ᠵᠢᠷᠭᠤᠭ᠎ᠠ᠂ ᠪᠡᠯᠡ ᠮᠦᠩᠭᠦᠨ ᠤ ᠬᠠᠮᠢᠶᠠᠷᠤᠯᠲᠠ ᠶᠢᠨ ᠱᠠᠭᠠᠷᠳᠠᠯᠭ᠎ᠠ | ︵ᠨᠢᠭᠡ︶ ᠨᠠᠰᠤ ᠪᠠᠷᠠᠭᠰᠠᠳ ᠪᠠ ᠠᠯᠪᠠᠨ ᠲᠤᠰᠢᠶᠠᠯᠲᠠᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ | ᠮᠥᠩᠭᠦ ᠠᠪᠬᠤ ᠶᠢ ᠴᠢᠩᠭ᠎ᠠ ᠴᠠᠭᠠᠵᠠᠯᠠᠨ᠎ᠠ | ᠥᠩᠭᠡᠷᠡᠭᠰᠡᠨ ᠵᠢᠯ ᠤᠳ ᠤᠨ ᠬᠢᠨᠠᠨ ᠪᠤᠳᠤᠬᠤ ᠳᠤᠭᠤᠶᠢᠯᠠᠩ ᠤᠨ ᠬᠢᠨᠠᠨ ᠪᠠᠶᠢᠴᠠᠭᠠᠬᠤ ᠱᠠᠭᠠᠷᠳᠠᠯᠭ᠎ᠠ ᠶᠢ | ᠦᠨᠳᠦᠰᠦᠯᠡᠨ᠂ ᠨᠠᠰᠤ ᠪᠠᠷᠠᠭᠰᠠᠨ ᠬᠦᠮᠦᠨ᠂ ᠠᠯᠪᠠᠨ ᠲᠤᠰᠢᠶᠠᠯᠲᠠᠨ ᠤ ︽ᠪᠦᠬᠦᠨ ᠳᠤ ᠲᠣᠬᠢᠷᠠᠬᠤ ᠺᠠᠷᠲ︾ ᠤᠨ | ᠲᠠᠩᠰᠠᠨ ᠡᠷᠦᠬᠡ ᠳᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠲᠠᠷᠬᠠᠭᠠᠵᠤ ᠪᠣᠯᠬᠤ ᠦᠭᠡᠢ᠃ | ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠵᠢᠯ ᠪᠦᠷᠢ ᠪᠣᠳᠠᠲᠠᠢ ᠲᠠᠷᠬᠠᠭᠠᠬᠤ ᠦᠶ᠎ᠡ ᠳᠤ᠂ ᠨᠢᠭᠡᠨᠲᠡ | ᠠᠯᠪᠠᠨ ᠲᠤᠰᠢᠶᠠᠯ ᠳᠤ ᠣᠷᠣᠭᠰᠠᠨ ᠪᠤᠶᠤ ᠨᠢᠭᠡᠨᠲᠡ ᠨᠠᠰᠤ ᠪᠠᠷᠠᠭᠰᠠᠨ ᠵᠣᠭᠤᠰ ᠠᠪᠬᠤ ᠶᠣᠰᠣᠲᠠᠢ ᠬᠥᠮᠥᠰ ᠲᠤ᠂ | ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠬᠦ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠷᠬᠠᠭᠠᠬᠤ ᠡᠰᠡᠬᠦ ᠰᠠᠨᠠᠯ ᠭᠠᠷᠭᠠᠵᠤ᠂ | ᠲᠣᠰ ᠰᠠᠨᠠᠯ ᠳᠤ ᠨᠠᠰᠤ ᠪᠠᠷᠠᠭᠰᠠᠨ ᠪᠠ ᠠᠵᠢᠯ ᠳᠤ ᠣᠷᠣᠭᠰᠠᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ | ᠪᠡᠯᠡ ᠮᠥᠩᠭᠦ ᠣᠯᠭᠤᠬᠤ ᠬᠠᠷᠢᠴᠠᠯ ᠢ ᠲᠣᠭᠲᠠᠭᠠᠬᠤ ᠶᠢᠨ ᠬᠠᠮᠲᠤ᠂ ᠨᠠᠰᠤ ᠪᠠᠷᠠᠭᠰᠠᠨ ᠬᠦᠮᠦᠨ ᠤ ᠵᠠᠯᠭᠠᠮᠵᠢᠯᠠᠵᠤ | ᠭᠥᠷᠳᠡᠬᠦ ᠬᠥᠮᠥᠨ ᠢ ᠲᠣᠳᠣᠷᠬᠠᠶᠢᠯᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠨᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠠᠷᠭᠠᠭᠰᠠᠨ ᠲᠠᠷᠬᠠᠭᠠᠬᠤ | ᠰᠠᠨᠠᠯ ᠶᠣᠰᠣᠭᠠᠷ᠂ ᠨᠠᠰᠤ ᠪᠠᠷᠠᠭᠰᠠᠳ ᠪᠠ ᠠᠯᠪᠠᠨ ᠲᠤᠰᠢᠶᠠᠯᠲᠠᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ | ᠮᠥᠩᠭᠦ ᠶᠢᠨ ᠵᠦᠢᠯᠡᠰ ᠢ ᠰᠢᠢᠳᠪᠦᠷᠢᠯᠡᠨ᠎ᠡ᠃ | 2021 ᠣᠨ ᠤ 1 ᠰᠠᠷ᠎ᠠ ᠶᠢᠨ 1 ᠤ ᠡᠳᠦᠷ ᠠᠴᠠ 2025 ᠣᠨ ᠤ 12 ᠰᠠᠷ᠎ᠠ ᠶᠢᠨ 31 ᠤ ᠡᠳᠦᠷ | ᠪᠣᠯᠲᠠᠯᠠᠬᠢ ᠬᠤᠭᠤᠴᠠᠭᠠᠨ ᠳᠤ᠂ ᠨᠤᠲᠤᠭ ᠪᠡᠯᠴᠢᠭᠡᠷ ᠤᠨ ᠳᠠᠭᠠᠭᠠᠴᠢᠯᠠᠭᠴᠢ ᠨᠢ ᠨᠠᠰᠤ ᠪᠠᠷᠠᠭᠰᠠᠨ ᠪᠤᠶᠤ | ᠳᠠᠭᠠᠭᠠᠴᠢᠯᠠᠭᠴᠢ ᠶᠢᠨ ᠪᠡᠶ᠎ᠡ ᠶᠢᠨ ᠭᠠᠷᠤᠯ ᠨᠢ ᠠᠯᠪᠠᠨ ᠲᠤᠰᠢᠶᠠᠯᠲᠠᠨ ᠪᠣᠯᠤᠭᠰᠠᠨ ᠪᠠᠶᠢᠳᠠᠯ ᠭᠠᠷᠪᠠᠯ᠂ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ ᠤ ᠵᠥᠪᠯᠡᠯ ᠴᠠᠭ ᠲᠤᠬᠠᠢ ᠳᠤᠨᠢ ᠰᠤᠮᠤ | ᠪᠠᠯᠭᠠᠰᠤ ᠶᠢᠨ ᠵᠠᠰᠠᠭ ᠤᠨ ᠣᠷᠳᠣᠨ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠳᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ | ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠢ ᠬᠤᠪᠢᠷᠠᠭᠤᠯᠬᠤ ᠪᠠᠷ ᠭᠤᠶᠤᠴᠢᠯᠠᠬᠤ ᠬᠡᠷᠡᠭᠲᠡᠢ᠃ ᠲᠠᠷᠢᠶᠠᠯᠠᠩ ᠮᠠᠯ | ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠢᠨ᠎ᠡ ᠪᠠᠷ ᠭᠦᠢᠴᠡᠳᠬᠡᠭᠰᠡᠨ ᠨᠤᠲᠤᠭ | ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ | ᠦᠨᠡᠮᠯᠡᠯ︶ ᠶᠣᠰᠣᠭᠠᠷ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠨ᠎ᠠ᠃ ᠬᠡᠷᠪᠡ ᠨᠤᠲᠤᠭ | ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ | ᠦᠨᠡᠮᠯᠡᠯ︶ ᠢ ᠬᠤᠪᠢᠷᠠᠭᠤᠯᠬᠤ ᠶᠢ ᠰᠠᠭᠠᠲᠠᠭᠠᠭᠰᠠᠨ ᠠᠴᠠ ᠪᠣᠯᠵᠤ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ | ᠮᠥᠩᠭᠦ ᠶᠢ ᠠᠳᠡᠭᠦᠦ ᠣᠯᠭᠤᠭᠰᠠᠨ ᠪᠠᠶᠢᠳᠠᠯ ᠭᠠᠷᠪᠠᠯ᠂ ᠰᠠᠭᠠᠲᠠᠭᠠᠭᠰᠠᠨ ᠭᠤᠣᠯ ᠴᠣᠭᠴᠠ ᠨᠢ ᠪᠥᠬᠦ | ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠠᠳᠡᠭᠦᠦ ᠲᠠᠷᠬᠠᠭᠠᠭᠰᠠᠨ ᠪᠡᠯᠡ ᠮᠥᠩᠭᠦ ᠶᠢ ᠨᠡᠬᠡᠮᠵᠢᠯᠡᠨ | ᠲᠤᠰᠢᠶᠠᠯᠭᠠᠬᠤ ᠶᠢ ᠬᠠᠷᠢᠭᠤᠴᠠᠨ᠎ᠠ᠃ ᠪᠣᠳᠠᠲᠠᠢ ᠱᠠᠭᠠᠷᠳᠠᠯᠭ᠎ᠠ ᠨᠢ ᠳᠣᠣᠷᠠᠬᠢ ᠮᠡᠲᠦ᠄ | 1. ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ ᠶᠢ ᠰᠢᠨ᠎ᠡ ᠳᠠᠭᠠᠭᠠᠴᠢᠯᠠᠭᠴᠢ ᠪᠣᠯᠭᠠᠨ | ᠬᠤᠪᠢᠷᠠᠭᠤᠯᠬᠤ᠄ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠦᠯᠦ ᠬᠥᠳᠡᠯᠬᠦ | ᠬᠥᠷᠥᠩᠭᠡ ᠶᠢᠨ ᠡᠷᠬᠡ ᠶᠢᠨ ᠦᠨᠡᠮᠯᠡᠯ︶ ᠳᠡᠭᠡᠷ᠎ᠡ ᠪᠤᠰᠤᠳ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ | ᠪᠠᠶᠢᠬᠤ ᠶᠢ ᠢᠯᠡᠷᠡᠭᠦᠯᠵᠦ᠂ ᠳᠠᠭᠠᠭᠠᠴᠢᠯᠠᠭᠴᠢ ᠨᠢ ᠨᠠᠰᠤ ᠪᠠᠷᠠᠭᠰᠠᠨ ᠪᠤᠶᠤ ᠳᠠᠭᠠᠭᠠᠴᠢᠯᠠᠭᠴᠢ ᠶᠢᠨ ᠪᠡᠶ᠎ᠡ ᠭᠡᠮ ᠨᠢ | ᠠᠯᠪᠠᠨ ᠲᠤᠰᠢᠶᠠᠯᠲᠠᠨ ᠪᠣᠯᠤᠭᠰᠠᠨ ᠪᠠᠶᠢᠪᠠᠯ᠂ ᠳᠠᠭᠠᠭᠠᠴᠢᠯᠠᠭᠤᠯᠤᠭᠴᠢ ᠨᠢ ᠲᠤᠰ ᠡᠷᠦᠭᠡ ᠶᠢᠨ ᠨᠤᠲᠤᠭ | ᠪᠡᠯᠴᠢᠭᠡᠷ ᠤᠨ ᠬᠠᠮᠲᠤ ᠶᠢᠨ ᠥᠮᠴᠢᠯᠡᠭᠴᠢ ᠶᠢ ᠰᠢᠨ᠎ᠡ ᠳᠠᠭᠠᠭᠠᠴᠢᠯᠠᠭᠴᠢ ᠪᠣᠯᠭᠠᠨ ᠬᠤᠪᠢᠷᠠᠭᠤᠯᠵᠤ᠂ ᠲᠤᠰ | ᠡᠷᠦᠭᠡ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠰᠢᠨ᠎ᠡ ᠳᠠᠭᠠᠭᠠᠴᠢᠯᠠᠭᠴᠢ ᠳᠤ ᠣᠯᠭᠤᠨ᠎ᠠ᠃ | 2. ᠨᠤᠲᠤᠭ ᠪᠡᠯᠴᠢᠭᠡᠷ ᠢ ᠨᠢ ᠬᠤᠷᠢᠶᠠᠨ ᠠᠪᠴᠤ ᠬᠤᠯᠪᠣᠭᠠᠯᠠᠭᠰᠠᠨ ᠡᠷᠤᠭᠡ ᠳᠤ ᠰᠢᠯᠵᠢᠭᠦᠯᠦᠨ | ᠳᠠᠭᠠᠭᠠᠴᠢᠯᠠᠨ ᠡᠵᠡᠩᠨᠡᠭᠦᠯᠬᠦ᠄ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ | ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠳᠡᠭᠡᠷ᠎ᠡ ᠪᠤᠰᠤᠳ ᠨᠤᠲᠤᠭ ᠪᠡᠯᠴᠢᠭᠡᠷ ᠤᠨ ᠬᠠᠮᠲᠤ ᠶᠢᠨ | ᠥᠮᠴᠢᠯᠡᠭᠴᠢ ᠪᠠᠶᠢᠬᠤ ᠦᠭᠡᠢ ᠭᠡᠵᠦ ᠢᠯᠡᠷᠡᠵᠦ᠂ ᠳᠠᠭᠠᠭᠠᠴᠢᠯᠠᠭᠴᠢ ᠨᠢ ᠨᠠᠰᠤ ᠪᠠᠷᠠᠭᠰᠠᠨ ᠪᠤᠶᠤ | ᠳᠠᠭᠠᠭᠠᠴᠢᠯᠠᠭᠴᠢ ᠶᠢᠨ ᠪᠡᠶ᠎ᠡ ᠬᠡᠮ ᠨᠢ ᠠᠯᠪᠠᠨ ᠲᠤᠰᠢᠶᠠᠯᠲᠠᠨ ᠪᠣᠯᠤᠭᠰᠠᠨ ᠪᠠᠶᠢᠪᠠᠯ᠂ ᠳᠠᠭᠠᠭᠠᠴᠢᠯᠠᠭᠤᠯᠤᠭᠴᠢ ᠨᠢ | ᠲᠣᠰ ᠨᠤᠲᠤᠭ ᠪᠡᠯᠴᠢᠭᠡᠷ ᠢ ᠬᠤᠷᠢᠶᠠᠨ ᠠᠪᠤᠭᠰᠠᠨ ᠤ ᠳᠠᠷᠠᠭ᠎ᠠ ᠬᠤᠯᠪᠣᠭᠠᠯᠠᠭᠰᠠᠨ ᠡᠷᠦᠬᠡ ᠳᠤ ᠰᠢᠯᠵᠢᠭᠦᠯᠦᠨ | ᠳᠠᠭᠠᠭᠠᠴᠢᠯᠠᠨ ᠡᠵᠡᠩᠨᠡᠭᠦᠯᠵᠦ᠂ ᠰᠢᠨ᠎ᠡ ᠪᠠᠷ ᠭᠦᠢᠴᠡᠳᠬᠡᠭᠰᠡᠨ ᠬᠤᠯᠪᠣᠭᠠᠯᠠᠭᠰᠠᠨ ᠡᠷᠦᠬᠡ ᠶᠢᠨ ᠨᠤᠲᠤᠭ ᠪᠡᠯᠴᠢᠭᠡᠷ ᠤᠨ | ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠶᠣᠰᠣᠭᠠᠷ | ᠲᠠᠷᠠᠭᠠᠴᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠬᠤᠯᠪᠣᠭᠠᠯᠠᠭᠰᠠᠨ ᠡᠷᠦᠬᠡ ᠶᠢᠨ | ᠪᠦᠷᠢᠯᠳᠦᠭᠦᠨ ᠳᠤ ᠲᠡᠭᠰᠢᠳᠬᠡᠨ ᠣᠯᠭᠤᠨ᠎ᠠ᠃ | 3. ᠨᠤᠲᠤᠭ ᠪᠡᠯᠴᠢᠭᠡᠷ ᠢ ᠨᠢ ᠬᠤᠷᠢᠶᠠᠨ ᠠᠪᠴᠤ ᠬᠤᠯᠪᠣᠭᠠᠯᠠᠭᠰᠠᠨ ᠡᠷᠦᠭᠡ ᠳᠤ ᠰᠢᠯᠵᠢᠭᠦᠯᠦᠨ | ᠳᠠᠭᠠᠭᠠᠴᠢᠯᠠᠨ ᠡᠵᠡᠩᠨᠡᠭᠦᠯᠦᠭᠰᠡᠨ ᠦᠭᠡᠢ᠄ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ | ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠳᠡᠭᠡᠷ᠎ᠡ ᠪᠤᠰᠤᠳ ᠨᠤᠲᠤᠭ ᠪᠡᠯᠴᠢᠭᠡᠷ ᠤᠨ ᠬᠠᠮᠲᠤ ᠶᠢᠨ | ᠥᠮᠴᠢᠯᠡᠭᠴᠢ ᠪᠠᠶᠢᠬᠤ ᠦᠭᠡᠢ ᠭᠡᠵᠦ ᠢᠯᠡᠷᠡᠵᠦ᠂ ᠳᠠᠭᠠᠭᠠᠴᠢᠯᠠᠭᠴᠢ ᠨᠢ ᠨᠠᠰᠤ ᠪᠠᠷᠠᠭᠰᠠᠨ ᠪᠤᠶᠤ | ᠳᠠᠭᠠᠭᠠᠴᠢᠯᠠᠭᠴᠢ ᠶᠢᠨ ᠪᠡᠶ᠎ᠡ ᠶᠢᠨ ᠭᠠᠷᠤᠯ ᠨᠢ ᠠᠯᠪᠠᠨ ᠲᠤᠰᠢᠶᠠᠯᠲᠠᠨ ᠪᠣᠯᠵᠤ᠂ ᠳᠠᠭᠠᠭᠠᠴᠢᠯᠠᠭᠤᠯᠤᠭᠴᠢ ᠨᠢ ᠲᠣᠰ | ᠨᠤᠲᠤᠭ ᠪᠡᠯᠴᠢᠭᠡᠷ ᠢ ᠬᠤᠷᠢᠶᠠᠨ ᠠᠪᠤᠭᠰᠠᠨ ᠤ ᠳᠠᠷᠠᠭ᠎ᠠ ᠬᠤᠯᠪᠣᠭᠠᠯᠠᠭᠰᠠᠨ ᠡᠷᠦᠬᠡ ᠳᠤ ᠰᠢᠯᠵᠢᠭᠦᠯᠦᠨ ᠳᠠᠭᠠᠭᠠᠴᠢᠯᠠᠨ | ᠡᠵᠡᠩᠨᠡᠭᠦᠯᠦᠭᠰᠡᠨ ᠦᠭᠡᠢ ᠪᠣᠯ᠂ ᠨᠤᠲᠤᠭ ᠪᠡᠯᠴᠢᠭᠡᠷ ᠤᠨ ᠳᠠᠭᠠᠭᠠᠴᠢᠯᠠᠭᠴᠢ ᠶᠢᠨ ᠨᠠᠰᠤ ᠪᠠᠷᠠᠭᠰᠠᠨ ᠡᠳᠦᠷ ᠪᠤᠶᠤ | ᠳᠠᠭᠠᠭᠠᠴᠢᠯᠠᠭᠴᠢ ᠶᠢᠨ ᠪᠡᠶ᠎ᠡ ᠶᠢᠨ ᠭᠠᠷᠤᠯ ᠨᠢ ᠠᠯᠪᠠᠨ ᠲᠤᠰᠢᠶᠠᠯᠲᠠᠨ ᠪᠣᠯᠤᠭᠰᠠᠨ ᠡᠳᠦᠷ ᠠᠴᠠ ᠡᠬᠢᠯᠡᠨ | ᠲᠠᠷᠠᠭᠠᠴᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠣᠯᠭᠤᠬᠤ ᠶᠢ ᠵᠣᠭᠰᠣᠭᠠᠨ᠎ᠠ᠃ | 4. ᠨᠤᠲᠤᠭ ᠪᠡᠯᠴᠢᠭᠡᠷ ᠢ ᠨᠢ ᠬᠤᠷᠢᠶᠠᠨ ᠠᠪᠤᠭᠰᠠᠨ ᠤ ᠲᠡᠷᠠᠭ᠎ᠠ ᠲᠡᠬᠢᠵᠦ ᠪᠤᠰᠤᠳ ᠬᠦᠮᠦᠨ ᠳᠤ | ᠳᠠᠭᠠᠭᠠᠴᠢᠯᠠᠭᠤᠯᠬᠤ᠄ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ | ᠬᠥᠷᠥᠩᠭᠡ ᠶᠢᠨ ᠡᠷᠬᠡ ᠶᠢᠨ ᠦᠨᠡᠮᠯᠡᠯ︶ ᠳᠡᠭᠡᠷ᠎ᠡ ᠪᠤᠰᠤᠳ ᠨᠤᠲᠤᠭ ᠪᠡᠯᠴᠢᠭᠡᠷ ᠤᠨ ᠬᠠᠮᠲᠤ ᠶᠢᠨ ᠥᠮᠴᠢᠯᠡᠭᠴᠢ | ᠪᠠᠶᠢᠬᠤ ᠦᠭᠡᠢ ᠭᠡᠵᠦ ᠢᠯᠡᠷᠡᠵᠦ᠂ ᠳᠠᠭᠠᠭᠠᠴᠢᠯᠠᠭᠴᠢ ᠨᠢ ᠨᠠᠰᠤ ᠪᠠᠷᠠᠭᠰᠠᠨ ᠪᠤᠶᠤ ᠳᠠᠭᠠᠭᠠᠴᠢᠯᠠᠭᠴᠢ ᠶᠢᠨ ᠪᠡᠶ᠎ᠡ ᠶᠢᠨ | ᠭᠠᠷᠤᠯ ᠨᠢ ᠠᠯᠪᠠᠨ ᠲᠤᠰᠢᠶᠠᠯᠲᠠᠨ ᠪᠣᠯᠤᠭᠰᠠᠨ ᠪᠠᠶᠢᠪᠠᠯ᠂ ᠳᠠᠭᠠᠭᠠᠴᠢᠯᠠᠭᠤᠯᠤᠭᠴᠢ ᠨᠢ ᠲᠣᠰ ᠨᠤᠲᠤᠭ ᠪᠡᠯᠴᠢᠭᠡᠷ ᠢ | ᠬᠤᠷᠢᠶᠠᠨ ᠠᠪᠤᠭᠰᠠᠨ ᠤ ᠳᠠᠷᠠᠭ᠎ᠠ ᠳᠠᠭᠢᠵᠤ ᠪᠤᠰᠤᠳ ᠬᠦᠮᠦᠨ ᠳᠤ ᠳᠠᠭᠠᠭᠠᠴᠢᠯᠠᠭᠤᠯᠤᠨ ᠥᠭᠴᠦ᠂ ᠰᠢᠨ᠎ᠡ | ᠳᠠᠭᠠᠭᠠᠴᠢᠯᠠᠭᠴᠢ ᠶᠢᠨ ᠨᠡᠷ᠎ᠡ ᠳᠡᠭᠡᠷᠡᠬᠢ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ | ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠤᠨ ᠳᠠᠭᠠᠭᠠᠴᠢᠯᠠᠭᠰᠠᠨ ᠡᠬᠢᠯᠡᠯᠲᠡ ᠶᠢᠨ ᠡᠳᠦᠷ | ᠬᠤᠭᠤᠴᠠᠭ᠎ᠠ ᠪᠠᠷ ᠲᠠᠷᠠᠭᠠᠴᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠣᠯᠭᠤᠬᠤ ᠶᠢᠨ | ᠬᠠᠮᠲᠤ᠂ ᠳᠠᠭᠠᠭᠠᠴᠢᠯᠠᠭᠰᠠᠨ ᠡᠬᠢᠯᠡᠯᠲᠡ ᠶᠢᠨ ᠡᠳᠦᠷ ᠬᠤᠭᠤᠴᠠᠭ᠎ᠠ ᠪᠠᠷ ᠲᠤᠬᠠᠢ ᠶᠢᠨ ᠵᠢᠯ ᠤᠨ ᠨᠤᠲᠤᠭ | ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠭᠥᠷᠳᠡᠬᠦ ᠬᠠᠷᠢᠴᠠᠯ ᠢ ᠲᠣᠭᠲᠠᠭᠠᠵᠤ᠂ ᠳᠠᠭᠠᠭᠠᠴᠢᠯᠠᠭᠰᠠᠨ | ᠡᠬᠢᠯᠡᠯᠲᠡ ᠶᠢᠨ ᠡᠳᠦᠷ ᠠᠴᠠ ᠡᠮᠦᠨᠡᠬᠢ ᠨᠦᠬᠦᠪᠦᠷᠢ ᠮᠥᠩᠭᠦ ᠶᠢ ᠣᠯᠭᠤᠬᠤ ᠦᠭᠡᠢ᠃ | ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠬᠥᠮᠥᠰ ᠢ ᠠᠯᠪᠠᠨ ᠲᠤᠰᠢᠶᠠᠯᠲᠠᠨ ᠢᠶᠠᠷ ᠵᠠᠭᠠᠭᠯᠠᠨ | ᠲᠣᠭᠲᠠᠭᠠᠵᠤ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠶᠠᠮᠠᠷᠪᠠ ᠬᠡᠯᠪᠡᠷᠢ ᠪᠠᠷ ᠠᠪᠴᠤ ᠪᠣᠯᠬᠤ | ᠦᠭᠡᠢ᠃ ᠵᠥᠪᠬᠡᠨ ᠡᠳ᠋ ᠤᠨ ᠵᠠᠰᠠᠭ ᠠᠴᠠ ︽ᠭᠠᠴᠠᠭᠠᠨ ᠤ ᠺᠠᠳ᠋ᠷ ᠤᠨ ᠲᠣᠭᠲᠠᠮᠠᠯ ᠬᠥᠯᠥᠰᠦ ᠣᠯᠭᠤᠮᠵᠢ ᠪᠠ ᠠᠵᠢᠯ | ᠰᠠᠭᠠᠲᠠᠭᠰᠠᠨ ᠨᠥᠬᠦᠪᠦᠷᠢ ᠮᠥᠩᠭᠦ︾᠂ ︽ᠨᠥᠭᠴᠢᠭᠰᠡᠳ ᠤᠨ ᠭᠡᠷ ᠪᠦᠯᠢ ᠶᠢᠨ ᠨᠥᠬᠦᠪᠦᠷᠢ︾ ︽ᠭᠤᠷᠪᠠ ᠶᠢ | ᠲᠤᠰᠠᠯᠠᠵᠤ ᠨᠢᠭᠡ ᠶᠢ ᠳᠡᠮᠵᠢᠬᠦ ᠪᠠ ᠨᠡᠶᠢᠭᠡᠮ ᠲᠣᠭᠤᠷᠢᠭ ᠤᠨ ᠠᠵᠢᠯᠲᠠᠳ ᠤᠨ ᠠᠮᠢᠳᠤᠷᠠᠯ ᠪᠠ ᠵᠠᠮ ᠬᠠᠷᠢᠯᠴᠠᠭᠠᠨ ᠤ | ᠨᠥᠬᠦᠪᠦᠷᠢ︾ ᠠᠪᠴᠤ ᠪᠠᠶᠢᠭ᠎ᠠ ᠭᠤᠷᠪᠠᠨ ᠲᠥᠷᠥᠯ ᠤᠨ ᠬᠥᠮᠥᠰ ᠢ ᠠᠯᠪᠠᠨ ᠲᠤᠰᠢᠶᠠᠯᠲᠠᠨ ᠢᠶᠠᠷ ᠵᠠᠭᠠᠭᠯᠠᠨ | ᠲᠣᠭᠲᠠᠭᠠᠬᠤ ᠦᠭᠡᠢ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠣᠯᠬᠤ ᠶᠢ ᠵᠥᠪᠰᠢᠶᠡᠷᠡᠨ᠎ᠡ᠃ | ᠡᠶᠢᠮᠦᠷᠬᠦ ᠪᠠᠶᠢᠳᠠᠯ ᠠᠴᠠ ᠭᠠᠳᠠᠨᠠᠬᠢ ᠪᠤᠰᠤᠳ ᠪᠠᠶᠢᠳᠠᠯ ᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ | ᠰᠢᠨ᠎ᠡ ᠪᠠᠷᠭᠤ ᠪᠠᠷᠠᠭᠤᠨ ᠬᠤᠰᠢᠭᠤᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ | ᠪᠣᠳᠣᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠵᠦ᠂ ᠤᠳᠤᠷᠢᠳᠬᠤ ᠳᠤᠭᠤᠶᠢᠯᠠᠩ ᠠᠴᠠ | ᠰᠤᠳᠤᠯᠤᠨ ᠲᠣᠭᠲᠠᠭᠠᠨ᠎ᠠ᠃ | ︵ᠬᠤᠶᠠᠷ︶ ᠨᠢᠭᠡᠨᠲᠡ ᠲᠠᠲᠠᠪᠤᠷᠢᠯᠠᠨ ᠬᠡᠷᠡᠭᠯᠡᠭᠳᠡᠭᠰᠡᠨ ᠨᠤᠲᠤᠭ ᠪᠡᠯᠴᠢᠭᠡᠷ ᠲᠤ ᠨᠤᠲᠤᠭ ᠪᠡᠯᠴᠢᠭᠡᠷ ᠤᠨ | ᠨᠥᠬᠦᠪᠦᠷᠢ ᠱᠠᠩᠨᠠᠯ ᠤᠨ ᠮᠥᠩᠭᠦ ᠣᠯᠭᠤᠵᠤ ᠪᠣᠯᠬᠤ ᠦᠭᠡᠢ | 2021 ᠣᠨ ᠤ 1 ᠰᠠᠷ᠎ᠠ ᠶᠢᠨ 1 ᠤ ᠡᠳᠦᠷ ᠠᠴᠠ 2025 ᠣᠨ ᠤ 12 ᠰᠠᠷ᠎ᠠ ᠪᠣᠯᠲᠠᠯᠠᠬᠢ | ᠬᠤᠭᠤᠴᠠᠭᠠᠨ ᠳᠤ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ᠂ | ᠵᠠᠰᠠᠮᠠᠯ ᠵᠠᠮ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠵᠢᠴᠢ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ | ᠪᠤᠰᠤᠳ ᠪᠠᠶᠢᠳᠠᠯ ᠭᠠᠷᠪᠠᠯ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ ᠤ | ᠵᠥᠪᠯᠡᠯ ᠪᠠ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤᠢ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ | ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠢ ᠬᠤᠪᠢᠷᠠᠭᠤᠯᠬᠤ ᠪᠠᠷ ᠳᠠᠷᠤᠶᠢᠬᠠᠨ | ᠭᠤᠶᠤᠴᠢᠯᠠᠵᠤ᠂ ᠨᠢᠭᠡᠨᠲᠡ ᠲᠠᠲᠠᠪᠤᠷᠢᠯᠠᠨ ᠬᠡᠷᠡᠭᠯᠡᠭᠰᠡᠨ ᠨᠤᠲᠤᠭ ᠪᠡᠯᠴᠢᠭᠡᠷ ᠤᠨ ᠲᠠᠯᠠᠪᠠᠢ ᠶᠢ ᠬᠢᠨᠠᠨ ᠬᠠᠰᠤᠬᠤ | ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠢᠨ᠎ᠡ ᠪᠠᠷ | ᠭᠦᠢᠴᠡᠳᠬᠡᠭᠰᠡᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ | ᠬᠥᠷᠥᠩᠭᠡ ᠶᠢᠨ ᠡᠷᠬᠡ ᠶᠢᠨ ᠦᠨᠡᠮᠯᠡᠯ︶ ᠶᠣᠰᠣᠭᠠᠷ᠂ ᠳᠠᠷᠠᠭᠠᠴᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ | ᠮᠥᠩᠭᠦ ᠶᠢ ᠲᠠᠷᠬᠠᠭᠠᠨ᠎ᠠ᠃ ᠬᠡᠷᠪᠡ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ | ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︶ ᠢ ᠬᠤᠪᠢᠷᠠᠭᠤᠯᠬᠤ ᠶᠢ ᠰᠠᠭᠠᠲᠠᠭᠠᠭᠰᠠᠨ ᠠᠴᠠ ᠪᠣᠯᠵᠤ᠂ ᠨᠤᠲᠤᠭ | ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠢᠯᠡᠭᠦᠦ ᠣᠯᠭᠤᠬᠤ ᠪᠠ ᠠᠳᠡᠭᠦᠦ ᠣᠯᠭᠤᠬᠤ ᠪᠠᠶᠢᠳᠠᠯ ᠭᠠᠷᠪᠠᠯ᠂ | ᠰᠠᠭᠠᠲᠠᠭᠠᠭᠰᠠᠨ ᠭᠤᠣᠯ ᠴᠣᠭᠴᠠ ᠨᠢ ᠪᠥᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠭᠤᠷᠪᠠ︶ ᠤᠢ ᠰᠢᠭᠤᠢ ᠪᠠ ᠨᠤᠲᠤᠭ ᠪᠡᠯᠴᠢᠭᠡᠷ ᠳᠠᠪᠬᠤᠴᠠᠭᠰᠠᠨ ᠣᠷᠣᠨ ᠤ ᠨᠦᠬᠦᠪᠦᠷᠢ ᠱᠠᠩᠨᠠᠯ ᠤᠨ | ᠮᠥᠩᠭᠦ ᠬᠢᠭᠡᠳ ᠨᠡᠶᠢᠳᠡ ᠶᠢᠨ ᠠᠰᠠᠷᠠᠮᠵᠢ ᠶᠢᠨ ᠤᠢ ᠶᠢᠨ ᠨᠥᠬᠦᠪᠦᠷᠢ ᠮᠦᠩᠭᠦ ᠶᠢ ᠳᠠᠪᠬᠤᠷ ᠣᠯᠭᠤᠵᠤ ᠪᠣᠯᠬᠤ | ᠦᠭᠡᠢ | ︽ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠥᠯ ︵2021 ︱ | 2025 ᠣᠨ︶︾ ︵ᠬᠦᠯᠦᠨ ᠵᠠᠰᠠᠭ ᠠᠯᠪᠠᠨ ᠲᠠᠷᠬᠠᠭᠠᠭᠰᠠᠨ ﹇2022﹈ 18 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠦᠷᠢᠶ᠎ᠡ ᠬᠡᠪᠴᠢᠶᠡᠨ ᠳᠤ | ᠣᠶ ᠰᠢᠭᠤᠢ ᠨᠤᠲᠤᠭ ᠪᠡᠯᠴᠢᠭᠡᠷ ᠳᠠᠪᠬᠤᠴᠠᠭᠰᠠᠨ ᠣᠷᠣᠨ ᠪᠦᠰᠡ ᠳᠤ ᠨᠦᠬᠦᠪᠦᠷᠢ ᠱᠠᠩᠨᠠᠯ ᠤᠨ ᠮᠥᠩᠭᠦ ᠶᠢ | ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠦᠷᠢ ᠯᠦᠭᠡ ᠳᠠᠪᠬᠤᠷ ᠣᠯᠭᠤᠵᠤ ᠪᠣᠯᠬᠤ ᠦᠭᠡᠢ᠂ ᠮᠠᠯᠴᠢᠳ ᠨᠤᠲᠤᠭ | ᠪᠡᠯᠴᠢᠭᠡᠷ ᠤᠨ ᠨᠦᠬᠦᠪᠦᠷᠢ ᠱᠠᠩᠨᠠᠯ ᠤᠨ ᠮᠥᠩᠭᠦ ᠪᠤᠶᠤ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠦᠷᠢ ᠤᠨ | ᠨᠢᠭᠡ ᠶᠢ ᠦᠪᠡᠷᠲᠡᠭᠡᠨ ᠰᠣᠩᠭᠤᠨ ᠠᠪᠴᠤ ᠪᠣᠯᠣᠨ᠎ᠠ᠃ 2021 ᠣᠨ ᠤ 1 ᠰᠠᠷ᠎ᠠ ᠶᠢᠨ 1 ᠤ ᠡᠳᠦᠷ ᠠᠴᠠ | 2025 ᠣᠨ ᠤ 12 ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ᠂ ᠡᠯ᠎ᠡ ᠰᠤᠮᠤ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠬᠢᠭᠡᠳ ᠨᠡᠶᠢᠲᠡ ᠶᠢᠨ | ᠠᠰᠠᠷᠠᠮᠵᠢ ᠶᠢᠨ ᠣᠶ ᠶᠢᠨ ᠨᠥᠬᠦᠪᠦᠷᠢ ᠶᠢ ᠳᠠᠪᠬᠤᠷ ᠣᠯᠭᠤᠭᠰᠠᠨ ᠪᠠᠶᠢᠳᠠᠯ ᠢ ᠬᠢᠨᠠᠨ ᠬᠠᠷᠭᠤᠭᠤᠯᠬᠤ ᠶᠢᠨ ᠬᠠᠮᠲᠤ᠂ | ᠵᠢᠯ ᠪᠦᠷᠢ ᠨᠠᠷᠢᠨ ᠲᠠᠩᠰᠠ ᠶᠢ ᠮᠡᠳᠡᠭᠦᠯᠦᠨ ᠬᠦᠷᠭᠡᠬᠦ ᠦᠶ᠎ᠡ ᠳᠤ ᠳᠠᠪᠬᠤᠷ ᠣᠯᠭᠤᠭᠰᠠᠨ ᠪᠠᠶᠢᠳᠠᠯ ᠣᠷᠣᠰᠢᠵᠤ | ᠪᠠᠶᠢᠬᠤ ᠡᠰᠡᠬᠦ ᠶᠢ ᠲᠣᠳᠣᠷᠬᠠᠶᠢᠯᠠᠬᠤ ᠬᠡᠷᠡᠭᠲᠡᠢ᠃ ᠬᠡᠷᠪᠡ ᠳᠠᠪᠬᠤᠴᠠᠨ ᠲᠠᠷᠬᠠᠭᠠᠭᠰᠠᠨ ᠪᠠᠶᠢᠳᠠᠯ ᠭᠠᠷᠪᠠᠯ᠂ ᠰᠤᠮᠤ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠳᠡᠭᠦᠦ ᠲᠠᠷᠬᠠᠭᠠᠭᠰᠠᠨ ᠪᠡᠯᠡ ᠮᠥᠩᠭᠦ ᠶᠢ ᠨᠡᠬᠡᠮᠵᠢᠯᠡᠨ | ᠲᠤᠰᠢᠶᠠᠯᠭᠠᠬᠤ ᠶᠢ ᠬᠠᠷᠢᠭᠤᠴᠠᠨ᠎ᠠ᠃ | ︵ᠳᠥᠷᠪᠡ︶ ᠲᠠᠷᠢᠶᠠᠨ ᠭᠠᠵᠠᠷ ᠪᠠ ᠨᠤᠲᠤᠭ ᠪᠡᠯᠴᠢᠭᠡᠷ ᠳᠠᠪᠬᠤᠴᠠᠭᠰᠠᠨ ᠣᠷᠣᠨ ᠳᠤ ᠨᠦᠬᠦᠪᠦᠷᠢ | ᠱᠠᠩᠨᠠᠯ ᠤᠨ ᠮᠥᠩᠭᠦ ᠬᠢᠭᠡᠳ ᠠᠮᠤ ᠪᠤᠳᠠᠭ᠎ᠠ ᠲᠠᠷᠢᠬᠤ ᠨᠥᠬᠦᠪᠦᠷᠢ ᠶᠢ ᠳᠠᠪᠬᠤᠷ ᠣᠯᠭᠤᠵᠤ ᠪᠣᠯᠬᠤ ᠦᠭᠡᠢ | ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ᠂ ᠲᠠᠷᠢᠶᠠᠨ ᠭᠠᠵᠠᠷ ᠪᠠ | ᠨᠤᠲᠤᠭ ᠪᠡᠯᠴᠢᠭᠡᠷ ᠳᠠᠪᠬᠤᠴᠠᠭᠰᠠᠨ ᠣᠷᠣᠨ ᠳᠤ ᠬᠤᠯᠪᠣᠭᠳᠠᠬᠤ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ | ᠮᠥᠩᠭᠦ ᠶᠢ ᠠᠮᠤ ᠪᠤᠳᠠᠭ᠎ᠠ ᠲᠡᠷᠢᠬᠤ ᠨᠥᠬᠦᠪᠦᠷᠢ ᠶᠢᠨ ᠪᠡᠯᠡ ᠮᠥᠩᠭᠦ ᠯᠦᠭᠡ ᠳᠠᠪᠬᠤᠷ ᠣᠯᠭᠤᠵᠤ ᠪᠣᠯᠬᠤ ᠦᠭᠡᠢ᠂ | ᠮᠠᠯᠴᠢᠳ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠮᠥᠩᠭᠦ ᠪᠤᠶᠤ ᠠᠮᠤ ᠪᠤᠳᠠᠭ᠎ᠠ ᠲᠡᠷᠢᠬᠤ ᠨᠥᠬᠦᠪᠦᠷᠢ | ᠮᠥᠩᠭᠦ ᠤᠨ ᠨᠢᠭᠡ ᠶᠢ ᠦᠪᠡᠷᠲᠡᠭᠡᠨ ᠰᠣᠩᠭᠤᠨ ᠠᠪᠴᠤ ᠪᠣᠯᠣᠨ᠎ᠠ᠃ 2021 ᠣᠨ ᠤ 1 ᠰᠠᠷ᠎ᠠ ᠶᠢᠨ 1 ᠤ | ᠡᠳᠦᠷ ᠠᠴᠠ 2025 ᠣᠨ ᠤ 12 ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ᠂ ᠰᠤᠮᠤ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠲᠤᠭ ᠪᠡᠯᠴᠢᠭᠡᠷ ᠤᠨ ᠨᠥᠬᠦᠪᠦᠷᠢ ᠶᠢᠨ ᠱᠠᠩᠨᠠᠯ ᠤᠨ ᠮᠥᠩᠭᠦ | ᠬᠢᠭᠡᠳ ᠠᠮᠤ ᠪᠤᠳᠠᠭ᠎ᠠ ᠳᠠᠷᠢᠬᠤ ᠨᠥᠬᠦᠪᠦᠷᠢ ᠮᠥᠩᠭᠦ ᠶᠢ ᠳᠠᠪᠬᠤᠷ ᠣᠯᠭᠤᠭᠰᠠᠨ ᠪᠠᠶᠢᠳᠠᠯ ᠢ ᠬᠢᠨᠠᠨ | ᠬᠠᠷᠭᠤᠭᠤᠯᠬᠤ ᠶᠢᠨ ᠬᠠᠮᠲᠤ᠂ ᠵᠢᠯ ᠪᠦᠷᠢ ᠨᠠᠷᠢᠨ ᠲᠠᠩᠰᠠ ᠪᠠᠨ ᠮᠡᠳᠡᠭᠦᠯᠦᠨ ᠬᠦᠷᠭᠡᠬᠦ ᠦᠶ᠎ᠡ ᠳᠤ ᠳᠠᠪᠬᠤᠷ | ᠣᠯᠭᠤᠭᠰᠠᠨ ᠪᠠᠶᠢᠳᠠᠯ ᠣᠷᠣᠰᠢᠵᠤ ᠪᠠᠶᠢᠬᠤ ᠡᠰᠡᠬᠦ ᠶᠢ ᠲᠣᠳᠣᠷᠬᠠᠶᠢᠯᠠᠬᠤ ᠬᠡᠷᠡᠭᠲᠡᠢ᠃ ᠬᠡᠷᠪᠡ ᠳᠠᠪᠬᠤᠴᠠᠨ | ᠲᠠᠷᠬᠠᠭᠠᠭᠰᠠᠨ ᠪᠠᠶᠢᠳᠠᠯ ᠭᠠᠷᠪᠠᠯ᠂ ᠬᠠᠮᠢᠶ᠎ᠠ ᠪᠦᠬᠦᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ | ᠠᠳᠡᠭᠦᠦ ᠲᠠᠷᠬᠠᠭᠠᠭᠰᠠᠨ ᠪᠡᠯᠡ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠶᠢ ᠬᠠᠷᠢᠭᠤᠴᠠᠨ᠎ᠠ᠃ | ︵ᠲᠠᠪᠤ︶ ᠵᠡᠭᠡᠷ᠎ᠡ ᠶᠢᠨ ᠬᠠᠮᠠᠭᠠᠯᠠᠯᠲᠠ ᠶᠢᠨ ᠣᠷᠣᠨ ᠤ ᠪᠡᠯᠡ ᠮᠥᠩᠭᠦ ᠲᠠᠷᠬᠠᠭᠠᠬᠤ ᠱᠠᠭᠠᠷᠳᠠᠯᠭ᠎ᠠ | ᠰᠢᠨ᠎ᠡ ᠪᠠᠷᠭᠤ ᠵᠡᠭᠡᠷ᠎ᠡ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠨᠤᠲᠤᠭ ᠪᠡᠯᠴᠢᠭᠡᠷ ᠲᠤ ᠬᠤᠯᠪᠣᠭᠳᠠᠭᠰᠠᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ | ᠵᠢᠯ ᠪᠦᠷᠢ ᠶᠢᠨ 12 ᠰᠠᠷ᠎ᠠ ᠳᠤ ᠡᠳ᠋ ᠤᠨ ᠵᠠᠰᠠᠭ ᠤᠨ ᠲᠣᠪᠴᠢᠶ᠎ᠠ ᠠᠴᠠ ᠪᠡᠯᠡ ᠮᠥᠩᠭᠦ ᠰᠠᠯᠭᠠᠨ ᠥᠭᠭᠦᠭᠰᠡᠨ ᠤ | ᠳᠠᠷᠠᠭ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠠᠩᠰᠠᠨ | ᠡᠷᠦᠬᠡ ᠠᠴᠠ ᠰᠢᠨ᠎ᠡ ᠪᠠᠷᠭᠤ ᠵᠡᠭᠡᠷ᠎ᠡ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠲᠠᠩᠰᠠᠨ ᠡᠷᠦᠬᠡ ᠳᠤ ᠰᠢᠭᠤᠳ ᠰᠠᠯᠭᠠᠨ | ᠥᠭᠴᠦ᠂ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠠᠭᠠᠯᠠᠯᠲᠠ ᠶᠢᠨ ᠣᠷᠣᠨ ᠤ ᠨᠥᠬᠦᠪᠦᠷᠢ ᠱᠠᠩᠨᠠᠯ ᠤᠨ ᠮᠥᠩᠭᠦ ᠶᠢ | ᠨᠢᠭᠡ ᠤᠳᠠᠭ᠎ᠠ ᠶᠢᠨ ᠴᠢᠨᠠᠷᠲᠠᠢ ᠪᠠᠷ ᠲᠠᠷᠬᠠᠭᠠᠨ᠎ᠠ᠃ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠨᠢ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠰᠢᠨ᠎ᠡ ᠪᠠᠷᠭᠤ ᠵᠡᠭᠡᠷ᠎ᠡ ᠶᠢᠨ | ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠤᠯᠪᠣᠭᠳᠠᠬᠤ ᠨᠤᠲᠤᠭ | ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠳᠠᠬᠢᠨ ᠲᠠᠷᠬᠠᠭᠠᠬᠤ ᠦᠭᠡᠢ᠃ | ︵ᠵᠢᠷᠭᠤᠭ᠎ᠠ︶ ᠱᠠᠩᠨᠠᠵᠤ ᠲᠣᠷᠭᠠᠬᠤ ᠶᠢ ᠬᠤᠯᠪᠣᠯᠳᠤᠭᠤᠯᠬᠤ ᠳᠦᠷᠢᠮ ᠢ ᠪᠠᠶᠢᠭᠤᠯᠤᠨ᠎ᠠ | 1. ᠪᠡᠯᠡ ᠮᠥᠩᠭᠦ ᠰᠠᠭᠤᠯᠭᠠᠨ ᠠᠪᠬᠤ ᠲᠡᠰ ᠳᠠᠷᠠᠭᠠᠯᠠᠯ᠄ ᠵᠢᠯ ᠪᠦᠷᠢ ᠶᠢᠨ 10 ᠰᠠᠷ᠎ᠠ ᠠᠴᠠ 11 | ᠰᠠᠷ᠎ᠠ ᠶᠢᠨ ᠬᠤᠭᠤᠷᠣᠨᠳᠤ᠂ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠡᠯ᠎ᠡ ᠰᠤᠮᠤ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠢ ᠵᠣᠬᠢᠶᠠᠨ ᠪᠠᠶᠢᠭᠤᠯᠵᠤ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ | ᠮᠥᠩᠭᠦ ᠶᠢ ᠰᠠᠭᠤᠯᠭᠠᠨ ᠠᠪᠤᠭᠰᠠᠨ ᠪᠠᠶᠢᠳᠠᠯ ︵ᠪᠡᠯᠴᠢᠭᠡᠷᠯᠡᠭᠦᠯᠬᠦ ᠶᠢ ᠴᠠᠭᠠᠵᠠᠯᠠᠬᠤ ᠨᠦᠬᠦᠪᠦᠷᠢ ᠮᠥᠩᠭᠦ᠂ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠤᠨ ᠪᠡᠯᠡ ᠮᠥᠩᠭᠦ᠂ ᠰᠡᠯᠭᠦᠨ ᠮᠠᠯᠵᠢᠬᠤ ᠨᠦᠬᠦᠪᠦᠷᠢ ᠮᠥᠩᠭᠦ | ᠪᠠᠭᠲᠠᠨ᠎ᠠ︶ ᠢ ᠬᠢᠨᠠᠨ ᠲᠣᠭᠲᠠᠭᠠᠬᠤ ᠶᠢᠨ ᠬᠠᠮᠲᠤ᠂ 11 ᠰᠠᠷ᠎ᠠ ᠶᠢᠨ ᠰᠡᠭᠦᠯᠴᠢ ᠪᠠᠷ ᠤᠢ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ ᠠᠴᠠ ᠣᠨ ᠤ ᠪᠡᠯᠡ ᠮᠥᠩᠭᠦ ᠣᠯᠭᠤᠬᠤ ᠰᠠᠨᠠᠯ ᠭᠠᠷᠭᠠᠵᠤ᠂ ᠲᠠᠷᠢᠶᠠᠯᠠᠩ ᠮᠠᠯ ᠠᠵᠤ ᠠᠬᠤᠢ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠤᠰ ᠰᠠᠨᠠᠯ ᠢ ᠦᠨᠳᠦᠰᠦᠯᠡᠨ ᠨᠤᠲᠤᠭ ᠪᠡᠯᠴᠢᠭᠡᠷ ᠤᠨ | ᠨᠦᠬᠦᠪᠦᠷᠢ ᠱᠠᠩᠨᠠᠯ ᠤᠨ ᠮᠥᠩᠭᠦ ᠶᠢ ᠲᠠᠷᠬᠠᠭᠠᠨ᠎ᠠ᠃ ᠬᠡᠷᠪᠡ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ | ᠣᠨ ᠤ ᠪᠡᠯᠡ ᠮᠥᠩᠭᠦ ᠣᠯᠭᠤᠬᠤ ᠰᠠᠨᠠᠯ ᠢᠶᠠᠨ ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ ᠦᠭᠡᠢ ᠠᠴᠠ ᠪᠣᠯᠵᠤ᠂ | ᠨᠥᠬᠦᠪᠦᠷᠢ ᠱᠠᠩᠨᠠᠯ ᠤᠨ ᠮᠥᠩᠭᠦ ᠶᠢ ᠬᠤᠶᠢᠰᠢᠯᠠᠭᠤᠯᠤᠨ ᠣᠯᠭᠤᠬᠤ ᠳᠤ ᠬᠦᠷᠦᠭᠦᠯᠦᠭᠰᠡᠨ ᠪᠠᠶᠢᠪᠠᠯ᠂ ᠬᠤᠭᠤᠴᠠᠭ᠎ᠠ | ᠬᠡᠲᠦᠷᠡᠭᠦᠯᠦᠭᠰᠡᠨ ᠨᠢᠭᠡᠴᠡ ᠠᠴᠠ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ︵2021 ᠣᠨ ᠤ ᠪᠡᠯᠡ | ᠮᠥᠩᠭᠦ ᠣᠯᠭᠤᠬᠤ ᠰᠠᠨᠠᠯ ᠢ ᠭᠠᠷᠭᠠᠬᠤ ᠴᠠᠭ ᠢ ᠠᠰ ᠲᠤᠨᠢ ᠮᠡᠳᠡᠭᠳᠡᠨ᠎ᠡ︶᠃ | 2. ᠪᠡᠯᠡ ᠮᠥᠩᠭᠦ ᠰᠠᠭᠤᠯᠭᠠᠨ ᠠᠪᠬᠤ ᠪᠠᠷᠢᠮᠵᠢᠶ᠎ᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ | ᠳᠦᠷᠢᠮ︾ ︵2021 ᠣᠨ ᠤ 7 ᠰᠠᠷ᠎ᠠ ᠶᠢᠨ 29 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠤᠷᠢᠨ ᠳᠣᠯᠣᠳᠤᠭᠠᠷ ᠬᠤᠷᠠᠯ ᠠᠴᠠ ᠪᠠᠲᠤᠯᠠᠪᠠ︶ ᠤᠨ ᠬᠤᠷᠢ ᠶᠢᠰᠦᠳᠦᠭᠡᠷ | ᠵᠦᠢᠯ ᠳᠤ᠄ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ | ᠨᠠᠶᠢᠳᠠᠪᠤᠷᠢᠵᠢᠭᠤᠯᠤᠭᠰᠠᠨ ᠦᠭᠡᠢ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠪᠡᠯᠴᠢᠭᠡᠷ ᠤᠨ | ᠳᠠᠭᠠᠭᠠᠴᠠ ᠠᠴᠠ ᠬᠡᠲᠦᠷᠡᠭᠰᠡᠨ ᠨᠤᠷᠮ᠎ᠠ ᠨᠢ 10% ᠠᠴᠠ ᠬᠡᠲᠦᠷᠡᠭᠰᠡᠨ ᠪᠤᠶᠤ ᠪᠡᠯᠴᠢᠭᠡᠷᠯᠡᠭᠦᠯᠬᠦ ᠶᠢ ᠴᠠᠭᠠᠵᠠᠯᠠᠬᠤ | ᠣᠷᠣᠨ ᠳᠤ ᠬᠤᠶᠠᠷ ᠠᠴᠠ ᠳᠡᠭᠡᠭᠰᠢ ᠤᠳᠠᠭ᠎ᠠ ᠠᠴᠠ ᠳᠡᠭᠡᠭᠰᠢ ᠪᠡᠯᠴᠢᠭᠡᠷᠯᠡᠭᠦᠯᠦᠭᠰᠡᠨ ᠪᠣᠯ᠂ ᠨᠤᠲᠤᠭ ᠪᠡᠯᠴᠢᠭᠡᠷ ᠤᠨ | ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠮᠥᠩᠭᠦ ᠶᠢ ᠰᠠᠭᠤᠯᠭᠠᠨ ᠠᠪᠴᠤ ᠪᠣᠯᠣᠨ᠎ᠠ᠃ | ︽ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠯᠥᠨ | ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠡᠷᠡᠭᠵᠢᠭᠦᠯᠬᠦ ᠲᠥᠰᠥᠯ ︵2021 ︱ | 2025 ᠣᠨ︶︾ ︵ᠬᠦᠯᠦᠨ ᠵᠠᠰᠠᠭ ᠠᠯᠪᠠᠨ ᠲᠠᠷᠬᠠᠭᠠᠭᠰᠠᠨ ﹇2022﹈ 18 ᠳ᠋ᠤᠭᠠᠷ ᠲᠣᠭᠠᠲᠤ︶ ᠳᠤ | ᠱᠠᠭᠠᠷᠳᠠᠭᠰᠠᠨ ᠨᠢ᠄ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠪᠦᠬᠦᠨ ᠢ ᠪᠡᠯᠴᠢᠭᠡᠷᠯᠡᠭᠦᠯᠬᠦ ᠶᠢ | ᠵᠣᠭᠰᠤᠭᠠᠬᠤ ᠳᠦᠷᠢᠮ ᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ | ᠴᠢᠩᠭ᠎ᠠ ᠴᠠᠭᠠᠵᠠᠯᠠᠨ᠎ᠠ᠃ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠴᠢᠩᠭ᠎ᠠ ᠬᠡᠷᠡᠭᠵᠢᠭᠦᠯᠦᠭᠰᠡᠨ ᠮᠠᠯᠴᠢᠨ | ᠪᠦᠬᠦᠨ ᠴᠥᠮ ᠪᠡᠯᠴᠢᠭᠡᠷᠯᠡᠭᠦᠯᠬᠦ ᠶᠢ ᠵᠣᠭᠰᠤᠭᠠᠬᠤ ᠨᠥᠬᠦᠪᠦᠷᠢ ᠶᠢ ᠬᠦᠷᠲᠡᠵᠦ ᠪᠣᠯᠣᠨ᠎ᠠ᠃ | ︽ᠬᠥᠯᠥᠨ ᠪᠤᠶᠢᠷ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ | ᠶᠠᠪᠤᠭᠤᠯᠬᠤ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠬᠦᠯᠦᠨ ᠵᠠᠰᠠᠭ ᠠᠯᠪᠠᠨ ᠲᠠᠷᠬᠠᠭᠠᠭᠰᠠᠨ ﹇2016﹈ 65 ᠳ᠋ᠤᠭᠠᠷ ᠲᠣᠭᠠᠲᠤ︶ ᠤᠨ ᠪᠢᠴᠢᠭ | ᠮᠠᠲ᠋ᠧᠷᠢᠶᠠᠯ ᠳᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ | ᠨᠠᠶᠢᠳᠠᠪᠤᠷᠢᠵᠢᠭᠤᠯᠬᠤ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ᠃ | ᠳᠡᠭᠡᠷ᠎ᠡ ᠳᠤᠷᠠᠳᠤᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠬᠦ ᠶᠢᠨ ᠬᠠᠮᠲᠤ᠂ ᠮᠠᠨ ᠤ | ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ 10% ᠶᠢᠨ | ᠨᠥᠬᠦᠪᠦᠷᠢ ᠱᠠᠩᠨᠠᠯ ᠤᠨ ᠮᠥᠩᠭᠦ ᠶᠢ ᠰᠠᠭᠤᠯᠭᠠᠨ ᠠᠪᠤᠨ᠎ᠠ᠄ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠨᠤᠲᠤᠭ | ᠪᠡᠯᠴᠢᠭᠡᠷ ᠲᠤ ᠲᠣᠭᠲᠠᠭᠠᠯ ᠠᠴᠠ ᠵᠥᠷᠢᠴᠡᠨ 2 ᠤᠳᠠᠭ᠎ᠠ ᠬᠤᠯᠠᠭᠠᠢ ᠪᠠᠷ ᠮᠠᠯᠵᠢᠭᠰᠠᠨ︔ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠨᠤᠲᠤᠭ ᠪᠡᠯᠴᠢᠭᠡᠷ ᠲᠤ ᠰᠡᠯᠭᠦᠨ ᠮᠠᠯᠵᠢᠬᠤ ᠬᠤᠭᠤᠴᠠᠭᠠᠨ ᠳᠤ ᠲᠣᠭᠲᠠᠭᠠᠯ ᠠᠴᠠ | ᠵᠥᠷᠢᠴᠡᠨ 2 ᠤᠳᠠᠭ᠎ᠠ ᠬᠤᠯᠠᠭᠠᠢ ᠪᠠᠷ ᠮᠠᠯᠵᠢᠭᠰᠠᠨ︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠨᠤᠲᠤᠭ | ᠪᠡᠯᠴᠢᠭᠡᠷ ᠲᠤ 2 ᠤᠳᠠᠭ᠎ᠠ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠪᠤᠶᠤ ᠳᠠᠭᠠᠭᠠᠴᠠ ᠠᠴᠠ ᠬᠡᠲᠦᠷᠡᠭᠦᠯᠦᠨ | ᠮᠠᠯᠵᠢᠬᠤ ᠨᠣᠷᠮ᠎ᠠ 10% ᠶᠢ ᠳᠠᠪᠠᠭᠰᠠᠨ ᠪᠠᠶᠢᠬᠤ᠃ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ 20% ᠶᠢᠨ | ᠨᠥᠬᠦᠪᠦᠷᠢ ᠱᠠᠩᠨᠠᠯ ᠤᠨ ᠮᠥᠩᠭᠦ ᠶᠢ ᠰᠠᠭᠤᠯᠭᠠᠨ ᠠᠪᠤᠨ᠎ᠠ᠄ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠨᠤᠲᠤᠭ | ᠪᠡᠯᠴᠢᠭᠡᠷ ᠲᠤ ᠲᠣᠭᠲᠠᠭᠠᠯ ᠠᠴᠠ ᠵᠥᠷᠢᠴᠡᠨ 3 ᠤᠳᠠᠭ᠎ᠠ ᠬᠤᠯᠠᠭᠠᠢ ᠪᠠᠷ ᠮᠠᠯᠵᠢᠭᠰᠠᠨ︔ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠡᠯᠴᠢᠭᠡᠷ ᠲᠤ ᠰᠡᠯᠭᠦᠨ ᠮᠠᠯᠵᠢᠬᠤ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ 3 | ᠤᠳᠠᠭ᠎ᠠ ᠬᠤᠯᠠᠭᠠᠢ ᠪᠠᠷ ᠮᠠᠯᠵᠢᠭᠰᠠᠨ︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠨᠤᠲᠤᠭ ᠪᠡᠯᠴᠢᠭᠡᠷ ᠲᠤ 3 | ᠤᠳᠠᠭ᠎ᠠ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠪᠤᠶᠤ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠨᠣᠷᠮ᠎ᠠ | 20% ᠶᠢ ᠳᠠᠪᠠᠭᠰᠠᠨ ᠪᠠᠶᠢᠬᠤ᠃ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ 40% ᠶᠢᠨ ᠨᠥᠬᠦᠪᠦᠷᠢ | ᠱᠠᠩᠨᠠᠯ ᠤᠨ ᠮᠥᠩᠭᠦ ᠶᠢ ᠰᠠᠭᠤᠯᠭᠠᠨ ᠠᠪᠤᠨ᠎ᠠ᠄ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠨᠤᠲᠤᠭ ᠪᠡᠯᠴᠢᠭᠡᠷ ᠲᠤ | ᠲᠣᠭᠲᠠᠭᠠᠯ ᠠᠴᠠ ᠵᠥᠷᠢᠴᠡᠨ 4 ᠤᠳᠠᠭ᠎ᠠ ᠬᠤᠯᠠᠭᠠᠢ ᠪᠠᠷ ᠮᠠᠯᠵᠢᠭᠰᠠᠨ︔ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠨᠤᠲᠤᠭ ᠪᠡᠯᠴᠢᠭᠡᠷ ᠲᠤ ᠮᠠᠯᠵᠢᠬᠤ ᠶᠢ ᠵᠣᠭᠰᠣᠭᠠᠭᠰᠠᠨ ᠬᠤᠭᠤᠴᠠᠭᠠᠨ ᠳᠤ ᠲᠣᠭᠲᠠᠭᠠᠯ ᠠᠴᠠ ᠵᠥᠷᠢᠴᠡᠨ | 4 ᠤᠳᠠᠭ᠎ᠠ ᠬᠤᠯᠠᠭᠠᠢ ᠪᠠᠷ ᠮᠠᠯᠵᠢᠭᠰᠠᠨ︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠨᠤᠲᠤᠭ ᠪᠡᠯᠴᠢᠭᠡᠷ ᠲᠤ | 4 ᠤᠳᠠᠭ᠎ᠠ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠪᠤᠶᠤ ᠳᠠᠭᠠᠭᠠᠴᠠ ᠠᠴᠠ ᠬᠡᠲᠦᠷᠡᠭᠦᠯᠦᠨ ᠮᠠᠯᠵᠢᠭᠰᠠᠨ | ᠨᠣᠷᠮ᠎ᠠ 30% ᠶᠢ ᠳᠠᠪᠠᠭᠰᠠᠨ ᠪᠠᠶᠢᠬᠤ᠃ ᠳᠦᠷᠢᠮ ᠲᠣᠭᠲᠠᠭᠠᠯ ᠠᠴᠠ ᠣᠯᠠᠨ ᠤᠳᠠᠭ᠎ᠠ ᠵᠦᠷᠢᠴᠡᠨ ᠬᠤᠯᠠᠭᠠᠢ ᠪᠠᠷ | ᠮᠠᠯᠵᠢᠭᠰᠠᠨ ᠡᠷᠦᠬᠡ ᠳᠤ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠲᠣᠭᠲᠠᠭᠠᠯ ᠠᠴᠠ ᠵᠥᠷᠢᠴᠡᠭᠰᠡᠨ ᠦᠶᠯᠡ ᠪᠠᠶᠢᠳᠠᠯ ᠨᠢ ᠬᠦᠨᠳᠦ ᠨᠣᠴᠢᠲᠠᠢ ᠪᠠᠶᠢᠬᠤ ᠬᠡᠮᠵᠢᠶ᠎ᠡ ᠪᠠᠷ | 40% ᠠᠴᠠ ᠳᠡᠭᠡᠭᠰᠢᠬᠢ ᠨᠦᠬᠦᠪᠦᠷᠢ ᠱᠠᠩᠨᠠᠯ ᠤᠨ ᠮᠥᠩᠭᠦ ᠶᠢ ᠰᠠᠭᠤᠯᠭᠠᠨ ᠠᠪᠴᠤ᠂ ᠲᠤᠬᠠᠢ ᠶᠢᠨ ᠵᠢᠯ ᠤᠨ | ᠨᠦᠬᠦᠪᠦᠷᠢ ᠱᠠᠩᠨᠠᠯ ᠤᠨ ᠮᠥᠩᠭᠦ ᠶᠢ ᠨᠢ ᠪᠦᠬᠦᠨ ᠢ ᠰᠠᠭᠤᠯᠭᠠᠨ ᠠᠪᠬᠤ ᠪᠣᠯᠲᠠᠯ᠎ᠠ ᠲᠣᠷᠭᠠᠵᠤ ᠪᠣᠯᠣᠨ᠎ᠠ᠃ | ᠰᠠᠭᠤᠯᠭᠠᠨ ᠠᠪᠤᠭᠰᠠᠨ ᠦᠷ᠎ᠡ ᠳ᠋ᠦᠩ ᠢ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠳᠤ ᠴᠠᠭ | ᠲᠤᠬᠠᠢ ᠳᠤᠨᠢ ᠮᠡᠳᠡᠭᠳᠡᠬᠦ ᠶᠢᠨ ᠬᠠᠮᠲᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ | ᠤ ᠬᠡᠪᠴᠢᠶᠡᠨ ᠳᠤ ᠢᠯᠡ ᠪᠠᠷ ᠨᠡᠶᠢᠲᠡᠯᠡᠬᠦ ᠬᠡᠷᠡᠭᠲᠡᠢ᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠳᠦᠷᠢᠮ ᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠳ ᠤᠨ ᠥᠪᠡᠷ ᠤᠨ | ᠪᠡᠶ᠎ᠡ ᠳᠡᠭᠡᠨ ᠬᠢᠨᠠᠯᠲᠠ ᠲᠠᠯᠪᠢᠵᠤ ᠥᠪᠡᠷ ᠢ ᠪᠠᠨ ᠬᠠᠮᠢᠶᠠᠷᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠰᠠᠭᠤᠯᠭᠠᠨ | ᠠᠪᠤᠭᠰᠠᠨ ᠪᠡᠯᠡ ᠮᠥᠩᠭᠦ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠯᠡᠨ | ᠲᠣᠬᠢᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠪᠠ ᠬᠠᠮᠠᠭᠠᠯᠠᠵᠤ ᠪᠦᠲᠦᠭᠡᠨ ᠪᠠᠶᠢᠭᠤᠯᠬᠤ᠂ | ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠡᠩᠨᠡᠭᠡ ᠶᠢᠨ ᠲᠣᠰ ᠪᠡᠶ᠎ᠡ ᠶᠢᠨ ᠪᠠᠶᠢᠭᠤᠯᠤᠯᠲᠠ ᠳᠤ ᠲᠤᠰᠬᠠᠢ | ᠬᠡᠷᠡᠭᠯᠡᠨ᠎ᠡ᠃ | ︵ᠲᠤᠯᠤᠭ᠎ᠠ︶ ᠰᠢᠨ᠎ᠡ ᠪᠠᠷ ᠨᠤᠲᠤᠭ ᠪᠡᠯᠴᠢᠭᠡᠷ ᠳᠠᠭᠠᠭᠠᠴᠢᠯᠠᠭᠰᠠᠨ ᠡᠷᠥᠭᠡ ᠳᠤ ᠨᠦᠬᠦᠪᠦᠷᠢ ᠮᠥᠩᠭᠦ | ᠣᠯᠭᠤᠬᠤ ᠱᠠᠭᠠᠷᠳᠠᠯᠭ᠎ᠠ | 2021 ︱ 2025 ᠣᠨ ᠤ ᠬᠤᠭᠤᠴᠠᠭᠠᠨ ᠳᠤ᠂ ᠰᠢᠨ᠎ᠡ ᠪᠠᠷ ᠨᠤᠲᠤᠭ ᠪᠡᠯᠴᠢᠭᠡᠷ ᠳᠠᠭᠠᠭᠠᠴᠢᠯᠠᠭᠰᠠᠨ | ᠮᠠᠯᠵᠢᠬᠤ ᠡᠷᠦᠬᠡ ᠳᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ︵ᠥᠯᠥ ᠬᠥᠳᠡᠯᠬᠦ | ᠬᠥᠷᠥᠩᠭᠡ ᠶᠢᠨ ᠡᠷᠬᠡ ᠶᠢᠨ ᠦᠨᠡᠮᠯᠡᠯ︶ ᠤᠨ ᠳᠠᠭᠠᠭᠠᠴᠢᠯᠠᠭᠰᠠᠨ ᠡᠬᠢᠯᠡᠯᠲᠡ ᠶᠢᠨ ᠡᠳᠦᠷ ᠬᠤᠭᠤᠴᠠᠭ᠎ᠠ ᠶᠣᠰᠣᠭᠠᠷ | ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠣᠯᠭᠤᠬᠤ ᠶᠢᠨ ᠬᠠᠮᠲᠤ᠂ | ᠳᠠᠭᠠᠭᠠᠴᠢᠯᠠᠭᠰᠠᠨ ᠡᠬᠢᠯᠡᠯᠲᠡ ᠶᠢᠨ ᠡᠳᠦᠷ ᠬᠤᠭᠤᠴᠠᠭ᠎ᠠ ᠶᠣᠰᠣᠭᠠᠷ ᠲᠤᠬᠠᠢ ᠶᠢᠨ ᠵᠢᠯ ᠤᠨ ᠨᠤᠲᠤᠭ ᠪᠡᠯᠴᠢᠭᠡᠷ ᠤᠨ | ᠨᠥᠬᠦᠪᠦᠷᠢ ᠱᠠᠩᠨᠠᠯ ᠤᠨ ᠮᠥᠩᠭᠦ ᠶᠢᠨ ᠬᠠᠷᠢᠴᠠᠯ ᠢ ᠲᠣᠭᠲᠠᠭᠠᠵᠤ᠂ ᠳᠠᠭᠠᠭᠠᠴᠢᠯᠠᠭᠰᠠᠨ ᠡᠬᠢᠯᠡᠯᠲᠡ ᠶᠢᠨ ᠡᠳᠦᠷ ᠠᠴᠠ | ᠡᠮᠦᠨᠡᠬᠢ ᠪᠡᠯᠡ ᠮᠥᠩᠭᠦ ᠶᠢ ᠣᠯᠭᠤᠬᠤ ᠦᠭᠡᠢ᠃ | | |