ᠲᠠᠪᠤ᠂ ᠪᠡᠯᠡ ᠮᠥᠩᠭᠦ ᠣᠯᠭᠤᠬᠤ ᠪᠠᠷᠢᠮᠵᠢᠶ᠎ᠠ᠂ ᠴᠠᠭ ᠤᠨ ᠬᠢᠵᠠᠭᠠᠷ ᠪᠠ ᠬᠢᠨᠠᠨ ᠬᠠᠷᠭᠤᠭᠤᠯᠬᠤ | ᠱᠠᠭᠠᠷᠳᠠᠯᠭ᠎ᠠ | ︵ᠨᠢᠭᠡ︶ ᠡᠷᠥᠭᠡ ᠳᠤ ᠳᠠᠭᠠᠭᠠᠴᠢᠯᠠᠭᠤᠯᠤᠭᠰᠠᠨ ᠨᠥᠬᠦᠪᠦᠷᠢ ᠱᠠᠩᠨᠠᠯ ᠤᠨ ᠪᠡᠯᠡ ᠮᠥᠩᠭᠦ ᠣᠯᠭᠤᠬᠤ | ᠪᠠᠷᠢᠮᠵᠢᠶ᠎ᠠ | ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ | ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠤᠭᠰᠠᠨ ᠤ ᠳᠠᠷᠠᠭᠠᠬᠢ ᠦᠷ᠎ᠡ ᠳ᠋ᠦᠩ ᠢ ᠴᠢᠩᠭ᠎ᠠ | ᠵᠢᠷᠤᠮᠯᠠᠨ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠪᠤᠶᠤ ᠥᠯᠥ | ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠲᠠᠢ ᠮᠠᠯᠵᠢᠬᠤ ᠡᠷᠦᠬᠡ᠂ ᠨᠤᠲᠤᠭ ᠪᠡᠯᠴᠢᠭᠡᠷ ᠤᠨ ᠠᠮᠢ ᠠᠬᠤᠢ ᠶᠢᠨ | ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢᠭᠡᠨᠲᠡ ᠬᠡᠰᠡᠭ ᠭᠠᠴᠠᠭᠠᠨ ᠤ | ᠮᠠᠯᠴᠢᠳ ᠤᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠢ ᠬᠤᠷᠢᠶᠠᠨ ᠠᠪᠤᠭᠰᠠᠨ | ᠪᠥᠭᠡᠳ ᠮᠠᠯᠵᠢᠬᠤ ᠡᠷᠦᠬᠡ ᠳᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠰᠣᠯᠢᠵᠤ ᠥᠭᠪᠡ᠃ ᠥᠯᠥ | ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠲᠠᠢ ᠮᠠᠯᠵᠢᠬᠤ ᠡᠷᠦᠬᠡ ᠪᠦᠬᠦᠨ ᠳᠤ᠂ ᠥᠯᠥ ᠬᠥᠳᠡᠯᠬᠦ | ᠬᠥᠷᠥᠩᠭᠡ ᠶᠢᠨ ᠡᠷᠬᠡ ᠶᠢᠨ ᠦᠨᠡᠮᠯᠡᠯ ᠢᠶᠠᠷ ᠦᠨᠳᠦᠰᠦᠯᠡᠯ ᠪᠣᠯᠭᠠᠵᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ | ᠮᠥᠩᠭᠦ ᠣᠯᠭᠤᠵᠤ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠭᠡᠷ᠎ᠡ ᠳᠤ ᠲᠣᠭᠲᠠᠭᠰᠠᠨ ︽ᠳᠠᠭᠠᠭᠠᠴᠢᠯᠠᠭᠴᠢ︾ | ᠪᠠᠷ ᠨᠦᠬᠦᠪᠦᠷᠢ ᠬᠦᠷᠲᠡᠭᠴᠢ ᠪᠣᠯᠭᠠᠨ᠎ᠠ︔ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ | ᠦᠨᠡᠮᠯᠡᠯ ᠲᠠᠢ ᠮᠠᠯᠵᠢᠬᠤ ᠡᠷᠦᠬᠡ ᠳᠤ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠢᠶᠠᠷ | ᠦᠨᠳᠦᠰᠦᠯᠡᠯ ᠪᠣᠯᠭᠠᠵᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠣᠯᠭᠤᠨ᠎ᠠ︔ ᠡᠭᠦᠨ ᠤ ᠬᠠᠮᠲᠤ | ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠪᠠ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ | ᠡᠷᠬᠡ ᠶᠢᠨ ᠦᠨᠡᠮᠯᠡᠯ ᠲᠠᠢ ᠮᠠᠯᠵᠢᠬᠤ ᠡᠷᠦᠬᠡ ᠳᠤ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢᠶᠠᠷ | ᠦᠨᠳᠦᠰᠦᠯᠡᠯ ᠪᠣᠯᠭᠠᠵᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠣᠯᠭᠤᠨ᠎ᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ᠂ ᠳᠠᠭᠠᠭᠠᠴᠢᠯᠠᠭᠤᠯᠤᠭᠴᠢ ᠭᠤᠷᠪᠠᠨ ᠲᠠᠯ᠎ᠠ ᠪᠠᠷ ᠢᠶᠠᠨ ᠬᠠᠮᠲᠤ ᠪᠠᠷ ᠲᠠᠮᠠᠭ᠎ᠠ ᠳᠠᠷᠤᠭᠰᠠᠨ | ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠪᠣᠯ ᠰᠠᠶ᠋ᠢ ᠬᠦᠴᠦᠨ ᠲᠠᠢ ᠪᠣᠯᠣᠨ᠎ᠠ︔ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠥᠯᠥ ᠬᠥᠳᠡᠯᠬᠦ ᠬᠥᠷᠥᠩᠭᠡ ᠶᠢ ᠪᠠᠶᠢᠴᠠᠭᠠᠨ | ᠳᠠᠩᠰᠠᠯᠠᠬᠤ ᠲᠥᠪ ᠤᠨ ᠲᠠᠮᠠᠭ᠎ᠠ ᠳᠠᠷᠤᠭᠰᠠᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠪᠣᠯ ᠰᠠᠶ᠋ᠢ | ᠬᠦᠴᠦᠨ ᠲᠠᠢ ᠪᠣᠯᠣᠨ᠎ᠠ᠃ | ︵ᠬᠤᠶᠠᠷ︶ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ | ᠣᠯᠭᠤᠬᠤ ᠪᠠᠷᠢᠮᠵᠢᠶ᠎ᠠ | ᠤᠷᠵᠢᠨ ᠮᠠᠯᠵᠢᠯ ᠤᠨ ᠲᠠᠯᠠᠪᠠᠶ ᠶᠢᠨ ᠬᠠᠷᠢᠶᠠᠨ ᠳᠠᠬᠢ 3 ᠦᠢᠯᠡᠳᠪᠦᠷᠢᠯᠡᠯ ᠤᠨ ᠪᠠᠷᠢᠭᠠᠳᠠ ᠶᠢᠨ ᠨᠤᠲᠤᠭ | ᠪᠡᠯᠴᠢᠭᠡᠷ ᠪᠣᠯ ᠤᠯᠤᠰ ᠤᠨ ᠦᠮᠴᠢᠯᠡᠯᠲᠦ ᠨᠤᠲᠤᠭ ᠪᠡᠯᠴᠢᠭᠡᠷ ᠪᠣᠯᠣᠨ᠎ᠠ᠃ ᠤᠷᠵᠢᠨ ᠤ ᠮᠠᠯᠵᠢᠬᠤ ᠡᠷᠦᠬᠡ ᠵᠥᠪᠬᠡᠨ | ᠬᠡᠷᠡᠭᠯᠡᠬᠦ ᠡᠷᠬᠡ ᠲᠠᠢ᠂ ᠳᠠᠭᠠᠭᠠᠴᠢᠯᠠᠨ ᠡᠵᠡᠩᠨᠡᠬᠦ ᠡᠷᠬᠡ ᠦᠭᠡᠢ᠂ ᠬᠥᠯᠥᠨ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠪᠠ ᠤᠷᠵᠢᠨ ᠤ ᠮᠠᠯᠵᠢᠬᠤ ᠡᠷᠦᠬᠡ ᠯᠦᠭᠡ ᠨᠤᠲᠤᠭ ᠪᠡᠯᠴᠢᠭᠡᠷ ᠬᠡᠷᠡᠭᠯᠡᠬᠦ ᠭᠡᠷ᠎ᠡ ᠲᠣᠭᠲᠠᠪᠠ᠃ ᠲᠣᠰ | ᠤᠯᠤᠰ ᠤᠨ ᠨᠤᠲᠤᠭ ᠪᠡᠯᠴᠢᠭᠡᠷ ᠢ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ | ᠲᠥᠷᠥ ᠶᠢᠨ ᠪᠣᠳᠣᠯᠭ᠎ᠠ ᠳᠤ ᠣᠷᠣᠭᠤᠯᠵᠤ᠂ ᠨᠤᠲᠤᠭ ᠪᠡᠯᠴᠢᠭᠡᠷ ᠬᠡᠷᠡᠭᠯᠡᠬᠦ ᠭᠡᠷ᠎ᠡ ᠪᠠᠷ ᠦᠨᠳᠦᠰᠦᠯᠡᠯ ᠪᠣᠯᠭᠠᠵᠤ᠂ | ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠣᠯᠭᠤᠨ᠎ᠠ᠃ | ︵ᠭᠤᠷᠪᠠ︶ ᠬᠤᠯᠪᠣᠭᠠᠯᠠᠭᠰᠠᠨ ᠡᠷᠥᠭᠡ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠣᠯᠭᠤᠬᠤ ᠪᠠᠷᠢᠮᠵᠢᠶ᠎ᠠ | ᠬᠤᠯᠪᠣᠭᠠᠯᠠᠭᠰᠠᠨ ᠡᠷᠦᠬᠡ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ | ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠳᠤ ᠢᠯᠡᠷᠡᠭᠰᠡᠨ ᠨᠤᠲᠤᠭ ᠪᠡᠯᠴᠢᠭᠡᠷ ᠤᠨ ᠲᠠᠯᠠᠪᠠᠶ ᠪᠠᠷ | ᠦᠨᠳᠦᠰᠦᠯᠡᠯ ᠪᠣᠯᠭᠠᠵᠤ᠂ ᠬᠤᠯᠪᠣᠭᠠᠯᠠᠭᠰᠠᠨ ᠡᠷᠦᠬᠡ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ | ᠮᠥᠩᠭᠦ ᠶᠢ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠳᠤ ᠲᠡᠭᠰᠢᠳᠬᠡᠨ ᠣᠯᠭᠤᠨ᠎ᠠ᠃ | ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠠᠪᠤᠭᠰᠠᠨ ᠬᠥᠮᠥᠰ ᠢ ᠬᠢᠨᠠᠨ | ᠲᠣᠭᠲᠠᠭᠠᠬᠤ ᠠᠷᠭ᠎ᠠ᠄ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ ᠵᠠᠷᠴᠢᠮ | ᠳᠡᠭᠡᠷ᠎ᠡ ᠪᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠤᠯᠢ︾ | ᠵᠢᠴᠢ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠲᠥᠷᠥ ᠶᠢᠨ ᠪᠣᠳᠣᠯᠭ᠎ᠠ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠬᠤᠯᠪᠣᠭᠠᠯᠠᠭᠰᠠᠨ ᠡᠷᠦᠬᠡ ᠶᠢᠨ | ᠪᠦᠷᠢᠯᠳᠦᠭᠦᠨ ᠢ ᠬᠢᠨᠠᠨ ᠲᠣᠭᠲᠠᠭᠠᠨ᠎ᠠ᠃ ᠬᠡᠷᠪᠡ ᠡᠷᠦᠬᠡ ᠠᠮᠠ ᠶᠢᠨ ᠲᠠᠩᠰᠠ ᠶᠢᠨ ᠡᠬᠡ ᠳᠡᠪᠲᠡᠷ ᠨᠢ ᠲᠣᠳᠣᠷᠬᠠᠢ | ᠦᠭᠡᠢ ᠵᠡᠷᠭᠡ ᠰᠢᠯᠲᠠᠭᠠᠨ ᠠᠴᠠ ᠪᠣᠯᠵᠤ᠂ ᠳᠡᠭᠡᠷᠡᠬᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ | ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠢ ᠬᠢᠨᠠᠨ ᠲᠣᠭᠲᠠᠭᠠᠬᠤ ᠶᠢᠨ ᠠᠷᠭ᠎ᠠ ᠦᠭᠡᠢ ᠭᠠᠴᠠᠭ᠎ᠠ ᠲᠣᠰᠬᠤᠨ | ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ ᠨᠢ ᠲᠣᠰ ᠪᠡᠶ᠎ᠡ ᠶᠢᠨ ᠲᠡᠦᠬᠡ ᠶᠢᠨ ᠬᠦᠴᠦᠨ ᠵᠦᠢᠯ᠂ | ᠬᠤᠯᠪᠣᠭᠠᠲᠤ ᠡᠷᠦᠬᠡ ᠶᠢᠨ ᠪᠡᠯᠴᠢᠭᠡᠷ ᠤᠨ ᠣᠲᠣ ᠶᠢᠨ ᠬᠡᠷᠡᠭᠯᠡᠵᠦ ᠪᠠᠶᠢᠭ᠎ᠠ ᠪᠠᠶᠢᠳᠠᠯ ᠲᠠᠢ ᠪᠠᠨ ᠤᠶᠠᠯᠳᠤᠭᠤᠯᠤᠨ᠂ | ᠬᠤᠯᠪᠣᠭᠠᠯᠠᠭᠰᠠᠨ ᠡᠷᠦᠬᠡ ᠶᠢᠨ ᠨᠤᠲᠤᠭ ᠪᠡᠯᠴᠢᠭᠡᠷ ᠤᠨ ᠣᠳᠤ ᠶᠢᠨ ᠬᠡᠷᠡᠭᠯᠡᠵᠦ ᠪᠠᠶᠢᠭ᠎ᠠ ᠪᠠᠶᠢᠳᠠᠯ ᠢ ᠦᠨᠳᠦᠰᠦᠯᠡᠨ᠂ | ᠨᠥᠬᠦᠪᠦᠷᠢ ᠱᠠᠩᠨᠠᠯ ᠤᠨ ᠪᠡᠯᠡ ᠮᠥᠩᠭᠦ ᠣᠯᠭᠤᠬᠤ ᠪᠦᠷᠢᠯᠳᠦᠭᠦᠨ ᠢ ᠥᠪᠡᠰᠦᠪᠡᠨ ᠬᠢᠨᠠᠨ ᠬᠠᠷᠭᠤᠭᠤᠯᠵᠤ ᠵᠠᠭᠠᠭᠯᠠᠨ | ᠲᠣᠭᠲᠠᠭᠠᠵᠤ ᠪᠣᠯᠣᠨ᠎ᠠ᠃ ᠡᠭᠦᠨ ᠳᠤ᠂ 2003 ᠣᠨ ᠤ 1 ᠰᠠᠷ᠎ᠠ ᠶᠢᠨ 1 ᠤ ᠡᠳᠦᠷ ᠠᠴᠠ ᠬᠤᠶᠢᠰᠢ ᠲᠥᠷᠥᠭᠰᠡᠨ | ᠪᠦᠬᠦᠯᠢ 18 ᠨᠠᠰᠤ ᠬᠦᠷᠦᠭᠡᠳᠦᠢ ᠬᠥᠮᠥᠰ᠂ ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠶᠢ | ᠬᠦᠷᠲᠡᠬᠦ ᠦᠭᠡᠢ︔ 2021 ᠣᠨ ᠤ 1 ᠰᠠᠷ᠎ᠠ ᠶᠢᠨ 1 ᠤ ᠡᠳᠦᠷ ᠠᠴᠠ ᠡᠮᠦᠨ᠎ᠡ ᠨᠠᠰᠤ ᠪᠠᠷᠠᠭᠰᠠᠨ ᠬᠥᠮᠥᠨ | ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠶᠢ ᠬᠦᠷᠲᠡᠬᠦ ᠦᠭᠡᠢ︔ 2021 ᠣᠨ ᠤ 1 | ᠰᠠᠷ᠎ᠠ ᠶᠢᠨ 1 ᠤ ᠡᠳᠦᠷ ᠠᠴᠠ ᠬᠤᠶᠢᠰᠢ ᠡᠷᠦᠬᠡ ᠠᠮᠠ ᠶᠢᠨ ᠲᠠᠩᠰᠠ ᠪᠠᠨ ᠲᠣᠰ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ ᠳᠤ ᠰᠢᠯᠵᠢᠭᠦᠯᠦᠨ ᠣᠷᠣᠭᠤᠯᠤᠭᠰᠠᠨ ᠬᠥᠮᠥᠰ᠂ ᠬᠤᠯᠪᠣᠭᠠᠯᠠᠭᠰᠠᠨ | ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠶᠢ ᠬᠦᠷᠲᠡᠬᠦ ᠦᠭᠡᠢ︔ 2021 ᠣᠨ ᠤ 1 ᠰᠠᠷ᠎ᠠ ᠶᠢᠨ 1 ᠤ | ᠡᠳᠦᠷ ᠠᠴᠠ ᠡᠮᠦᠨ᠎ᠡ ᠠᠯᠪᠠᠨ ᠲᠤᠰᠢᠶᠠᠯᠲᠠᠨ ᠢᠶᠠᠷ ᠡᠯᠰᠡᠭᠳᠡᠭᠰᠡᠨ ︵ᠲᠤᠷᠰᠢᠨ ᠬᠡᠷᠡᠭᠯᠡᠬᠦ ᠬᠤᠭᠤᠴᠠᠭ᠎ᠠ ᠶᠢ | ᠪᠠᠭᠲᠠᠭᠠᠨ᠎ᠠ︶ ᠪᠣᠯ᠂ ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠶᠢ ᠬᠦᠷᠲᠡᠬᠦ ᠦᠭᠡᠢ᠃ | ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ ᠬᠤᠯᠪᠣᠭᠠᠯᠠᠭᠰᠠᠨ | ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠬᠦᠷᠲᠡᠬᠦ ᠪᠦᠷᠢᠯᠳᠦᠭᠦᠨ ᠤ ᠨᠡᠷᠡᠰ ᠢ ᠲᠣᠭᠲᠠᠭᠠᠭᠰᠠᠨ ᠤ ᠳᠠᠷᠠᠭ᠎ᠠ᠂ | ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ᠂ ᠮᠠᠯᠴᠢᠳ ᠤᠨ ᠶᠡᠭᠡ ᠬᠤᠷᠠᠯ ᠪᠤᠶᠤ ᠮᠠᠯᠴᠢᠳ ᠤᠨ | ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠮᠠᠯᠴᠢᠳ ᠤᠨ ᠶᠡᠭᠡ ᠬᠤᠷᠠᠯ ᠪᠤᠶᠤ ᠮᠠᠯᠴᠢᠳ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠪᠠᠲᠤᠯᠠᠨ ᠢᠯᠡ ᠪᠠᠷ ᠨᠡᠶᠢᠲᠡᠯᠡᠵᠦ᠂ ᠢᠯᠡ ᠨᠡᠶᠢᠲᠡᠯᠡᠬᠦ ᠳᠤ ᠣᠨᠳᠣᠣ ᠰᠠᠨᠠᠯ | ᠦᠭᠡᠢ ᠨᠡᠷᠡᠰ ᠢ ᠭᠤᠷᠪᠠᠳᠤᠭᠠᠷ ᠡᠭᠡᠯᠵᠢ ᠶᠢᠨ ᠬᠤᠯᠪᠣᠭᠠᠯᠠᠭᠰᠠᠨ ᠡᠷᠥᠭᠡ ᠶᠢᠨ ᠨᠥᠬᠦᠪᠦᠷᠢ ᠱᠠᠩᠨᠠᠯ ᠤᠨ ᠮᠥᠩᠭᠦ | ᠬᠦᠷᠲᠡᠬᠦ ᠪᠦᠷᠢᠯᠳᠦᠭᠦᠨ ᠤ ᠨᠡᠷᠡᠰ ᠢᠶᠠᠷ ᠲᠣᠭᠲᠠᠭᠠᠬᠤ ᠶᠢᠨ ᠬᠠᠮᠲᠤ᠂ ᠨᠢᠭᠡᠨᠲᠡ ᠬᠢᠨᠠᠨ ᠲᠣᠭᠲᠠᠭᠠᠭᠰᠠᠨ | ᠬᠤᠯᠪᠣᠭᠠᠯᠠᠭᠰᠠᠨ ᠡᠷᠥᠭᠡ ᠶᠢᠨ ᠪᠦᠷᠢᠯᠳᠦᠭᠦᠨ ᠤ ᠨᠡᠷᠡᠰ ᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠵᠤ᠂ ᠬᠠᠮᠤᠭ ᠡᠴᠦᠰ ᠲᠤ ᠰᠤᠮᠤ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠤ ᠬᠢᠨᠠᠨ ᠬᠠᠷᠭᠤᠭᠤᠯᠤᠭᠰᠠᠨ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠨ᠎ᠠ᠃ ᠲᠠᠷᠢᠶᠠᠯᠠᠩ ᠮᠠᠯ | ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠰᠤᠮᠤ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠤ ᠮᠡᠳᠡᠭᠦᠯᠦᠨ ᠬᠦᠷᠭᠡᠭᠰᠡᠨ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠤ ᠨᠡᠷᠡᠰ ᠢᠶᠠᠷ | ᠪᠠᠷᠢᠮᠵᠢᠶ᠎ᠠ ᠪᠣᠯᠭᠠᠨ᠂ ᠭᠤᠷᠪᠠᠳᠤᠭᠠᠷ ᠡᠭᠡᠯᠵᠢ ᠶᠢᠨ ᠬᠤᠯᠪᠣᠭᠠᠯᠠᠭᠰᠠᠨ ᠡᠷᠦᠬᠡ ᠶᠢᠨ ᠨᠤᠲᠤᠭ ᠪᠡᠯᠴᠢᠭᠡᠷ ᠤᠨ | ᠨᠥᠬᠦᠪᠦᠷᠢ ᠱᠠᠩᠨᠠᠯ ᠤᠨ ᠮᠥᠩᠭᠦ ᠣᠯᠭᠤᠨ᠎ᠠ᠃ | ᠪᠥᠬᠦ ᠬᠤᠰᠢᠭᠤᠨ ᠤ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ | ᠤ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠳᠠᠪᠬᠤᠴᠠᠵᠤ ᠪᠣᠯᠬᠤ ᠦᠭᠡᠢ ︵ᠳᠠᠷᠤᠢ 1 ᠬᠥᠮᠥᠨ ᠵᠡᠷᠭᠡᠪᠡᠷ 2 | ᠪᠤᠶᠤ 2 ᠠᠴᠠ ᠳᠡᠭᠡᠭᠰᠢ ᠭᠠᠴᠠᠭ᠎ᠠ ᠶᠢᠨ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠪᠠᠶᠢᠵᠤ ᠪᠣᠯᠬᠤ ᠦᠭᠡᠢ︶᠂ | ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠨᠢᠭᠡᠪᠦᠷᠢ ᠵᠥᠪᠬᠡᠨ ᠨᠢᠭᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ | ᠦᠢᠯᠡᠳᠪᠦᠷᠢᠯᠡᠯ ᠤᠨ ᠪᠠᠷᠢᠭᠠᠳᠠ︶ ᠤ ᠬᠤᠯᠪᠣᠭᠠᠯᠠᠭᠰᠠᠨ ᠡᠷᠦᠬᠡ ᠶᠢᠨ ᠨᠤᠲᠤᠭ ᠪᠡᠯᠴᠢᠭᠡᠷ ᠤᠨ ᠨᠥᠬᠦᠪᠦᠷᠢ | ᠱᠠᠩᠨᠠᠯ ᠤᠨ ᠮᠥᠩᠭᠦ ᠶᠢ ᠬᠦᠷᠲᠡᠵᠦ ᠪᠣᠯᠣᠨ᠎ᠠ᠃ ᠳᠠᠪᠬᠤᠷ ᠨᠦᠬᠦᠪᠦᠷᠢ ᠠᠪᠤᠭᠰᠠᠨ ᠬᠥᠮᠥᠰ ᠢ ᠣᠯᠵᠤ ᠮᠡᠳᠡᠪᠡ᠂ | ᠲᠡᠭᠦᠨ ᠤ ᠨᠡᠷ᠎ᠡ ᠳᠣᠣᠷᠠᠬᠢ ᠬᠤᠯᠪᠣᠭᠠᠯᠠᠭᠰᠠᠨ ᠡᠷᠥᠭᠡ ᠶᠢᠨ ᠨᠦᠬᠦᠪᠦᠷᠢ ᠱᠠᠩᠨᠠᠯ ᠤᠨ ᠮᠥᠩᠭᠦ ᠶᠢ ᠳᠠᠷᠤᠶᠢᠬᠠᠨ | ᠵᠣᠭᠰᠤᠭᠠᠬᠤ ᠶᠢᠨ ᠬᠠᠮᠲᠤ᠂ ᠬᠤᠯᠪᠣᠭᠠᠯᠠᠭᠰᠠᠨ ᠡᠷᠥᠭᠡ ᠶᠢᠨ ᠪᠦᠷᠢᠯᠳᠦᠭᠦᠨ ᠤ ᠨᠡᠷᠡᠰ ᠢ ᠰᠤᠮᠤ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠳᠤ ᠪᠤᠴᠠᠭᠠᠵᠤ ᠲᠠᠬᠢᠨ ᠬᠢᠨᠠᠨ ᠲᠣᠭᠲᠠᠭᠠᠯᠭᠠᠵᠤ᠂ ᠰᠤᠮᠤ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠠᠳᠡᠭᠦᠦ ᠲᠠᠷᠬᠠᠭᠠᠭᠰᠠᠨ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠶᠢ | ᠬᠠᠷᠢᠭᠤᠴᠠᠨ᠎ᠠ᠃ | ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠤ ᠨᠡᠷᠡᠰ ᠢ ᠬᠢᠨᠠᠨ ᠲᠣᠭᠲᠠᠭᠠᠭᠰᠠᠨ ᠤ ᠳᠠᠷᠠᠭ᠎ᠠ᠂ 2021 | ᠣᠨ ᠤ 1 ᠰᠠᠷ᠎ᠠ ᠶᠢᠨ 1 ᠤ ᠡᠳᠦᠷ ᠠᠴᠠ 2025 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ | ᠬᠤᠪᠢᠷᠠᠭᠤᠯᠵᠤ ᠪᠣᠯᠬᠤ ᠦᠭᠡᠢ᠂ ᠭᠡᠪᠡᠴᠦ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠨᠢ ᠦᠬᠦᠭᠰᠡᠨ᠂ ᠡᠷᠦᠬᠡ | ᠠᠮᠠ ᠶᠢᠨ ᠲᠠᠩᠰᠠ ᠪᠠᠨ ᠰᠢᠯᠵᠢᠭᠦᠯᠵᠦ ᠭᠠᠷᠭᠠᠭᠰᠠᠨ ᠪᠤᠶᠤ ᠠᠯᠪᠠᠨ ᠲᠤᠰᠢᠶᠠᠯᠲᠠᠨ ᠪᠣᠯᠣᠭᠰᠠᠨ ᠪᠠᠶᠢᠪᠠᠯ᠂ ᠦᠬᠦᠭᠰᠡᠨ | ᠡᠳᠦᠷ᠂ ᠡᠷᠦᠬᠡ ᠠᠮᠠ ᠶᠢᠨ ᠲᠠᠩᠰᠠ ᠪᠠᠨ ᠰᠢᠯᠵᠢᠭᠦᠯᠵᠦ ᠭᠠᠷᠭᠠᠬᠤ ᠪᠠᠷ ᠭᠤᠶᠤᠴᠢᠯᠠᠭᠰᠠᠨ ᠡᠳᠦᠷ ᠪᠠ ᠠᠯᠪᠠᠨ | ᠲᠤᠰᠢᠶᠠᠯᠲᠠᠨ ᠪᠣᠯᠣᠭᠰᠠᠨ ᠡᠳᠦᠷ ᠠᠴᠠ ᠡᠬᠢᠯᠡᠨ ︵ᠲᠤᠷᠰᠢᠨ ᠬᠡᠷᠡᠭᠯᠡᠬᠦ ᠬᠤᠭᠤᠴᠠᠭ᠎ᠠ ᠪᠠᠭᠲᠠᠨ᠎ᠠ︶᠂ ᠬᠤᠯᠪᠣᠭᠠᠯᠠᠭᠰᠠᠨ | ᠡᠷᠦᠬᠡ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠣᠯᠭᠤᠬᠤ ᠶᠢ ᠵᠣᠭᠰᠤᠭᠠᠬᠤ ᠶᠢᠨ ᠬᠠᠮᠲᠤ᠂ | ᠣᠯᠭᠤᠬᠤ ᠶᠢ ᠵᠣᠭᠰᠣᠭᠠᠭᠰᠠᠨ ᠬᠤᠯᠪᠣᠭᠠᠯᠠᠭᠰᠠᠨ ᠡᠷᠦᠬᠡ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ | ᠮᠥᠩᠭᠦ ᠶᠢ ᠪᠤᠰᠤᠳ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠳᠤ ᠲᠡᠭᠰᠢᠳᠬᠡᠨ ᠣᠯᠭᠤᠨ᠎ᠠ᠃ | ︵ᠳᠥᠷᠪᠡ︶ ᠨᠦᠬᠦᠪᠦᠷᠢ ᠱᠠᠩᠨᠠᠯ ᠤᠨ ᠮᠥᠩᠭᠦ ᠣᠯᠭᠤᠬᠤ ᠴᠠᠭ ᠤᠨ ᠬᠢᠵᠠᠭᠠᠷ | 1. 2021 ᠣᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ᠄ ᠲᠥᠷᠥᠯ ᠵᠦᠢᠯ ᠢ | ᠡᠬᠢᠯᠡᠭᠦᠯᠦᠭᠰᠡᠨ ᠤ ᠳᠠᠷᠠᠭ᠎ᠠ᠂ ᠲᠤᠬᠠᠢ ᠶᠢᠨ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠳᠦᠷᠢᠮ ᠢ ᠴᠢᠩᠭ᠎ᠠ ᠬᠡᠷᠡᠭᠵᠢᠭᠦᠯᠦᠭᠰᠡᠨ ᠮᠠᠯᠵᠢᠬᠤ ᠡᠷᠦᠬᠡ ᠳᠤ | ᠂ 2021 ᠣᠨ ᠤ 60% ᠶᠢᠨ ᠨᠥᠬᠦᠪᠦᠷᠢ ᠱᠠᠩᠨᠠᠯ ᠤᠨ ᠮᠥᠩᠭᠦ ᠵᠢᠴᠢ 40% ᠶᠢᠨ ᠨᠥᠬᠦᠪᠦᠷᠢ ᠱᠠᠩᠨᠠᠯ ᠤᠨ | ᠮᠥᠩᠭᠦ ᠶᠢ ᠲᠠᠷᠬᠠᠭᠠᠨ᠎ᠠ︔ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ | ᠰᠡᠯᠭᠦᠨ ᠮᠠᠯᠵᠢᠬᠤ︶ ᠳᠦᠷᠢᠮ ᠢ ᠵᠥᠷᠢᠴᠡᠭᠰᠡᠨ ᠮᠠᠯᠵᠢᠬᠤ ᠡᠷᠥᠭᠡ ᠳᠤ᠂ ᠵᠣᠬᠢᠴᠠᠩᠭᠤᠢ ᠨᠦᠬᠦᠪᠦᠷᠢ ᠱᠠᠩᠨᠠᠯ ᠤᠨ | ᠮᠥᠩᠭᠦ ᠶᠢ ᠰᠠᠭᠤᠯᠭᠠᠨ ᠠᠪᠤᠭᠰᠠᠨ ᠤ ᠲᠠᠷᠠᠭ᠎ᠠ᠂ ᠦᠯᠡᠳᠡᠭᠰᠡᠨ ᠨᠦᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠨ᠎ᠠ᠃ | 2. 2022 ᠣᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ᠄ ᠲᠤᠬᠠᠢ ᠶᠢᠨ ᠵᠢᠯ ᠳᠤ | ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ | ᠳᠦᠷᠢᠮ ᠢ ᠴᠢᠩᠭ᠎ᠠ ᠬᠡᠷᠡᠭᠵᠢᠭᠦᠯᠦᠭᠰᠡᠨ ᠮᠠᠯᠵᠢᠬᠤ ᠡᠷᠦᠬᠡ ᠳᠤ᠂ 2022 ᠣᠨ ᠤ 60% ᠶᠢᠨ ᠨᠥᠬᠦᠪᠦᠷᠢ | ᠱᠠᠩᠨᠠᠯ ᠤᠨ ᠮᠥᠩᠭᠦ ᠶᠢ ᠲᠠᠷᠬᠠᠭᠠᠵᠤ᠂ 12 ᠰᠠᠷ᠎ᠠ ᠳᠤ ᠲᠣᠰ ᠵᠢᠯ ᠤᠨ 40% ᠶᠢᠨ ᠨᠥᠬᠦᠪᠦᠷᠢ ᠱᠠᠩᠨᠠᠯ ᠤᠨ | ᠮᠥᠩᠭᠦ ᠶᠢ ᠲᠠᠷᠬᠠᠭᠠᠨ᠎ᠠ︔ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ | ᠰᠡᠯᠭᠦᠨ ᠮᠠᠯᠵᠢᠬᠤ︶ ᠳᠦᠷᠢᠮ ᠢ ᠵᠥᠷᠢᠴᠡᠭᠰᠡᠨ ᠮᠠᠯᠵᠢᠬᠤ ᠡᠷᠥᠭᠡ ᠳᠤ᠂ ᠵᠣᠬᠢᠴᠠᠩᠭᠤᠢ ᠨᠥᠬᠦᠪᠦᠷᠢ ᠱᠠᠩᠨᠠᠯ ᠤᠨ | ᠮᠥᠩᠭᠦ ᠶᠢ ᠰᠠᠭᠤᠯᠭᠠᠨ ᠠᠪᠤᠭᠰᠠᠨ ᠤ ᠲᠠᠷᠠᠭ᠎ᠠ᠂ 12 ᠰᠠᠷ᠎ᠠ ᠳᠤ ᠦᠯᠡᠳᠡᠭᠰᠡᠨ ᠨᠥᠬᠦᠪᠦᠷᠢ ᠱᠠᠩᠨᠠᠯ ᠤᠨ ᠮᠥᠩᠭᠦ ᠶᠢ | ᠲᠠᠷᠬᠠᠭᠠᠨ᠎ᠠ᠃ | 3. 2023 ᠣᠨ ︱ 2025 ᠣᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ᠄ | ᠵᠢᠯ ᠪᠦᠷᠢ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ | ᠮᠠᠯᠵᠢᠬᠤ︶ ᠳᠦᠷᠢᠮ ᠢ ᠴᠢᠩᠭ᠎ᠠ ᠬᠡᠷᠡᠭᠵᠢᠭᠦᠯᠦᠭᠰᠡᠨ ᠮᠠᠯᠵᠢᠬᠤ ᠡᠷᠦᠬᠡ ᠳᠤ ᠵᠢᠯ ᠪᠦᠷᠢ ᠶᠢᠨ 7 ᠰᠠᠷ᠎ᠠ ᠳᠤ ᠲᠣᠰ | ᠵᠢᠯ ᠤᠨ 60% ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠵᠤ᠂ 12 ᠰᠠᠷ᠎ᠠ ᠳᠤ | ᠲᠣᠰ ᠵᠢᠯ ᠤᠨ 40% ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠨ᠎ᠠ︔ | ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ | ᠳᠦᠷᠢᠮ ᠢ ᠵᠥᠷᠢᠴᠡᠭᠰᠡᠨ ᠮᠠᠯᠵᠢᠬᠤ ᠡᠷᠥᠭᠡ ᠳᠤ ᠵᠣᠬᠢᠴᠠᠩᠭᠤᠢ ᠨᠦᠬᠦᠪᠦᠷᠢ ᠱᠠᠩᠨᠠᠯ ᠤᠨ ᠮᠥᠩᠭᠦ ᠶᠢ ᠰᠠᠭᠤᠯᠭᠠᠨ | ᠠᠪᠤᠭᠰᠠᠨ ᠤ ᠲᠠᠷᠠᠭ᠎ᠠ᠂ 12 ᠳ᠋ᠤᠭᠠᠷ ᠰᠠᠷ᠎ᠠ ᠳᠤ ᠦᠯᠡᠳᠡᠭᠰᠡᠨ ᠨᠥᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠨ᠎ᠠ᠃ | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠡᠷᠬᠡᠪᠰᠢ ᠵᠢᠯ ᠪᠦᠷᠢ ᠶᠢᠨ 6 ᠰᠠᠷ᠎ᠠ ᠪᠠ | 11ᠰᠠᠷ᠎ᠠ ᠳᠤ ᠨᠠᠷᠢᠨ ᠲᠠᠩᠰᠠ ᠪᠠ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠤᠨ ᠲᠣᠳᠣᠷᠬᠠᠶᠢᠯᠠᠯᠲᠠ ᠶᠢ | ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠬᠠᠮᠲᠤ ᠳᠤᠨᠢ ᠮᠡᠳᠡᠭᠦᠯᠦᠨ | ᠬᠦᠷᠭᠡᠬᠦ ᠬᠡᠷᠡᠭᠲᠡᠢ᠃ ᠨᠠᠷᠢᠨ ᠲᠠᠩᠰᠠ ᠪᠠ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠤᠨ ᠲᠣᠳᠣᠷᠬᠠᠶᠢᠯᠠᠯᠲᠠ ᠶᠢ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ ᠤ ᠵᠥᠪᠯᠡᠯ ᠤᠨ | ᠬᠠᠷᠢᠭᠤᠴᠠᠯᠭᠠᠲᠠᠨ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠨᠥᠬᠦᠪᠦᠷᠢ | ᠱᠠᠩᠨᠠᠯ ᠤᠨ ᠮᠥᠩᠭᠦ ᠶᠢᠨ ᠬᠠᠷᠢᠭᠤᠴᠠᠯᠭᠠᠲᠠᠨ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢᠨ | ᠬᠠᠷᠢᠭᠤᠴᠠᠯᠭᠠᠲᠠᠨ ᠠᠴᠠ ᠨᠢᠭᠤᠷ ᠳᠠᠷᠠᠭᠠᠯᠠᠨ ᠭᠠᠷ ᠤᠨ ᠥᠰᠥᠭ ᠵᠢᠷᠤᠵᠤ ᠨᠤᠲᠠᠯᠠᠬᠤ ᠶᠢᠨ ᠬᠠᠮᠲᠤ᠂ ᠪᠠᠶᠢᠭᠤᠯᠭ᠎ᠠ | ᠨᠢᠭᠡᠴᠡ ᠶᠢᠨ ᠠᠯᠪᠠᠨ ᠲᠠᠮᠠᠭ᠎ᠠ ᠶᠢ ᠳᠠᠷᠤᠭᠰᠠᠨ ᠤ ᠳᠠᠷᠠᠭ᠎ᠠ᠂ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ | ᠬᠦᠷᠭᠡᠵᠦ ᠬᠢᠨᠠᠨ ᠬᠠᠷᠭᠤᠭᠤᠯᠤᠭᠤᠯᠵᠤ᠂ ᠬᠢᠨᠠᠨ ᠬᠠᠷᠭᠤᠭᠤᠯᠤᠭᠠᠳ ᠠᠯᠳᠠᠭ᠎ᠠ ᠦᠭᠡᠢ ᠪᠣᠯ ᠮᠠᠯᠴᠢᠳ ᠤᠨ ︽ | ᠪᠦᠬᠦᠨ ᠳᠤ ᠲᠣᠬᠢᠷᠠᠬᠤ ᠺᠠᠷᠲ︾ ᠤᠨ ᠲᠠᠩᠰᠠᠨ ᠡᠷᠦᠬᠡ ᠳᠤ ᠰᠢᠯᠵᠢᠭᠦᠯᠦᠨ ᠥᠭᠭᠦᠨ᠎ᠡ᠃ | ᠪᠡᠯᠡ ᠮᠥᠩᠭᠦ ᠨᠦᠬᠦᠪᠦᠷᠢ ᠣᠯᠭᠤᠬᠤ ᠳᠤ ᠬᠤᠯᠪᠣᠭᠳᠠᠬᠤ ᠪᠤᠢ ᠪᠦᠬᠦᠢ ᠵᠣᠭᠤᠰ ᠢ ᠵᠢᠯ ᠪᠦᠷᠢ ᠶᠢᠨ 7 | ᠰᠠᠷ᠎ᠠ ᠪᠠ 12 ᠰᠠᠷ᠎ᠠ ᠳᠤ ᠲᠠᠷᠬᠠᠭᠠᠨ᠎ᠠ᠂ ᠦᠯᠡᠳᠡᠭᠰᠡᠨ ᠴᠠᠭ ᠲᠤᠨᠢ ᠨᠦᠬᠦᠪᠦᠷᠢ ᠱᠠᠩᠨᠠᠯ ᠲᠠᠷᠬᠠᠭᠠᠬᠤ ᠰᠢᠰᠲ᠋ᠧᠮ ᠢ | ᠬᠠᠭᠠᠵᠤ᠂ ᠨᠦᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠵᠤ ᠴᠢᠳᠠᠬᠤ ᠦᠭᠡᠢ᠃ | ︵ᠲᠠᠪᠤ︶ ᠪᠡᠯᠡ ᠮᠥᠩᠭᠦ ᠬᠢᠨᠠᠨ ᠬᠠᠷᠭᠤᠭᠤᠯᠬᠤ ᠱᠠᠭᠠᠷᠳᠠᠯᠭ᠎ᠠ | 1. ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠨ᠎ᠠ᠄ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠨᠢ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠠᠢ ᠪᠡᠯᠴᠢᠭᠡᠷᠯᠡᠭᠦᠯᠬᠦ ᠶᠢ | ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠬᠠᠷᠢᠭᠤᠴᠠᠯᠭ᠎ᠠ ᠶᠢᠨ | ᠪᠢᠴᠢᠭ ᠲᠤ ᠭᠠᠷ ᠤᠨ ᠥᠰᠥᠭ ᠵᠢᠷᠤᠨ᠎ᠠ︔ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ ᠤ ᠵᠥᠪᠯᠡᠯ ᠲᠠᠢ | ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ | ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠨ᠎ᠠ᠃ | ᠡᠷᠦᠬᠡ ᠳᠤ ᠳᠠᠭᠠᠭᠠᠴᠢᠯᠠᠭᠤᠯᠤᠭᠰᠠᠨ ᠨᠤᠲᠤᠭ ᠪᠡᠯᠴᠢᠭᠡᠷ ᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠠᠴᠠ ᠳᠠᠭᠠᠭᠠᠴᠢᠯᠠᠭᠤᠯᠤᠭᠴᠢ ᠶᠢ ᠵᠣᠬᠢᠶᠠᠨ ᠪᠠᠶᠢᠭᠤᠯᠵᠤ᠂ ᠳᠠᠭᠠᠭᠠᠴᠢᠯᠠᠭᠴᠢ ᠯᠤᠭ᠎ᠠ ᠪᠡᠯᠴᠢᠭᠡᠷᠯᠡᠭᠦᠯᠬᠦ ᠶᠢ | ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠬᠠᠷᠢᠭᠤᠴᠠᠯᠭ᠎ᠠ ᠶᠢᠨ ᠪᠢᠴᠢᠭ | ᠲᠣᠭᠲᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ | ᠮᠠᠯᠵᠢᠬᠤ︶ ᠶᠢᠨ ᠪᠣᠳᠠᠲᠠᠢ ᠠᠭᠤᠯᠭ᠎ᠠ ᠶᠢ ᠨᠠᠶᠢᠳᠠᠪᠤᠷᠢᠵᠢᠭᠤᠯᠤᠨ᠎ᠠ︔ ᠬᠤᠯᠪᠣᠭᠠᠯᠠᠭᠰᠠᠨ ᠡᠷᠦᠬᠡ ᠳᠤ | ᠳᠠᠭᠠᠭᠠᠴᠢᠯᠠᠭᠤᠯᠤᠭᠰᠠᠨ ᠨᠤᠲᠤᠭ ᠪᠡᠯᠴᠢᠭᠡᠷ ᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ | ᠳᠠᠭᠠᠭᠠᠴᠢᠯᠠᠭᠤᠯᠤᠭᠴᠢ ᠶᠢ ᠵᠣᠬᠢᠶᠠᠨ ᠪᠠᠶᠢᠭᠤᠯᠵᠤ᠂ ᠳᠠᠭᠠᠭᠠᠴᠢᠯᠠᠭᠴᠢ ᠶᠢᠨ ᠲᠥᠯᠥᠭᠡᠯᠡᠭᠴᠢ ᠯᠦᠭᠡ | ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ | ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ︵ᠰᠡᠯᠭᠦᠨ ᠮᠠᠯᠵᠢᠬᠤ︶ ᠶᠢᠨ ᠪᠣᠳᠠᠲᠠᠢ ᠠᠭᠤᠯᠭ᠎ᠠ ᠶᠢ ᠨᠠᠶᠢᠳᠠᠪᠤᠷᠢᠵᠢᠭᠤᠯᠤᠨ᠎ᠠ︔ ᠤᠷᠵᠢᠨ ᠮᠠᠯᠵᠢᠯ ᠤᠨ | ᠲᠠᠯᠠᠪᠠᠶ ᠶᠢ ᠬᠥᠯᠥᠨ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠤᠷᠵᠢᠨ ᠤ ᠮᠠᠯᠵᠢᠬᠤ ᠡᠷᠦᠬᠡ ᠯᠦᠭᠡ | ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ | ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ︵ᠰᠡᠯᠭᠦᠨ ᠮᠠᠯᠵᠢᠬᠤ︶ ᠪᠣᠳᠠᠲᠠᠢ ᠠᠭᠤᠯᠭ᠎ᠠ ᠶᠢ ᠨᠠᠶᠢᠳᠠᠪᠤᠷᠢᠵᠢᠭᠤᠯᠤᠨ᠎ᠠ᠃ | ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ | ᠮᠠᠯᠵᠢᠬᠤ︶ ᠬᠠᠷᠢᠭᠤᠴᠠᠯᠭ᠎ᠠ ᠶᠢᠨ ᠪᠢᠴᠢᠭ ᠢ ᠨᠢᠭᠡ ᠦᠶᠡᠯᠡᠯ ᠤᠨ ᠬᠤᠭᠤᠴᠠᠭ᠎ᠠ ︵ᠳᠠᠷᠤᠢ 2021 ᠣᠨ ︱ | 2025 ᠣᠨ︶ ᠳᠤ ᠨᠢᠭᠡ ᠤᠳᠠᠭ᠎ᠠ ᠲᠣᠭᠲᠠᠵᠤ᠂ ᠲᠣᠰ ᠦᠶᠡᠯᠡᠯ ᠤᠨ ᠬᠤᠭᠤᠴᠠᠭᠠᠨ ᠤ ᠪᠣᠳᠠᠲᠠᠢ ᠲᠣᠭᠲᠠᠭᠰᠠᠨ | ᠴᠠᠭ ᠨᠢ 2022 ᠣᠨ ᠪᠣᠯᠣᠨ᠎ᠠ᠃ 2021 ᠣᠨ ᠤ 1 ᠰᠠᠷ᠎ᠠ ᠶᠢᠨ 1 ᠤ ᠡᠳᠦᠷ ᠠᠴᠠ 2025 ᠣᠨ ᠤ 12 | ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ | ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠢ ᠬᠤᠪᠢᠷᠠᠭᠤᠯᠤᠭᠰᠠᠨ ᠮᠠᠯᠵᠢᠬᠤ | ᠡᠷᠦᠬᠡ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ | ᠮᠠᠯᠵᠢᠬᠤ︶ ᠬᠠᠷᠢᠭᠤᠴᠠᠯᠭ᠎ᠠ ᠶᠢᠨ ᠪᠢᠴᠢᠭ ᠢ ᠳᠠᠭᠢᠵᠤ ᠰᠢᠨ᠎ᠡ ᠪᠠᠷ ᠲᠣᠭᠲᠠᠬᠤ ᠬᠡᠷᠡᠭᠲᠡᠢ᠃ ᠪᠡᠯᠴᠢᠭᠡᠷᠯᠡᠭᠦᠯᠬᠦ ᠶᠢ | ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠷᠢᠭᠤᠴᠠᠯᠭ᠎ᠠ ᠶᠢᠨ ᠪᠢᠴᠢᠭ ᠲᠤ ᠬᠤᠶᠠᠳᠤᠭᠠᠷ | ᠡᠭᠡᠯᠵᠢ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠬᠠᠷᠢᠭᠤᠴᠠᠯᠭ᠎ᠠ ᠶᠢᠨ ᠪᠢᠴᠢᠭ ᠤᠨ ᠵᠠᠭᠪᠤᠷ ᠢ ᠦᠷᠭᠦᠯᠵᠢᠯᠡᠨ ᠨᠢᠭᠡᠳᠦᠯᠲᠡᠢ ᠬᠡᠷᠡᠭᠯᠡᠵᠦ᠂ ᠪᠡᠯᠴᠢᠭᠡᠷᠯᠡᠭᠦᠯᠬᠦ ᠶᠢ | ᠵᠣᠭᠰᠤᠭᠠᠬᠤ ᠬᠠᠷᠢᠭᠤᠴᠠᠯᠭ᠎ᠠ ᠶᠢᠨ ᠪᠢᠴᠢᠭ ᠢ ᠠᠰᠲᠠᠭᠠᠨ ᠳᠠᠭᠠᠯᠳᠤᠭᠤᠯᠬᠤ ᠬᠡᠷᠡᠭᠲᠡᠢ᠃ | 2. ᠬᠢᠨᠠᠨ ᠬᠠᠷᠭᠤᠭᠤᠯᠬᠤ ᠴᠡᠭ ᠪᠠᠶᠢᠭᠤᠯᠵᠤ᠂ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠠᠵᠢᠯ ᠢ | ᠥᠷᠨᠢᠭᠦᠯᠦᠨ᠎ᠡ᠄ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠬᠢᠨᠠᠨ ᠬᠠᠷᠭᠤᠭᠤᠯᠬᠤ ᠴᠡᠭ | ᠪᠠᠶᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ | ᠮᠠᠯᠵᠢᠬᠤ︶ ᠬᠠᠷᠢᠭᠤᠴᠠᠯᠭ᠎ᠠ ᠶᠢᠨ ᠪᠢᠴᠢᠭ ᠢ ᠬᠠᠮᠢᠶ᠎ᠠ ᠪᠦᠬᠦᠢ ᠮᠠᠲ᠋ᠧᠷᠢᠶᠠᠯ ᠯᠤᠭ᠎ᠠ ᠭᠠᠷ ᠤᠨ ᠥᠰᠥᠭ ᠵᠢᠷᠤᠬᠤ | ᠠᠵᠢᠯ ᠢ ᠬᠠᠷᠢᠭᠤᠴᠠᠬᠤ ᠶᠢᠨ ᠬᠠᠮᠲᠤ᠂ ᠪᠣᠶ ᠪᠦᠬᠦᠢ ᠭᠠᠷ ᠤᠨ ᠥᠰᠥᠭ ᠵᠢᠷᠤᠬᠤ ᠦᠶᠯᠡ ᠠᠵᠢᠯᠯᠠᠭ᠎ᠠ ᠳᠤ ᠴᠥᠮ | ᠲᠣᠰ ᠬᠥᠮᠥᠨ ᠤ ᠭᠠᠷ ᠤᠨ ᠥᠰᠥᠭ ᠵᠢᠷᠤᠬᠤ ᠶᠢ ᠬᠠᠷᠢᠭᠤᠴᠠᠨ ᠬᠢᠨᠠᠯᠲᠠ ᠲᠠᠯᠪᠢᠵᠤ᠂ ᠣᠷᠣᠯᠠᠨ ᠭᠠᠷ ᠤᠨ ᠥᠰᠥᠭ | ᠵᠢᠷᠤᠵᠤ ᠪᠣᠯᠬᠤ ᠦᠭᠡᠢ᠃ ᠲᠣᠰ ᠬᠥᠮᠥᠨ ᠨᠢ ᠣᠨᠴᠠᠭᠠᠢ ᠪᠠᠶᠢᠳᠠᠯ ᠠᠴᠠ ᠪᠣᠯᠵᠤ ᠲᠤᠬᠠᠢ ᠶᠢᠨ ᠲᠠᠯᠠᠪᠤᠷ ᠲᠤ | ᠬᠦᠷᠴᠦ ᠭᠠᠷ ᠤᠨ ᠥᠰᠥᠭ ᠵᠢᠷᠤᠬᠤ ᠶᠢᠨ ᠠᠷᠭ᠎ᠠ ᠦᠭᠡᠢ ᠪᠣᠯ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠲᠣᠰ ᠬᠥᠮᠥᠨ ᠨᠢ ᠨᠠᠶᠢᠳᠠᠯᠭ᠎ᠠ ᠶᠢᠨ ᠪᠢᠴᠢᠭ ᠪᠠ | ᠨᠠᠶᠢᠳᠠᠯᠭ᠎ᠠ ᠶᠢᠨ ᠬᠡᠷᠡᠯ ᠵᠢᠷᠤᠭ ︵ᠸᠢᠳᠢᠤ᠋︶ ᠢ ᠬᠠᠩᠭᠠᠵᠤ᠂ ᠪᠤᠰᠤᠳ ᠬᠥᠮᠥᠨ ᠳᠤ ᠨᠠᠶᠢᠳᠠᠵᠤ ᠣᠷᠣᠯᠠᠨ ᠭᠠᠷ ᠤᠨ | ᠥᠰᠥᠭ ᠵᠢᠷᠤᠭᠤᠯᠵᠤ ᠪᠣᠯᠣᠨ᠎ᠠ᠃ ᠲᠤᠬᠠᠢ ᠶᠢᠨ ᠲᠠᠯᠠᠪᠠᠶ ᠳᠤ ᠭᠠᠷ ᠤᠨ ᠥᠰᠥᠭ ᠵᠢᠷᠤᠬᠤ ᠶᠢᠨ ᠬᠠᠮᠲᠤ᠂ ᠰᠤᠮᠤ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠠᠵᠢᠯ ᠢ ᠵᠡᠷᠭᠡ | ᠳᠤᠨᠢ ᠶᠠᠪᠤᠭᠳᠠᠭᠤᠯᠬᠤ ᠬᠡᠷᠡᠭᠲᠡᠢ᠃ ᠪᠣᠳᠠᠲᠠᠢ ᠱᠠᠭᠠᠷᠳᠠᠯᠭ᠎ᠠ ᠨᠢ ᠳᠣᠣᠷᠠᠬᠢ ᠮᠡᠲᠦ᠄ | ︵1︶ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠡᠷᠦᠬᠡ ᠶᠢ ᠬᠢᠨᠠᠨ | ᠬᠠᠷᠭᠤᠭᠤᠯᠬᠤ ᠱᠠᠭᠠᠷᠳᠠᠯᠭ᠎ᠠ | ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠭᠤᠯᠤᠭᠴᠢ ᠶᠢ ᠵᠣᠬᠢᠶᠠᠨ | ᠪᠠᠶᠢᠭᠤᠯᠵᠤ᠂ ᠳᠠᠭᠠᠭᠠᠴᠢᠯᠠᠭᠴᠢ ᠶᠢᠨ ᠲᠣᠰ ᠬᠥᠮᠥᠨ ᠯᠦᠭᠡ ᠲᠤᠬᠠᠢ ᠶᠢᠨ ᠲᠠᠯᠠᠪᠤᠷ ᠲᠤ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ | ᠵᠢᠷᠤᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠤᠨ ᠮᠥᠩᠭᠦ ᠶᠢᠨ ᠲᠤᠬᠠᠢ ᠶᠢᠨ ᠲᠠᠯᠠᠪᠤᠷ ᠲᠤ | ᠭᠠᠷ ᠤᠨ ᠥᠰᠥᠭ ᠵᠢᠷᠤᠵᠤ ᠨᠤᠲᠠᠯᠠᠬᠤ ᠬᠦᠰᠦᠨᠦᠭᠲᠦ ᠪᠠ ᠰᠡᠯᠭᠦᠨ ᠮᠠᠯᠵᠢᠬᠤ ᠨᠥᠬᠦᠪᠦᠷᠢ ᠮᠥᠩᠭᠦ ᠶᠢᠨ ᠲᠤᠬᠠᠢ ᠶᠢᠨ | ᠲᠠᠯᠠᠪᠤᠷ ᠲᠤ ᠭᠠᠷ ᠤᠨ ᠦᠰᠦᠭ ᠵᠢᠷᠤᠬᠤ ᠬᠡᠷᠡᠭᠲᠡᠢ᠃ ᠳᠠᠭᠠᠭᠠᠴᠢᠯᠠᠭᠴᠢ ᠬᠦᠴᠦᠨ ᠪᠦᠬᠦᠢ ᠬᠤᠭᠤᠴᠠᠭᠠᠨ ᠳᠠᠬᠢ | ᠪᠡᠶ᠎ᠡ ᠶᠢᠨ ᠦᠨᠡᠮᠯᠡᠯ ᠤᠨ ᠤᠭ ᠳᠡᠪᠲᠡᠷ ᠢ ᠠᠪᠴᠤ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ | ᠠᠵᠢᠯᠲᠠᠨ ᠡᠷᠦᠬᠡ ᠳᠠᠷᠠᠭᠠᠯᠠᠨ ᠬᠢᠨᠠᠨ ᠬᠠᠷᠭᠤᠭᠤᠯᠬᠤ ᠶᠢᠨ ᠬᠠᠮᠲᠤ᠂ ᠰᠡᠭᠦᠳᠡᠷ ᠲᠠᠲᠠᠵᠤ ᠳᠠᠩᠰᠠ ᠡᠪᠬᠡᠮᠡᠯ ᠳᠤ | ᠦᠯᠡᠳᠡᠭᠡᠬᠦ ᠶᠢ ᠬᠠᠷᠢᠭᠤᠴᠠᠵᠤ᠂ ᠬᠢᠨᠠᠨ ᠬᠠᠷᠭᠤᠭᠤᠯᠬᠤ ᠠᠭᠤᠯᠭ᠎ᠠ ᠳᠤ᠄ ᠲᠤᠰ ᠡᠷᠦᠬᠡ ᠨᠤᠲᠤᠭ ᠪᠡᠯᠴᠢᠭᠡᠷ ᠢ | ᠳᠠᠭᠠᠭᠠᠴᠢᠯᠠᠨ ᠡᠵᠡᠩᠨᠡᠬᠦ ᠬᠢᠷᠢ ᠬᠡᠮ ᠲᠠᠢ ᠡᠰᠡᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ | ᠮᠠᠯᠵᠢᠬᠤ︶ ᠬᠠᠷᠢᠭᠤᠴᠠᠯᠭ᠎ᠠ ᠶᠢᠨ ᠪᠢᠴᠢᠭ ᠤᠨ ᠮᠡᠳᠡᠭᠡ ᠵᠠᠩᠭᠢ ᠨᠢ ᠣᠨᠣᠪᠴᠢᠲᠠᠶ ᠡᠰᠡᠬᠦ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠱᠠᠩᠨᠠᠯ ᠤᠨ ᠮᠥᠩᠭᠦ ᠶᠢᠨ ᠲᠤᠬᠠᠢ ᠶᠢᠨ ᠲᠠᠯᠠᠪᠠᠢ ᠳᠤ ᠭᠠᠷ ᠤᠨ ᠥᠰᠥᠭ ᠵᠢᠷᠤᠵᠤ | ᠨᠤᠲᠠᠯᠠᠭᠰᠠᠨ ᠬᠦᠰᠦᠨᠦᠭᠲᠦ ᠶᠢᠨ ᠮᠡᠳᠡᠭᠡ ᠵᠠᠩᠭᠢ ᠨᠢ ᠣᠨᠣᠪᠴᠢᠲᠠᠶ ᠡᠰᠡᠬᠦ᠂ ᠰᠡᠯᠭᠦᠨ ᠮᠠᠯᠵᠢᠬᠤ ᠨᠥᠬᠦᠪᠦᠷᠢ | ᠮᠥᠩᠭᠦ ᠶᠢᠨ ᠲᠤᠬᠠᠢ ᠶᠢᠨ ᠲᠠᠯᠠᠪᠠᠢ ᠳᠤ ᠭᠠᠷ ᠤᠨ ᠥᠰᠥᠭ ᠵᠢᠷᠤᠵᠤ ᠨᠤᠲᠠᠯᠠᠭᠰᠠᠨ ᠬᠦᠰᠦᠨᠦᠭᠲᠦ ᠶᠢᠨ ᠮᠡᠳᠡᠭᠡ | ᠵᠠᠩᠭᠢ ᠨᠢ ᠣᠨᠣᠪᠴᠢᠲᠠᠶ ᠡᠰᠡᠬᠦ᠂ ᠳᠠᠭᠠᠭᠠᠴᠢᠯᠠᠭᠴᠢ ᠨᠢ ᠲᠤᠰ ᠬᠥᠮᠥᠨ ᠮᠥᠨ ᠡᠰᠡᠬᠦ᠂ ᠳᠠᠭᠠᠭᠠᠴᠢᠯᠠᠭᠴᠢ ᠨᠢ | ᠲᠡᠭᠦᠨ ᠤ ᠬᠦᠷᠲᠡᠵᠦ ᠪᠠᠶᠢᠭ᠎ᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠤᠨ ᠮᠥᠩᠭᠦ ᠪᠠ ᠰᠡᠯᠭᠦᠨ | ᠮᠠᠯᠵᠢᠬᠤ ᠨᠥᠬᠦᠪᠦᠷᠢ ᠮᠥᠩᠭᠦ ᠳᠤ ᠣᠨᠳᠣᠣ ᠰᠠᠨᠠᠯ ᠲᠠᠢ ᠪᠠᠶᠢᠬᠤ ᠡᠰᠡᠬᠦ ᠵᠡᠷᠭᠡ ᠪᠣᠯᠣᠨ᠎ᠠ᠃ ᠬᠢᠨᠠᠨ ᠬᠠᠷᠭᠤᠭᠤᠯᠵᠤ | ᠨᠤᠲᠠᠯᠠᠭᠰᠠᠨ ᠤ ᠳᠠᠷᠠᠭ᠎ᠠ᠂ ᠳᠠᠭᠠᠭᠠᠴᠢᠯᠠᠭᠴᠢ ᠬᠠᠷᠢᠭᠤᠴᠠᠯᠭ᠎ᠠ ᠶᠢᠨ ᠪᠢᠴᠢᠭ ᠪᠠ ᠪᠡᠶ᠎ᠡ ᠶᠢᠨ ᠦᠨᠡᠮᠯᠡᠯ ᠢᠶᠠᠨ ᠠᠪᠴᠤ | ᠰᠡᠭᠦᠳᠡᠷ ᠵᠢᠷᠤᠭ ᠠᠪᠤᠭᠤᠯᠤᠨ᠎ᠠ᠂ ᠡᠷᠦᠬᠡ ᠪᠦᠷᠢ ᠶᠢᠨ ᠰᠡᠭᠦᠳᠡᠷ ᠨᠢ 1 ᠬᠤᠪᠢ ᠪᠠᠶᠢᠬᠤ ᠬᠡᠷᠡᠭᠲᠡᠢ᠃ ᠰᠤᠮᠤ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠭᠠᠷ ᠤᠨ ᠥᠰᠥᠭ ᠵᠢᠷᠤᠵᠤ ᠳᠠᠭᠤᠰᠤᠭᠰᠠᠨ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠬᠠᠷᠢᠭᠤᠴᠠᠯᠭ᠎ᠠ ᠶᠢᠨ ᠪᠢᠴᠢᠭ᠂ ᠡᠯᠧᠺᠲᠷᠣᠨ ᠬᠡᠷᠡᠯ ᠵᠢᠷᠤᠭ᠂ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠤᠨ ᠮᠥᠩᠭᠦ ᠶᠢᠨ ᠲᠤᠬᠠᠢ ᠶᠢᠨ ᠲᠠᠯᠠᠪᠠᠶ ᠳᠤ ᠭᠠᠷ ᠤᠨ ᠥᠰᠥᠭ | ᠵᠢᠷᠤᠭᠰᠠᠨ ᠨᠤᠲᠠᠯᠠᠯᠲᠠ ᠶᠢᠨ ᠬᠦᠰᠦᠨᠦᠭᠲᠦ᠂ ᠰᠡᠯᠭᠦᠨ ᠮᠠᠯᠵᠢᠬᠤ ᠨᠥᠬᠦᠪᠦᠷᠢ ᠮᠥᠩᠭᠦ ᠶᠢᠨ ᠲᠤᠬᠠᠢ ᠶᠢᠨ ᠲᠠᠯᠠᠪᠠᠶ ᠳᠤ | ᠭᠠᠷ ᠤᠨ ᠥᠰᠥᠭ ᠵᠢᠷᠤᠭᠰᠠᠨ ᠨᠤᠲᠠᠯᠠᠯᠲᠠ ᠶᠢᠨ ᠬᠦᠰᠦᠨᠦᠭᠲᠦ᠂ ᠳᠠᠭᠠᠭᠠᠴᠢᠯᠠᠭᠴᠢ ᠶᠢᠨ ᠪᠡᠶ᠎ᠡ ᠶᠢᠨ ᠦᠨᠡᠮᠯᠡᠯ ᠤᠨ | ᠬᠠᠭᠤᠯᠪᠤᠷᠢ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠰᠢᠷᠪᠢᠯᠲᠡ ᠶᠢᠨ ᠮᠠᠲ᠋ᠧᠷᠢᠶᠠᠯ᠂ ᠨᠤᠲᠤᠭ | ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠭᠡᠷ᠎ᠡ ᠶᠢᠨ ᠰᠢᠷᠪᠢᠯᠲᠡ ᠶᠢᠨ ᠮᠠᠲ᠋ᠧᠷᠢᠶᠠᠯ ᠢ ᠬᠠᠮᠲᠤ ᠳᠤᠨᠢ ᠲᠠᠷᠢᠶᠠᠯᠠᠩ ᠮᠠᠯ | ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃ | ︵2︶ ᠪᠡᠯᠴᠢᠭᠡᠷᠯᠡᠭᠦᠯᠬᠦ ᠶᠢ ᠴᠠᠭᠠᠵᠠᠯᠠᠬᠤ ᠡᠷᠦᠬᠡ ᠶᠢ ᠬᠢᠨᠠᠨ ᠬᠠᠷᠭᠤᠭᠤᠯᠬᠤ ᠱᠠᠭᠠᠷᠳᠠᠯᠭ᠎ᠠ | ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠭᠤᠯᠤᠭᠴᠢ ᠶᠢ ᠵᠣᠬᠢᠶᠠᠨ | ᠪᠠᠶᠢᠭᠤᠯᠵᠤ᠂ ᠳᠠᠭᠠᠭᠠᠴᠢᠯᠠᠭᠴᠢ ᠪᠠ ᠪᠣᠶ ᠪᠦᠬᠦᠢ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠯᠦᠭᠡ | ᠲᠤᠬᠠᠢ ᠶᠢᠨ ᠲᠠᠯᠠᠪᠤᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢᠨ ᠪᠢᠴᠢᠭ᠂ ᠪᠡᠯᠴᠢᠭᠡᠷᠯᠡᠭᠦᠯᠬᠦ ᠶᠢ | ᠴᠠᠭᠠᠵᠠᠯᠠᠭᠰᠠᠨ ᠢ ᠨᠤᠲᠠᠯᠠᠭᠰᠠᠨ ᠪᠢᠴᠢᠭ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠮᠥᠩᠭᠦ ᠶᠢᠨ | ᠲᠤᠬᠠᠢ ᠶᠢᠨ ᠲᠠᠯᠠᠪᠤᠷ ᠲᠤ ᠭᠠᠷ ᠤᠨ ᠥᠰᠥᠭ ᠵᠢᠷᠤᠭᠰᠠᠨ ᠨᠤᠲᠠᠯᠠᠯᠲᠠ ᠶᠢᠨ ᠬᠦᠰᠦᠨᠦᠭᠲᠦ ᠶᠢ ᠲᠣᠭᠲᠠᠭᠠᠬᠤ | ᠬᠡᠷᠡᠭᠲᠡᠢ᠃ ᠳᠠᠭᠠᠭᠠᠴᠢᠯᠠᠭᠴᠢ ᠪᠠ ᠪᠤᠶ ᠪᠦᠬᠦᠢ ᠨᠤᠲᠤᠭ ᠪᠡᠯᠴᠢᠭᠡᠷ ᠤᠨ ᠬᠠᠮᠲᠤ ᠶᠢᠨ ᠦᠮᠴᠢᠯᠡᠭᠴᠢ ᠬᠦᠴᠦᠨ | ᠪᠦᠬᠦᠢ ᠬᠤᠭᠤᠴᠠᠭᠠᠨ ᠳᠠᠬᠢ ᠪᠡᠶ᠎ᠡ ᠶᠢᠨ ᠦᠨᠡᠮᠯᠡᠯ ᠤᠨ ᠤᠭ ᠳᠡᠪᠲᠡᠷ ᠢ ᠠᠪᠴᠤ᠂ ᠰᠤᠮᠤ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠤ ᠠᠵᠢᠯᠲᠠᠨ ᠡᠷᠦᠬᠡ ᠳᠠᠷᠠᠭᠠᠯᠠᠨ ᠬᠢᠨᠠᠨ ᠬᠠᠷᠭᠤᠭᠤᠯᠬᠤ ᠶᠢᠨ ᠬᠠᠮᠲᠤ᠂ ᠰᠡᠭᠦᠳᠡᠷ ᠲᠠᠲᠠᠵᠤ | ᠳᠠᠩᠰᠠ ᠡᠪᠬᠡᠮᠡᠯ ᠳᠤ ᠦᠯᠡᠳᠡᠭᠡᠬᠦ ᠶᠢ ᠬᠠᠷᠢᠭᠤᠴᠠᠵᠤ᠂ ᠬᠢᠨᠠᠨ ᠬᠠᠷᠭᠤᠭᠤᠯᠬᠤ ᠠᠭᠤᠯᠭ᠎ᠠ ᠳᠤ᠄ ᠲᠤᠰ ᠡᠷᠦᠬᠡ ᠨᠢ | ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠬᠢᠷᠢ ᠬᠡᠮ ᠲᠠᠢ ᠡᠰᠡᠬᠦ᠂ ᠪᠡᠯᠴᠢᠭᠡᠷᠯᠡᠭᠦᠯᠬᠦ ᠶᠢ ᠴᠠᠭᠠᠵᠠᠯᠠᠬᠤ | ᠬᠠᠷᠢᠭᠤᠴᠠᠯᠭ᠎ᠠ ᠶᠢᠨ ᠪᠢᠴᠢᠭ ᠤᠨ ᠮᠡᠳᠡᠭᠡ ᠵᠠᠩᠭᠢ ᠨᠢ ᠣᠨᠣᠪᠴᠢᠲᠠᠶ ᠡᠰᠡᠬᠦ᠂ ᠪᠡᠯᠴᠢᠭᠡᠷᠯᠡᠭᠦᠯᠬᠦ ᠶᠢ ᠴᠠᠭᠠᠵᠠᠯᠠᠬᠤ | ᠨᠤᠲᠠᠯᠠᠯᠲᠠ ᠶᠢᠨ ᠪᠢᠴᠢᠭ ᠤᠨ ᠮᠡᠳᠡᠭᠡ ᠵᠠᠩᠭᠢ ᠨᠢ ᠣᠨᠣᠪᠴᠢᠲᠠᠶ ᠡᠰᠡᠬᠦ᠂ ᠪᠡᠯᠴᠢᠭᠡᠷᠯᠡᠭᠦᠯᠬᠦ ᠶᠢ ᠴᠠᠭᠠᠵᠠᠯᠠᠬᠤ | ᠨᠥᠬᠦᠪᠦᠷᠢ ᠮᠥᠩᠭᠦ ᠶᠢᠨ ᠲᠤᠬᠠᠢ ᠶᠢᠨ ᠲᠠᠯᠠᠪᠤᠷ ᠲᠤ ᠭᠠᠷ ᠤᠨ ᠥᠰᠥᠭ ᠵᠢᠷᠤᠵᠤ ᠨᠤᠲᠠᠯᠠᠭᠰᠠᠨ ᠬᠦᠰᠦᠨᠦᠭᠲᠦ ᠶᠢᠨ | ᠮᠡᠳᠡᠭᠡ ᠵᠠᠩᠭᠢ ᠨᠢ ᠣᠨᠣᠪᠴᠢᠲᠠᠶ ᠡᠰᠡᠬᠦ᠂ ᠳᠠᠭᠠᠭᠠᠴᠢᠯᠠᠭᠴᠢ ᠪᠠ ᠪᠡᠯᠴᠢᠭᠡᠷ ᠤᠨ ᠬᠠᠮᠲᠤ ᠶᠢᠨ ᠥᠮᠴᠢᠯᠡᠭᠴᠢ ᠨᠢ | ᠲᠣᠰ ᠬᠥᠮᠥᠨ ᠮᠥᠨ ᠡᠰᠡᠬᠦ᠂ ᠳᠠᠭᠠᠭᠠᠴᠢᠯᠠᠭᠴᠢ ᠪᠠ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠨᠢ | ᠲᠡᠭᠦᠨ ᠤ ᠡᠳ᠋ᠯᠡᠵᠦ ᠪᠦᠬᠦᠢ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠮᠥᠩᠭᠦ ᠪᠠ ᠳᠡᠭᠡᠳᠦ ᠬᠢᠵᠠᠭᠠᠷ ᠤᠨ | ᠵᠣᠭᠤᠰ ᠤᠨ ᠲᠤᠭ᠎ᠠ ᠳᠤ ᠣᠨᠳᠣᠣ ᠰᠠᠨᠠᠯ ᠲᠠᠢ ᠪᠠᠶᠢᠬᠤ ᠡᠰᠡᠬᠦ ᠵᠡᠷᠭᠡ ᠪᠣᠯᠣᠨ᠎ᠠ᠃ ᠬᠢᠨᠠᠨ ᠨᠤᠲᠠᠯᠠᠭᠰᠠᠨ ᠤ ᠳᠠᠷᠠᠭ᠎ᠠ᠂ | ᠳᠠᠭᠠᠭᠠᠴᠢᠯᠠᠭᠴᠢ ᠪᠠ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠲᠣᠰ ᠲᠣᠰ ᠤᠨ ᠪᠡᠶ᠎ᠡ ᠶᠢᠨ ᠦᠨᠡᠮᠯᠡᠯ ᠪᠠ | ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢᠨ ᠪᠢᠴᠢᠭ ᠢᠶᠠᠨ ᠠᠪᠴᠤ ᠨᠢᠭᠡ ᠤᠳᠠᠭ᠎ᠠ ᠰᠡᠭᠦᠳᠡᠷ ᠲᠠᠲᠠᠵᠤ᠂ | ᠲᠣᠰ ᠲᠣᠰ ᠤᠨ ᠪᠡᠶ᠎ᠡ ᠶᠢᠨ ᠦᠨᠡᠮᠯᠡᠯ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠨᠤᠲᠠᠯᠠᠯᠲᠠ ᠶᠢᠨ ᠪᠢᠴᠢᠭ ᠢᠶᠠᠨ | ᠠᠪᠴᠤ ᠳᠠᠬᠢᠨ ᠨᠢᠭᠡ ᠤᠳᠠᠭ᠎ᠠ ᠰᠡᠭᠦᠳᠡᠷ ᠲᠠᠲᠠᠵᠤ᠂ ᠡᠷᠦᠬᠡ ᠪᠦᠷᠢ ᠶᠢᠨ ᠰᠡᠭᠦᠳᠡᠷ ᠵᠢᠷᠤᠭ ᠨᠢ 2 ᠬᠤᠪᠢ ᠪᠠᠶᠢᠬᠤ | ᠬᠡᠷᠡᠭᠲᠡᠢ᠃ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠭᠠᠷ ᠤᠨ ᠥᠰᠥᠭ ᠵᠢᠷᠤᠵᠤ | ᠳᠠᠭᠤᠰᠤᠭᠰᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠶᠢᠨ ᠪᠢᠴᠢᠭ᠂ ᠪᠡᠯᠴᠢᠭᠡᠷᠯᠡᠭᠦᠯᠬᠦ ᠶᠢ ᠴᠠᠭᠠᠵᠠᠯᠠᠬᠤ | ᠨᠤᠲᠠᠯᠠᠯᠲᠠ ᠶᠢᠨ ᠪᠢᠴᠢᠭ᠂ ᠡᠯᠧᠺᠲᠷᠣᠨ ᠬᠡᠷᠡᠯ ᠵᠢᠷᠤᠭ᠂ ᠳᠠᠭᠠᠭᠠᠴᠢᠯᠠᠭᠴᠢ ᠶᠢᠨ ᠪᠡᠶ᠎ᠡ ᠶᠢᠨ ᠦᠨᠡᠮᠯᠡᠯ ᠤᠨ | ᠬᠠᠭᠤᠯᠪᠤᠷᠢ᠂ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠮᠥᠩᠭᠦ ᠶᠢᠨ ᠲᠤᠬᠠᠢ ᠶᠢᠨ ᠲᠠᠯᠠᠪᠤᠷ ᠲᠤ ᠭᠠᠷ ᠤᠨ | ᠥᠰᠥᠭ ᠵᠢᠷᠤᠭᠰᠠᠨ ᠨᠤᠲᠠᠯᠠᠯᠲᠠ ᠶᠢᠨ ᠬᠦᠰᠦᠨᠦᠭᠲᠦ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ | ᠰᠢᠷᠪᠢᠯᠲᠡ ᠶᠢᠨ ᠮᠠᠲ᠋ᠧᠷᠢᠶᠠᠯ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠭᠡᠷ᠎ᠡ ᠶᠢᠨ ᠰᠢᠷᠪᠢᠯᠲᠡ ᠶᠢᠨ | ᠮᠠᠲ᠋ᠧᠷᠢᠶᠠᠯ ᠢ ᠬᠠᠮᠲᠤ ᠳᠤᠨᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃ | ︵3︶ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠢ ᠬᠢᠨᠠᠨ ᠬᠠᠷᠭᠤᠭᠤᠯᠬᠤ ᠱᠠᠭᠠᠷᠳᠠᠯᠭ᠎ᠠ | ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠪᠥᠬᠦ ᠬᠤᠯᠪᠣᠭᠠᠯᠠᠭᠰᠠᠨ ᠡᠷᠦᠬᠡ ᠶᠢᠨ | ᠪᠦᠷᠢᠯᠳᠦᠭᠦᠨ ᠢ ᠵᠣᠬᠢᠶᠠᠨ ᠪᠠᠶᠢᠭᠤᠯᠵᠤ᠂ ᠬᠦᠴᠦᠨ ᠪᠦᠬᠦᠢ ᠬᠤᠭᠤᠴᠠᠭᠠᠨ ᠳᠠᠬᠢ ᠪᠡᠶ᠎ᠡ ᠶᠢᠨ ᠦᠨᠡᠮᠯᠡᠯ ᠤᠨ ᠤᠭ | ᠳᠡᠪᠲᠡᠷ᠂ ᠡᠷᠦᠬᠡ ᠠᠮᠠ ᠶᠢᠨ ᠳᠡᠪᠲᠡᠷ ᠤᠨ ᠤᠭ ᠳᠡᠪᠲᠡᠷ ᠢ ᠠᠪᠴᠤ᠂ ᠬᠢᠨᠠᠨ ᠬᠠᠷᠭᠤᠭᠤᠯᠬᠤ ᠴᠡᠭ ᠤᠨ ᠲᠤᠬᠠᠢ ᠶᠢᠨ | ᠲᠠᠯᠠᠪᠤᠷ ᠲᠤ ᠬᠦᠷᠴᠦ ᠬᠢᠨᠠᠨ ᠬᠠᠷᠭᠤᠭᠤᠯᠵᠤ ᠨᠤᠲᠠᠯᠠᠬᠤ ᠬᠡᠷᠡᠭᠲᠡᠢ᠃ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠤ ᠠᠵᠢᠯᠲᠠᠨ ᠤ ᠲᠤᠬᠠᠢ ᠶᠢᠨ ᠲᠠᠯᠠᠪᠤᠷ ᠤᠨ ᠬᠢᠨᠠᠨ ᠬᠠᠷᠭᠤᠭᠤᠯᠬᠤ ᠶᠢ ᠬᠠᠷᠢᠭᠤᠴᠠᠬᠤ ᠠᠭᠤᠯᠭ᠎ᠠ ᠳᠤ᠄ | ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠮᠥᠨ ᠡᠰᠡᠬᠦ᠂ ᠬᠤᠯᠪᠣᠭᠠᠯᠠᠭᠰᠠᠨ ᠡᠷᠦᠬᠡ ᠶᠢᠨ ᠬᠢᠷᠢ ᠬᠡᠮ ᠲᠠᠢ ᠡᠰᠡᠬᠦ | ᠂ ᠠᠯᠪᠠᠨ ᠲᠤᠰᠢᠶᠠᠯᠲᠠᠨ ᠮᠥᠨ ᠡᠰᠡᠬᠦ᠂ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠨᠢ ᠲᠡᠭᠦᠨ ᠤ ᠬᠦᠷᠲᠡᠵᠦ | ᠪᠠᠶᠢᠭ᠎ᠠ ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠳᠤ ᠣᠨᠳᠣᠣ ᠰᠠᠨᠠᠯ ᠲᠠᠢ ᠪᠠᠶᠢᠬᠤ ᠡᠰᠡᠬᠦ | ᠵᠡᠷᠭᠡ ᠪᠠᠭᠲᠠᠨ᠎ᠠ᠃ ᠬᠢᠨᠠᠨ ᠬᠠᠷᠭᠤᠭᠤᠯᠵᠤ ᠨᠤᠲᠠᠯᠠᠭᠰᠠᠨ ᠤ ᠳᠠᠷᠠᠭ᠎ᠠ᠂ ᠬᠤᠯᠪᠣᠭᠠᠯᠠᠭᠰᠠᠨ ᠡᠷᠦᠬᠡ ᠶᠢᠨ | ᠪᠦᠷᠢᠯᠳᠦᠭᠦᠨ ᠢ ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠶᠢᠨ ᠲᠤᠬᠠᠢ ᠶᠢᠨ ᠲᠠᠯᠠᠪᠤᠷ ᠲᠤ | ᠭᠠᠷ ᠤᠨ ᠥᠰᠥᠭ ᠵᠢᠷᠤᠭᠰᠠᠨ ᠨᠤᠲᠠᠯᠠᠯᠲᠠ ᠶᠢᠨ ᠬᠦᠰᠦᠨᠦᠭᠲᠦ ᠳᠡᠭᠡᠷ᠎ᠡ ᠭᠠᠷ ᠤᠨ ᠥᠰᠥᠭ ᠵᠢᠷᠤᠵᠤ ᠨᠤᠲᠠᠯᠠᠬᠤ ᠶᠢᠨ | ᠬᠠᠮᠲᠤ᠂ ᠪᠡᠶ᠎ᠡ ᠶᠢᠨ ᠦᠨᠡᠮᠯᠡᠯ ᠪᠠ ᠬᠤᠯᠪᠣᠭᠠᠯᠠᠭᠰᠠᠨ ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠶᠢᠨ | ᠲᠤᠬᠠᠢ ᠶᠢᠨ ᠲᠠᠯᠠᠪᠤᠷ ᠲᠤ ᠭᠠᠷ ᠤᠨ ᠥᠰᠥᠭ ᠵᠢᠷᠤᠭᠰᠠᠨ ᠨᠤᠲᠠᠯᠠᠯᠲᠠ ᠶᠢᠨ ᠬᠦᠰᠦᠨᠦᠭ ᠲᠤ ᠰᠡᠭᠦᠳᠡᠷ | ᠲᠠᠲᠠᠭᠤᠯᠤᠨ᠎ᠠ᠃ ᠡᠭᠦᠨ ᠤ ᠬᠠᠮᠲᠤ᠂ ᠠᠳᠠᠯᠢ ᠨᠢᠭᠡ ᠬᠥᠮᠥᠨ ᠠᠳᠠᠯᠢ ᠪᠤᠰᠤ ᠭᠠᠴᠠᠭ᠎ᠠ ᠳᠤ ᠬᠤᠯᠪᠣᠭᠠᠯᠠᠭᠰᠠᠨ | ᠡᠷᠦᠬᠡ ᠶᠢᠨ ᠨᠥᠬᠦᠪᠦᠷᠢ ᠱᠠᠩᠨᠠᠯ ᠤᠨ ᠮᠥᠩᠭᠦ ᠶᠢ ᠳᠠᠪᠬᠤᠷ ᠠᠪᠬᠤ ᠪᠠᠶᠢᠳᠠᠯ ᠭᠠᠷᠬᠤ ᠠᠴᠠ ᠵᠠᠶᠢᠯᠠᠰᠬᠢᠬᠦ ᠶᠢᠨ | ᠲᠦᠯᠦᠭᠡ᠂ ᠰᠤᠮᠤ ᠪᠠᠯᠭᠠᠰᠤ ᠶᠢᠨ ᠠᠵᠢᠯᠲᠠᠳ ᠡᠷᠦᠬᠡ ᠠᠮᠠ ᠶᠢᠨ ᠳᠡᠪᠲᠡᠷ ᠤᠨ ᠤᠭ ᠮᠠᠲ᠋ᠧᠷᠢᠶᠠᠯ ᠤᠨ ᠶᠣᠰᠣᠭᠠᠷ᠂ | ᠲᠤᠬᠠᠢ ᠶᠢᠨ ᠲᠠᠯᠠᠪᠠᠶ ᠳᠤ ᠪᠥᠬᠦ ᠬᠤᠯᠪᠣᠭᠠᠯᠠᠭᠰᠠᠨ ᠡᠷᠦᠬᠡ ᠶᠢᠨ ᠪᠦᠷᠢᠯᠳᠦᠭᠦᠨ ᠤ ᠣᠲᠣ ᠶᠢᠨ ᠡᠷᠦᠬᠡ ᠠᠮᠠ ᠶᠢᠨ | ᠬᠠᠶ᠋ᠢᠭ ᠢ ᠲᠡᠮᠳᠡᠭᠯᠡᠨ ᠲᠡᠮᠳᠡᠭᠯᠡᠬᠦ ᠬᠡᠷᠡᠭᠲᠡᠢ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ | ᠪᠠᠷᠢᠭᠠᠳᠠ︶ ᠤ ᠵᠥᠪᠯᠡᠯ ᠤᠨ ᠬᠠᠷᠢᠭᠤᠴᠠᠯᠭᠠᠲᠠᠨ ᠪᠥᠬᠦ ᠶᠠᠪᠤᠴᠠ ᠳᠤ ᠣᠷᠣᠯᠴᠠᠨ ᠬᠢᠨᠠᠯᠲᠠ ᠲᠠᠯᠪᠢᠬᠤ ᠶᠢᠨ ᠬᠠᠮᠲᠤ᠂ | ᠬᠤᠯᠪᠣᠭᠠᠯᠠᠭᠰᠠᠨ ᠡᠷᠦᠬᠡ ᠶᠢᠨ ᠨᠦᠬᠦᠪᠦᠷᠢ ᠱᠠᠩᠨᠠᠯ ᠤᠨ ᠮᠥᠩᠭᠦ ᠶᠢᠨ ᠲᠤᠬᠠᠢ ᠶᠢᠨ ᠲᠠᠯᠠᠪᠤᠷ ᠲᠤ ᠭᠠᠷ ᠤᠨ ᠥᠰᠥᠭ | ᠵᠢᠷᠤᠵᠤ ᠨᠤᠲᠠᠯᠠᠭᠰᠠᠨ ᠬᠦᠰᠦᠨᠦᠭᠲᠦ ᠳᠡᠭᠡᠷ᠎ᠡ ᠭᠠᠷ ᠤᠨ ᠥᠰᠥᠭ ᠵᠢᠷᠤᠵᠤ ᠲᠠᠮᠠᠭ᠎ᠠ ᠳᠠᠷᠤᠬᠤ ᠬᠡᠷᠡᠭᠲᠡᠢ᠃ ᠰᠤᠮᠤ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠭᠠᠷ ᠤᠨ ᠥᠰᠥᠭ ᠵᠢᠷᠤᠵᠤ ᠳᠠᠭᠤᠰᠬᠠᠭᠰᠠᠨ ᠡᠷᠦᠬᠡ | ᠬᠤᠯᠪᠣᠭᠠᠯᠠᠭᠰᠠᠨ ᠨᠦᠬᠦᠪᠦᠷᠢ ᠱᠠᠩᠨᠠᠯ ᠤᠨ ᠮᠥᠩᠭᠦ ᠶᠢᠨ ᠲᠤᠬᠠᠢ ᠶᠢᠨ ᠲᠠᠯᠠᠪᠤᠷ ᠲᠤ ᠭᠠᠷ ᠤᠨ ᠥᠰᠥᠭ ᠵᠢᠷᠤᠭᠰᠠᠨ | ᠨᠤᠲᠠᠯᠠᠯᠲᠠ ᠶᠢᠨ ᠬᠦᠰᠦᠨᠦᠭᠲᠦ᠂ ᠡᠯᠧᠺᠲᠷᠣᠨ ᠬᠡᠷᠡᠯ ᠵᠢᠷᠤᠭ᠂ ᠡᠷᠦᠬᠡ ᠬᠤᠯᠪᠣᠭᠠᠯᠠᠭᠰᠠᠨ ᠪᠦᠷᠢᠯᠳᠦᠭᠦᠨ ᠤ | ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠡᠷᠦᠬᠡ ᠠᠮᠠ ᠶᠢᠨ ᠳᠡᠪᠲᠡᠷ ᠤᠨ ᠲᠦᠷᠦᠭᠦᠸ ᠨᠢᠭᠤᠷ ᠪᠠ ᠲᠣᠰ ᠬᠥᠮᠥᠨ ᠤ | ᠨᠢᠭᠤᠷ ᠤᠨ ᠬᠠᠭᠤᠯᠪᠤᠷᠢ ᠶᠢ ᠬᠠᠮᠲᠤ ᠳᠤᠨᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃ | | |