠣᠨ᠎ᠠ᠃ | 2. ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶᠃ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠠᠴᠠ ᠭᠠᠳᠠᠨᠠᠬᠢ ᠨᠤᠲᠤᠭ ᠪᠡᠯᠴᠢᠭᠡᠷ ᠤᠨ ᠳᠠᠭᠠᠭᠠᠴᠠ ᠶᠢᠨ ᠴᠢᠳᠠᠪᠤᠷᠢ ᠶᠢ | ᠦᠨᠳᠦᠰᠦᠯᠡᠨ ᠪᠡᠯᠴᠢᠭᠡᠷᠯᠡᠭᠦᠯᠬᠦ ᠳᠤ ᠲᠣᠬᠢᠷᠠᠬᠤ ᠬᠡᠮᠵᠢᠶ᠎ᠡ ᠶᠢ ᠬᠢᠨᠠᠨ ᠲᠣᠭᠲᠠᠭᠠᠵᠤ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠢᠶᠠᠷ ᠬᠤᠪᠢᠶᠠᠷᠢᠯᠠᠨ ᠲᠣᠭᠲᠠᠭᠠᠨ᠎ᠠ᠃ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠢᠶᠠᠷ ᠬᠤᠪᠢᠶᠠᠷᠢᠯᠠᠨ | ᠲᠣᠭᠲᠠᠭᠠᠭᠰᠠᠨ ᠨᠤᠲᠤᠭ ᠪᠡᠯᠴᠢᠭᠡᠷ ᠲᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ | ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠰᠡᠯᠭᠦᠨ ᠮᠠᠯᠵᠢᠬᠤ ᠳᠦᠷᠢᠮ ᠢ ᠬᠡᠷᠡᠭᠵᠢᠭᠦᠯᠵᠦ᠂ ᠪᠡᠯᠴᠢᠭᠡᠷ ᠬᠤᠪᠢᠶᠠᠨ | ᠡᠭᠡᠯᠵᠢᠯᠡᠨ ᠮᠠᠯᠵᠢᠬᠤ ᠳᠦᠷᠢᠮ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠨᠤᠲᠤᠭ ᠪᠡᠯᠴᠢᠭᠡᠷ ᠢ ᠦᠷᠭᠦᠯᠵᠢᠯᠡᠨ | ᠠᠰᠢᠭᠯᠠᠬᠤ ᠬᠡᠮᠵᠢᠶᠠᠨ ᠳᠤ ᠬᠦᠷᠭᠡᠨ᠎ᠡ᠃ ᠮᠠᠨ ᠤ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ | ᠣᠷᠤᠭᠤᠯᠤᠭᠰᠠᠨ ᠦᠭᠡᠢ 3128.67 ᠲᠦᠮᠡᠨ ᠮᠦ ᠨᠤᠲᠤᠭ ᠪᠡᠯᠴᠢᠭᠡᠷ ᠢ ᠪᠦᠬᠦᠨ ᠢ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠤ ᠬᠠᠮᠢᠶᠠᠷᠤᠯᠲᠠ ᠳᠤ ᠣᠷᠤᠭᠤᠯᠵᠤ ︵3128. | 67 ᠲᠦᠮᠡᠨ ᠮᠦ ᠨᠤᠲᠤᠭ ᠪᠡᠯᠴᠢᠭᠡᠷ ᠲᠤ ᠬᠥᠯᠥᠨ ᠨᠠᠭᠤᠷ ᠤᠨ ᠤᠯᠤᠰ ᠤᠨ ᠲᠠᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ 546.1025 ᠲᠦᠮᠡᠨ ᠮᠦ ᠨᠤᠲᠤᠭ ᠪᠡᠯᠴᠢᠭᠡᠷ ᠪᠠᠭᠲᠠᠨ᠎ᠠ︶᠂ ᠮᠠᠨ ᠤ ᠬᠤᠰᠢᠭᠤᠨ ᠤ | ᠨᠡᠶᠢᠲᠡ 7 ᠰᠤᠮᠤ ᠪᠠᠯᠭᠠᠰᠤ ᠶᠢ ᠬᠠᠮᠤᠷᠤᠨ᠎ᠠ᠃ | ᠳᠥᠷᠪᠡ᠂ ᠲᠥᠷᠥ ᠶᠢᠨ ᠪᠣᠳᠣᠯᠭ᠎ᠠ ᠶᠢᠨ ᠠᠭᠤᠯᠭ᠎ᠠ | ︵ᠨᠢᠭᠡ︶ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | 1. ᠤᠯᠤᠰ ᠤᠨ ᠲᠦᠷᠦ ᠶᠢᠨ ᠪᠣᠳᠣᠯᠭ᠎ᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠢᠶᠠᠷ | ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠬᠠᠮᠢᠶᠠᠷᠤᠯᠲᠠ ᠶᠢ ᠬᠡᠷᠡᠭᠵᠢᠭᠦᠯᠦᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠷᠢᠭᠤᠴᠠᠯᠭ᠎ᠠ ᠶᠢ | ᠭᠦᠢᠴᠡᠳᠬᠡᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠭᠠᠷᠳᠠᠯᠭ᠎ᠠ ᠶᠢ ᠪᠡᠶᠡᠯᠡᠭᠦᠯᠦᠭᠰᠡᠨ ᠮᠠᠯᠴᠢᠨ | ᠲᠠᠷᠢᠶᠠᠴᠢᠳ ᠲᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠣᠯᠭᠤᠨ᠎ᠠ᠃ ᠪᠡᠯᠴᠢᠭᠡᠷᠯᠡᠭᠦᠯᠬᠦ ᠶᠢ | ᠴᠠᠭᠠᠵᠠᠯᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ | ᠴᠠᠭᠠᠵᠠᠯᠠᠬᠤ ᠬᠠᠷᠢᠭᠤᠴᠠᠯᠭ᠎ᠠ ᠶᠢ ᠭᠦᠢᠴᠡᠳᠬᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠱᠠᠭᠠᠷᠳᠠᠯᠭ᠎ᠠ ᠶᠢ | ᠪᠡᠶᠡᠯᠡᠭᠦᠯᠦᠭᠰᠡᠨ ᠮᠠᠯᠴᠢᠨ ᠲᠠᠷᠢᠶᠠᠴᠢᠳ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠣᠯᠭᠤᠨ᠎ᠠ᠃ | 2. ᠨᠦᠬᠦᠪᠦᠷᠢ ᠱᠠᠩᠨᠠᠯ ᠣᠯᠭᠤᠬᠤ ᠪᠠᠷᠢᠮᠵᠢᠶ᠎ᠠ᠃ ᠬᠥᠯᠥᠨ ᠪᠤᠶᠢᠷ ᠬᠤᠲᠠ ᠶᠢᠨ ᠨᠢᠭᠡᠳᠦᠯᠲᠡᠢ | ᠲᠣᠭᠲᠠᠭᠠᠭᠰᠠᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠥᠭᠬᠦ ᠪᠠᠷᠢᠮᠵᠢᠶ᠎ᠠ ᠪᠠ ᠪᠡᠯᠴᠢᠭᠡᠷᠯᠡᠭᠦᠯᠬᠦ ᠶᠢ | ᠴᠠᠭᠠᠵᠠᠯᠠᠬᠤ ᠨᠥᠬᠦᠪᠦᠷᠢ ᠥᠭᠬᠦ ᠪᠠᠷᠢᠮᠵᠢᠶ᠎ᠠ ᠶᠣᠰᠣᠭᠠᠷ᠂ ᠮᠠᠨ ᠤ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠱᠠᠩᠨᠠᠯ ᠥᠭᠬᠦ ᠪᠠᠷᠢᠮᠵᠢᠶ᠎ᠠ ᠨᠢ ᠵᠢᠯ ᠪᠦᠷᠢ ᠮᠦ ᠪᠦᠷᠢ ᠳᠤ 4.8 ᠲᠥᠭᠦᠷᠢᠭ᠂ ᠪᠡᠯᠴᠢᠭᠡᠷᠯᠡᠭᠦᠯᠬᠦ ᠶᠢ | ᠴᠠᠭᠠᠵᠠᠯᠠᠬᠤ ᠨᠥᠬᠦᠪᠦᠷᠢ ᠥᠭᠬᠦ ᠪᠠᠷᠢᠮᠵᠢᠶ᠎ᠠ ᠨᠢ ᠵᠢᠯ ᠪᠦᠷᠢ ᠮᠦ ᠪᠦᠷᠢ ᠳᠤ 14.4 ᠲᠥᠭᠦᠷᠢᠭ ᠪᠣᠯᠣᠨ᠎ᠠ᠃ | ᠮᠠᠨ ᠤ ᠬᠤᠰᠢᠭᠤᠨ ᠤ ᠭᠠᠵᠠᠷ ᠠᠭᠤᠳᠠᠮ ᠬᠥᠮᠥᠨ ᠴᠥᠭᠡᠨ᠂ ᠬᠥᠮᠥᠨ ᠪᠦᠷᠢ ᠳᠤ ᠲᠡᠭᠰᠢᠳᠬᠡᠭᠰᠡᠨ ᠨᠤᠲᠤᠭ | ᠪᠡᠯᠴᠢᠭᠡᠷ ᠤᠨ ᠲᠠᠯᠠᠪᠠᠶ ᠨᠡᠯᠢᠶᠡᠳ ᠶᠡᠭᠡ ᠤᠴᠢᠷ ᠠᠴᠠ᠂ ᠨᠠᠭᠠᠲᠤ ᠵᠠᠬ᠎ᠠ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠦᠭᠡᠢ᠃ ᠡᠭᠦᠨ ᠤ ᠬᠠᠮᠲᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠶᠢ ᠡᠷᠦᠬᠡ ᠳᠤ | ᠬᠦᠷᠲᠡᠯ᠎ᠡ ᠬᠡᠷᠡᠭᠵᠢᠭᠦᠯᠬᠦ ᠪᠡᠯᠡ ᠮᠥᠩᠭᠦ ᠬᠡᠲᠦ ᠥᠨᠳᠥᠷ ᠪᠣᠯᠬᠤ ᠠᠴᠠ ᠵᠠᠶᠢᠯᠠᠰᠬᠢᠬᠦ ᠶᠢᠨ ᠲᠥᠯᠥᠭᠡ᠂ ᠭᠤᠷᠪᠠᠳᠤᠭᠠᠷ | ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠴᠢᠭᠡᠷᠯᠡᠭᠦᠯᠬᠦ ᠶᠢ | ᠴᠠᠭᠠᠵᠠᠯᠠᠬᠤ ᠨᠥᠬᠦᠪᠦᠷᠢ ᠶᠢᠨ ᠪᠡᠯᠡ ᠮᠥᠩᠭᠦ ᠳᠤ ᠳᠡᠭᠡᠳᠦ ᠬᠢᠵᠠᠭᠠᠷ ᠲᠣᠭᠲᠠᠭᠠᠬᠤ ᠠᠷᠭ᠎ᠠ ᠬᠡᠮᠵᠢᠶ᠎ᠡ ᠠᠪᠤᠨ᠎ᠠ᠃ | ᠮᠠᠨ ᠤ ᠬᠤᠰᠢᠭᠤᠨ ᠤ ᠪᠣᠳᠠᠲᠤ ᠪᠠᠶᠢᠳᠠᠯ ᠢ ᠦᠨᠳᠦᠰᠦᠯᠡᠨ᠂ ᠳᠡᠭᠡᠳᠦ ᠬᠢᠵᠠᠭᠠᠷ ᠤᠨ ᠪᠠᠷᠢᠮᠵᠢᠶ᠎ᠠ ᠶᠢ ᠮᠠᠨ ᠤ | ᠬᠤᠰᠢᠭᠤᠨ ᠤ 2020 ᠣᠨ ᠤ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ | ᠳᠤᠮᠳᠠᠴᠢ ᠡᠵᠡᠮᠳᠡᠵᠦ ᠪᠣᠯᠬᠤ ᠣᠷᠣᠯᠭ᠎ᠠ 25583 ᠲᠥᠭᠦᠷᠢᠭ ᠤᠨ 2 ᠳᠠᠬᠢᠨ ᠢᠶᠠᠷ ᠯᠠᠪᠯᠠᠯᠲᠠ ᠪᠣᠯᠭᠠᠨ ᠳᠡᠭᠡᠳᠦ | ᠬᠢᠵᠠᠭᠠᠷ ᠤᠨ ᠪᠠᠷᠢᠮᠵᠢᠶ᠎ᠠ ᠪᠣᠯᠭᠠᠨ᠎ᠠ ︵ᠳᠠᠷᠤᠢ 51166 ᠲᠥᠭᠦᠷᠢᠭ︶᠃ ᠲᠣᠰ ᠳᠡᠭᠡᠳᠦ ᠬᠢᠵᠠᠭᠠᠷ ᠤᠨ ᠲᠥᠷᠥ ᠶᠢᠨ | ᠪᠣᠳᠣᠯᠭ᠎ᠠ ᠨᠢ ᠵᠥᠪᠬᠡᠨ ᠮᠠᠯᠵᠢᠬᠤ ᠡᠷᠦᠬᠡ ᠶᠢᠨ ᠡᠳ᠋ᠯᠡᠵᠦ ᠪᠦᠬᠦᠢ ᠡᠷᠦᠬᠡ ᠳᠤ ᠳᠠᠭᠠᠭᠠᠴᠢᠯᠠᠭᠤᠯᠵᠤ | ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠶᠢᠨ ᠪᠡᠯᠡ ᠮᠥᠩᠭᠦ ᠳᠤ ᠳᠡᠭᠡᠳᠦ ᠬᠢᠵᠠᠭᠠᠷ ᠤᠨ ᠲᠥᠷᠥ ᠶᠢᠨ | ᠪᠣᠳᠣᠯᠭ᠎ᠠ ᠲᠣᠭᠲᠠᠭᠠᠬᠤ ᠠᠴᠠ ᠪᠢᠰᠢ᠂ ᠮᠠᠯᠵᠢᠬᠤ ᠡᠷᠦᠬᠡ ᠶᠢᠨ ᠨᠡᠷ᠎ᠡ ᠳᠣᠣᠷ᠎ᠠ ᠡᠳ᠋ᠯᠡᠵᠦ ᠪᠠᠶᠢᠭ᠎ᠠ ᠬᠤᠯᠪᠣᠭᠠᠯᠠᠭᠰᠠᠨ | ᠡᠷᠦᠬᠡ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠶᠢᠨ ᠪᠡᠯᠡ ᠮᠥᠩᠭᠦ ᠶᠢ ᠪᠣᠳᠣᠯᠬᠢᠯᠠᠬᠤ ᠦᠭᠡᠢ ᠶᠤᠮ᠃ | ᠳᠡᠭᠡᠳᠦ ᠬᠢᠵᠠᠭᠠᠷ ᠤᠨ ᠪᠡᠯᠡ ᠮᠥᠩᠭᠦ ᠶᠢ ᠪᠤᠳᠤᠬᠤ ᠦᠶ᠎ᠡ ᠳᠤ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ | ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠳᠡᠭᠡᠷ᠎ᠡ ᠢᠯᠡᠷᠡᠭᠰᠡᠨ ᠨᠤᠲᠤᠭ | ᠪᠡᠯᠴᠢᠭᠡᠷ ᠤᠨ ᠬᠠᠮᠲᠤ ᠶᠢᠨ ᠬᠥᠮᠥᠨ ᠠᠮᠠ ᠶᠢᠨ ᠲᠤᠭ᠎ᠠ ᠬᠡᠮᠵᠢᠶ᠎ᠡ ᠪᠠᠷ ᠦᠨᠳᠦᠰᠦᠯᠡᠯ ᠪᠣᠯᠭᠠᠵᠤ᠂ ᠣᠲᠣ ᠶᠢᠨ ᠡᠷᠦᠬᠡ | ᠠᠮᠠ ᠶᠢᠨ ᠲᠠᠩᠰᠠ ᠶᠢᠨ ᠪᠠᠶᠢᠳᠠᠯ ᠢ ᠪᠣᠳᠣᠯᠬᠢᠯᠠᠬᠤ ᠦᠭᠡᠢ᠃ 2021 ᠣᠨ ᠤ 1 ᠰᠠᠷ᠎ᠠ ᠶᠢᠨ 1 ᠤ ᠡᠳᠦᠷ ᠠᠴᠠ | ᠡᠮᠦᠨ᠎ᠡ ᠨᠢᠭᠡᠨᠲᠡ ᠨᠠᠰᠤ ᠪᠠᠷᠠᠭᠰᠠᠨ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠶᠢ ᠪᠠᠭᠲᠠᠭᠠᠬᠤ ᠦᠭᠡᠢ᠂ | ᠳᠡᠭᠡᠳᠦ ᠬᠢᠵᠠᠭᠠᠷ ᠤᠨ ᠪᠡᠯᠡ ᠮᠥᠩᠭᠦ ᠶᠢ ᠪᠤᠳᠤᠬᠤ ᠦᠶ᠎ᠡ ᠳᠤ᠂ ᠬᠢᠨᠠᠨ ᠬᠠᠰᠤᠬᠤ ᠬᠡᠷᠡᠭᠲᠡᠢ᠃ 2021 ᠣᠨ ᠤ 1 | ᠰᠠᠷ᠎ᠠ ᠶᠢᠨ 1 ᠤ ᠡᠳᠦᠷ ᠠᠴᠠ ᠰᠡᠭᠦᠯᠡᠷ ᠨᠠᠰᠤ ᠪᠠᠷᠠᠭᠰᠠᠨ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠶᠢᠨ | ᠦᠬᠦᠭᠰᠡᠨ ᠭᠡᠷᠡᠴᠢ ᠶᠢ ᠦᠨᠳᠦᠰᠦᠯᠡᠨ ᠳᠡᠭᠡᠳᠦ ᠬᠢᠵᠠᠭᠠᠷ ᠤᠨ ᠪᠡᠯᠡ ᠮᠥᠩᠭᠦ ᠳᠤ ᠣᠷᠣᠭᠤᠯᠤᠨ ᠪᠣᠳᠣᠨ᠎ᠠ᠃ ᠳᠡᠭᠡᠳᠦ | ᠬᠢᠵᠠᠭᠠᠷ ᠤᠨ ᠪᠡᠯᠡ ᠮᠥᠩᠭᠦ ᠶᠢ ᠬᠢᠨᠠᠨ ᠲᠣᠭᠲᠠᠭᠠᠭᠰᠠᠨ ᠤ ᠳᠠᠷᠠᠭ᠎ᠠ᠂ 2021 ︱ 2025 ᠣᠨ ᠤ | ᠬᠤᠭᠤᠴᠠᠭᠠᠨ ᠳᠤ ᠬᠤᠪᠢᠷᠠᠭᠤᠯᠬᠤ ᠦᠭᠡᠢ᠃ | ︵ᠬᠤᠶᠠᠷ︶ ᠬᠠᠪᠤᠷ ᠤᠨ ᠤᠯᠠᠷᠢᠯ ᠳᠤ ᠰᠡᠯᠭᠦᠨ ᠮᠠᠯᠵᠢᠬᠤ | 1. ᠰᠡᠯᠭᠦᠨ ᠮᠠᠯᠵᠢᠬᠤ ᠬᠤᠭᠤᠴᠠᠭ᠎ᠠ ᠶᠢ ᠲᠣᠭᠲᠠᠭᠠᠬᠤ᠃ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ | ᠨᠣᠭᠤᠭᠠᠷᠠᠬᠤ ᠬᠤᠭᠤᠴᠠᠭᠠᠨ ᠳᠤ ᠰᠡᠯᠭᠦᠨ ᠮᠠᠯᠵᠢᠨ᠎ᠠ᠃ ᠮᠠᠨ ᠤ ᠬᠤᠰᠢᠭᠤᠨ ᠤ ᠠᠭᠤᠷ ᠠᠮᠢᠰᠬᠤᠯ ᠤᠨ ᠨᠥᠬᠦᠴᠡᠯ᠂ | ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠲᠥᠷᠥᠯ ᠵᠦᠢᠯ᠂ ᠦᠢᠯᠡᠳᠪᠦᠷᠢᠯᠡᠯ ᠤᠨ ᠬᠡᠷᠡᠭᠴᠡᠭᠡ ᠶᠢ | ᠦᠨᠳᠦᠰᠦᠯᠡᠨ᠂ ᠰᠡᠯᠭᠦᠨ ᠮᠠᠯᠵᠢᠬᠤ ᠬᠤᠭᠤᠴᠠᠭ᠎ᠠ ᠶᠢ ᠵᠢᠯ ᠪᠦᠷᠢ ᠶᠢᠨ 4 ᠰᠠᠷ᠎ᠠ ᠶᠢᠨ 10 ᠤ ᠡᠳᠦᠷ ᠠᠴᠠ 5 | ᠰᠠᠷ᠎ᠠ ᠶᠢᠨ 25 ᠤ ᠡᠳᠦᠷ ᠢᠶᠠᠷ ᠲᠣᠭᠲᠠᠭᠠᠨ᠎ᠠ᠃ ᠲᠤᠰ ᠰᠡᠯᠭᠦᠨ ᠮᠠᠯᠵᠢᠬᠤ ᠬᠤᠭᠤᠴᠠᠭ᠎ᠠ ᠶᠢᠨ ᠡᠬᠢᠯᠡᠵᠦ ᠳᠠᠭᠤᠰᠬᠤ | ᠴᠠᠭ ᠢ 2023 ᠣᠨ ᠠᠴᠠ ᠡᠬᠢᠯᠡᠵᠦ ᠬᠡᠷᠡᠭᠵᠢᠭᠦᠯᠦᠨ᠎ᠡ᠃ | 2. ᠰᠡᠯᠭᠦᠨ ᠮᠠᠯᠵᠢᠬᠤ ᠬᠤᠭᠤᠴᠠᠭᠠᠨ ᠳᠠᠬᠢ ᠬᠠᠮᠢᠶᠠᠷᠤᠯᠲᠠ᠃ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠣᠷᠣᠨ ᠳᠤ ᠴᠥᠮ ᠰᠡᠯᠭᠦᠨ ᠮᠠᠯᠵᠢᠬᠤ ᠳᠦᠷᠢᠮ ᠢ ᠬᠡᠷᠡᠭᠵᠢᠭᠦᠯᠵᠦ᠂ ᠰᠡᠯᠭᠦᠨ ᠮᠠᠯᠵᠢᠬᠤ | ᠬᠤᠭᠤᠴᠠᠭᠠᠨ ᠳᠤ ᠪᠡᠯᠴᠢᠭᠡᠷᠯᠡᠭᠦᠯᠬᠦ ᠶᠢ ᠴᠢᠩᠭ᠎ᠠ ᠴᠠᠭᠠᠵᠠᠯᠠᠨ᠎ᠠ᠃ ᠮᠠᠨ ᠤ ᠬᠤᠰᠢᠭᠤ ᠵᠢᠯ ᠪᠦᠷᠢ ᠶᠢᠨ 4 ᠰᠠᠷ᠎ᠠ ᠶᠢᠨ | 10 ᠤ ᠡᠳᠦᠷ ᠠᠴᠠ ᠡᠮᠦᠨ᠎ᠡ ᠰᠡᠯᠭᠦᠨ ᠮᠠᠯᠵᠢᠬᠤ ᠠᠯᠪᠠᠨ ᠵᠠᠷ ᠨᠡᠶᠢᠲᠡᠯᠡᠬᠦ ᠶᠢᠨ ᠬᠠᠮᠲᠤ᠂ ᠢᠯᠡ ᠭᠠᠵᠠᠷ ᠲᠤ ᠬᠠᠮᠢᠶ᠎ᠠ | ᠪᠦᠬᠦᠢ ᠲᠡᠮᠳᠡᠭ ᠲᠠᠯᠪᠢᠬᠤ ᠬᠡᠷᠡᠭᠲᠡᠢ᠃ | 3. ᠨᠥᠬᠦᠪᠦᠷᠢ ᠥᠭᠬᠦ ᠪᠠᠷᠢᠮᠵᠢᠶ᠎ᠠ᠃ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠪᠡᠯᠴᠢᠭᠡᠷ ᠤᠨ | ᠨᠥᠬᠦᠪᠦᠷᠢ ᠮᠥᠩᠭᠦ ᠨᠢ ᠵᠢᠯ ᠪᠦᠷᠢ ᠮᠦ ᠪᠦᠷᠢ ᠳᠤ 0.738824 ᠲᠥᠭᠦᠷᠢᠭ ᠪᠠᠶᠢᠵᠤ᠂ ᠰᠡᠯᠭᠦᠨ ᠮᠠᠯᠵᠢᠬᠤ | ᠳᠦᠷᠢᠮ ᠢ ᠴᠢᠩᠭ᠎ᠠ ᠬᠡᠷᠡᠭᠵᠢᠭᠦᠯᠦᠭᠰᠡᠨ ᠮᠠᠯᠴᠢᠳ ᠪᠦᠬᠦᠨ ᠴᠥᠮ ᠰᠡᠯᠭᠦᠨ ᠮᠠᠯᠵᠢᠬᠤ ᠨᠥᠬᠦᠪᠦᠷᠢ ᠶᠢ ᠬᠦᠷᠲᠡᠵᠦ | ᠪᠣᠯᠣᠨ᠎ᠠ᠃ ᠰᠡᠯᠭᠦᠨ ᠮᠠᠯᠵᠢᠬᠤ ᠨᠥᠬᠦᠪᠦᠷᠢ ᠶᠢ 2023 ᠣᠨ ᠠᠴᠠ ᠡᠬᠢᠯᠡᠨ ᠣᠯᠭᠤᠵᠤ᠂ 2021 ᠣᠨ ᠪᠠ | 2022 ᠣᠨ ᠳᠤ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠭᠡᠢ ᠤᠴᠢᠷ ᠠᠴᠠ ᠰᠡᠯᠭᠦᠨ | ᠮᠠᠯᠵᠢᠬᠤ ᠨᠥᠬᠦᠪᠦᠷᠢ ᠶᠢ ᠣᠯᠭᠤᠬᠤ ᠦᠭᠡᠢ᠃ | | |