ᠳᠣᠯᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠬᠡᠷᠡᠭᠵᠢᠭᠦᠯᠬᠦ | ᠭᠤᠣᠯ ᠴᠣᠭᠴᠠ ᠶᠢ ᠲᠣᠳᠣᠷᠬᠠᠶᠢᠯᠠᠬᠤ ᠬᠡᠷᠡᠭᠲᠡᠢ | ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠨᠢ | ᠪᠡᠯᠡ ᠮᠥᠩᠭᠦ᠂ ᠬᠠᠷᠠᠯᠲᠠ᠂ ᠡᠭᠦᠷᠭᠡ᠂ ᠬᠠᠷᠢᠭᠤᠴᠠᠯᠭ᠎ᠠ᠂ ᠠᠷᠭ᠎ᠠ ᠵᠡᠷᠭᠡ ︽ᠲᠠᠪᠤ ᠶᠢ ᠨᠠᠶᠢᠳᠠᠪᠤᠷᠢᠵᠢᠭᠤᠯᠬᠤ︾ | ᠲᠣᠭᠲᠠᠴᠠ ᠶᠢ ᠪᠠᠷᠢᠮᠲᠠᠯᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠰᠤᠮᠤ ᠪᠠᠯᠭᠠᠰᠤ | ᠲᠥᠷᠥ ᠶᠢᠨ ᠪᠣᠳᠣᠯᠭ᠎ᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠪᠠ ᠬᠡᠷᠡᠭᠵᠢᠭᠦᠯᠬᠦ ᠭᠤᠣᠯ ᠴᠣᠭᠴᠠ | ᠪᠣᠯᠤᠭᠰᠠᠨ ᠤ ᠬᠤᠪᠢ ᠳᠤ᠂ ᠬᠤᠲᠠ ᠶᠢᠨ ᠱᠠᠲᠤᠨ ᠤ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ | ᠤᠳᠤᠷᠢᠳᠬᠤ ᠳᠤᠭᠤᠶᠢᠯᠠᠩ ᠤᠨ ᠵᠢᠯᠣᠭᠤᠳᠤᠯᠭ᠎ᠠ ᠳᠣᠣᠷ᠎ᠠ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠠᠵᠢᠯ ᠢ ᠰᠠᠶᠢᠲᠤᠷ ᠠᠳᠬᠤᠬᠤ ᠪᠠ ᠪᠣᠳᠠᠲᠠᠢ ᠠᠳᠬᠤᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠶᠠᠩᠵᠤ ᠶᠢ ᠬᠤᠪᠢᠷᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠤᠯᠤᠰ ᠤᠨ ᠮᠠᠯᠴᠢᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠮᠠᠯᠴᠢᠨ ᠲᠠᠷᠢᠶᠠᠴᠢᠳ ᠲᠤ ᠲᠤᠰᠢᠶᠠᠬᠤ ᠬᠡᠷᠡᠭᠲᠡᠢ᠃ | ︵ᠬᠤᠶᠠᠷ︶ ᠬᠡᠷᠡᠭᠵᠢᠭᠦᠯᠬᠦ ᠲᠥᠰᠥᠯ ᠲᠣᠭᠲᠠᠭᠠᠵᠤ᠂ ᠳᠦᠷᠢᠮ ᠲᠣᠭᠲᠠᠭᠠᠯ ᠠᠷᠭ᠎ᠠ ᠬᠡᠮᠵᠢᠶ᠎ᠡ ᠶᠢ ᠪᠠᠶᠢᠭᠤᠯᠤᠨ | ᠲᠡᠭᠦᠯᠳᠡᠷᠵᠢᠭᠦᠯᠬᠦ ᠬᠡᠷᠡᠭᠲᠡᠢ | ᠬᠥᠯᠥᠨ ᠪᠤᠶᠢᠷ ᠬᠤᠲᠠ ᠶᠢᠨ ᠳᠠᠷᠤᠮᠠᠯᠯᠠᠨ ᠲᠠᠷᠬᠠᠭᠠᠭᠰᠠᠨ ᠬᠡᠷᠡᠭᠵᠢᠭᠦᠯᠬᠦ ᠲᠥᠰᠥᠯ ᠶᠣᠰᠣᠭᠠᠷ᠂ ᠲᠣᠰ | ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠠᠨ ᠤ ᠬᠤᠰᠢᠭᠤᠨ ᠤ ᠬᠡᠷᠡᠭᠵᠢᠭᠦᠯᠬᠦ ᠲᠥᠰᠥᠯ | ᠪᠠ ᠠᠵᠢᠯ ᠤᠨ ᠲᠥᠯᠥᠪᠯᠡᠭᠡ ᠶᠢ ᠲᠣᠭᠲᠠᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ | ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠪᠠᠶᠢᠷᠢᠰᠢᠭᠤᠯᠤᠯᠲᠠ᠂ ᠲᠥᠷᠥ ᠶᠢᠨ | ᠪᠣᠳᠣᠯᠭ᠎ᠠ ᠲᠣᠭᠲᠠᠭᠠᠬᠤ᠂ ᠬᠢᠨᠠᠯᠲᠠ ᠬᠠᠮᠢᠶᠠᠷᠤᠯᠲᠠ ᠪᠠ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢᠨ | ᠲᠠᠯ᠎ᠠ ᠪᠠᠷ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠮᠠᠨ ᠤ ᠬᠤᠰᠢᠭᠤ ᠲᠥᠰᠥᠯ ᠲᠣᠭᠲᠠᠭᠠᠬᠤ | ᠶᠠᠪᠤᠴᠠ ᠳᠤ ᠡᠯ᠎ᠡ ᠲᠠᠯ᠎ᠠ ᠶᠢᠨ ᠰᠠᠨᠠᠯ ᠢ ᠥᠷᠭᠡᠨ ᠢᠶᠠᠷ ᠬᠤᠷᠢᠶᠠᠵᠤ᠂ ᠮᠠᠯᠴᠢᠨ ᠲᠠᠷᠢᠶᠠᠴᠢᠳ ᠤᠨ ᠬᠦᠰᠡᠯ ᠰᠠᠨᠠᠯ ᠢ | ᠬᠦᠨᠳᠦᠳᠬᠡᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ | ᠰᠡᠯᠭᠦᠨ ᠮᠠᠯᠵᠢᠬᠤ ᠣᠷᠣᠨ︶ ᠢ ᠵᠠᠭᠠᠭᠯᠠᠨ ᠲᠣᠭᠲᠠᠭᠠᠭᠰᠠᠨ ᠪᠠᠶᠢᠳᠠᠯ᠂ ᠨᠥᠬᠦᠪᠦᠷᠢ ᠱᠠᠩᠨᠠᠯ ᠤᠨ ᠪᠠᠷᠢᠮᠵᠢᠶ᠎ᠠ᠂ | ᠮᠠᠯᠴᠢᠳ ᠤᠨ ᠡᠳ᠋ᠯᠡᠬᠦ ᠲᠥᠷᠥ ᠶᠢᠨ ᠪᠣᠳᠣᠯᠭ᠎ᠠ ᠵᠡᠷᠭᠡ ᠦᠨᠳᠦᠰᠦᠨ ᠮᠡᠳᠡᠭᠡ ᠵᠠᠩᠭᠢ ᠶᠢᠨ ᠪᠠᠶᠢᠳᠠᠯ ᠢ ᠲᠣᠰ ᠭᠠᠵᠠᠷ | ᠣᠷᠣᠨ ᠳᠤ ᠨᠡᠶᠢᠲᠡᠯᠡᠵᠦ᠂ ᠨᠡᠶᠢᠭᠡᠮ ᠨᠡᠶᠢᠲᠡ ᠳᠤ ᠥᠷᠭᠡᠨ ᠢᠶᠠᠷ ᠮᠡᠳᠡᠷᠡᠭᠳᠡᠵᠦ᠂ ᠭᠤᠷᠪᠠᠳᠤᠭᠠᠷ ᠡᠭᠡᠯᠵᠢ ᠶᠢᠨ | ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠤᠷᠤᠭᠰᠢᠲᠠᠢ ᠶᠠᠪᠤᠭᠳᠠᠬᠤ ᠶᠢ | ᠪᠠᠲᠤᠯᠠᠵᠤ᠂ ᠬᠠᠤᠯᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ᠃ ᠲᠣᠭᠲᠠᠭᠠᠭᠰᠠᠨ ᠬᠡᠷᠡᠭᠵᠢᠭᠦᠯᠬᠦ | ᠲᠥᠰᠥᠯ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠵᠦ ᠬᠡᠷᠡᠭᠵᠢᠭᠦᠯᠦᠨ᠎ᠡ᠃ | ︵ᠭᠤᠷᠪᠠ︶ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ | ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ | ᠳᠦᠷᠢᠮᠵᠢᠭᠦᠯᠬᠦ ᠬᠡᠷᠡᠭᠲᠡᠢ᠃ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠨ ᠨᠤᠲᠤᠭ ᠪᠡᠯᠴᠢᠭᠡᠷ ᠤᠨ ᠨᠦᠬᠦᠪᠦᠷᠢ | ᠱᠠᠩᠨᠠᠯ ᠤᠨ ᠮᠥᠩᠭᠦ ᠶᠢ ᠲᠤᠬᠠᠢ ᠶᠢᠨ ᠵᠢᠯ ᠳᠤ ᠮᠠᠯᠴᠢᠨ ᠲᠠᠷᠢᠶᠠᠴᠢᠳ ᠲᠤ ᠴᠠᠭ ᠲᠤᠬᠠᠢ ᠳᠤᠨᠢ ᠲᠤᠭ᠎ᠠ ᠶᠣᠰᠣᠭᠠᠷ | ᠣᠯᠭᠤᠬᠤ ᠶᠢᠨ ᠬᠠᠮᠲᠤ᠂ ᠺᠠᠷᠲ ᠲᠤ ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠤᠨ ᠨᠡᠷᠡᠶᠢᠳᠦᠯ ᠢ | ᠲᠣᠳᠣᠷᠬᠠᠶᠢᠯᠠᠬᠤ ᠬᠡᠷᠡᠭᠲᠡᠢ᠃ ᠨᠦᠬᠦᠪᠦᠷᠢ ᠮᠥᠩᠭᠦ ᠲᠠᠷᠬᠠᠭᠠᠬᠤ ᠳᠤ ᠭᠠᠴᠠᠭ᠎ᠠ ᠲᠣᠰᠬᠤᠨ ᠤ ᠱᠠᠲᠤᠨ ᠳᠤ ᠢᠯᠡ | ᠨᠡᠶᠢᠲᠡᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠬᠤᠰᠢᠭᠤᠨ ᠤ ᠨᠠᠮ ᠤᠨ | ᠬᠤᠷᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠠ ᠬᠢᠨᠠᠨ ᠪᠤᠳᠤᠬᠤ | ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠲᠥᠷᠥ ᠶᠢᠨ ᠪᠣᠳᠣᠯᠭ᠎ᠠ ᠶᠢᠨ ᠡᠭᠦᠷᠭᠡ ᠪᠠ ᠪᠡᠯᠡ ᠮᠥᠩᠭᠦ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ | ᠨᠦᠬᠦᠪᠦᠷᠢ ᠱᠠᠩᠨᠠᠯ ᠤᠨ ᠮᠥᠩᠭᠦ ᠶᠢ ᠰᠠᠭᠤᠯᠭᠠᠨ ᠠᠪᠬᠤ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ | ᠳᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ᠂ ᠨᠤᠲᠤᠭ ᠪᠡᠯᠴᠢᠭᠡᠷ ᠤᠨ ᠬᠠᠮᠠᠭᠠᠯᠠᠯᠲᠠ ᠵᠢᠴᠢ ᠬᠠᠮᠢᠶᠠᠷᠤᠨ | ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ︔ ᠬᠤᠰᠢᠭᠤ ᠬᠤᠲᠠ ᠲᠣᠭᠤᠷᠢᠭ ᠤᠨ ᠨᠦᠬᠦᠪᠦᠷᠢ | ᠱᠠᠩᠨᠠᠯ ᠤᠨ ᠮᠥᠩᠭᠦ ᠶᠢ ᠲᠠᠷᠬᠠᠭᠠᠬᠤ ᠳᠤ ᠵᠠᠷᠴᠢᠮ ᠳᠡᠭᠡᠷ᠎ᠡ ᠪᠠᠨ ᠦᠯᠡᠳᠡᠪᠦᠷᠢ ᠭᠠᠷᠭᠠᠵᠤ ᠪᠣᠯᠬᠤ ᠦᠭᠡᠢ᠂ ᠣᠨᠴᠠᠭᠠᠢ | ᠪᠠᠶᠢᠳᠠᠯ ᠠᠴᠠ ᠪᠣᠯᠵᠤ ᠪᠣᠶ ᠪᠣᠯᠤᠭᠰᠠᠨ ᠨᠦᠬᠦᠪᠦᠷᠢ ᠱᠠᠩᠨᠠᠯ ᠤᠨ ᠦᠯᠡᠳᠡᠪᠦᠷᠢ ᠮᠥᠩᠭᠦ ᠶᠢ ᠴᠠᠭ ᠲᠤᠬᠠᠢ ᠳᠤᠨᠢ | ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠪᠡᠯᠡ ᠮᠥᠩᠭᠦ ᠶᠢᠨ ᠦᠯᠡᠳᠡᠪᠦᠷᠢ ᠶᠢᠨ | ᠪᠠᠶᠢᠳᠠᠯ ᠢᠶᠠᠨ ᠱᠠᠲᠤ ᠳᠠᠷᠠᠭᠠᠯᠠᠨ ᠮᠡᠳᠡᠭᠦᠯᠵᠦ᠂ ᠪᠣᠳᠠᠲᠠᠢ ᠪᠠᠶᠢᠳᠠᠯ ᠲᠠᠢ ᠤᠶᠠᠯᠳᠤᠭᠤᠯᠤᠨ ᠨᠤᠲᠤᠭ ᠪᠡᠯᠴᠢᠭᠡᠷ ᠤᠨ | ᠠᠮᠢ ᠠᠬᠤᠢ ᠶᠢ ᠰᠡᠷᠭᠦᠭᠡᠬᠦ ᠪᠠ ᠬᠠᠮᠠᠭᠠᠯᠠᠵᠤ ᠪᠦᠲᠦᠭᠡᠨ ᠪᠠᠶᠢᠭᠤᠯᠬᠤ᠂ ᠨᠤᠲᠤᠭ ᠪᠡᠯᠴᠢᠭᠡᠷ ᠢ ᠬᠠᠮᠢᠶᠠᠷᠤᠨ | ᠬᠠᠮᠠᠭᠠᠯᠠᠬᠤ ᠡᠩᠨᠡᠭᠡ ᠶᠢᠨ ᠲᠣᠰ ᠪᠡᠶ᠎ᠡ ᠶᠢᠨ ᠪᠠᠶᠢᠭᠤᠯᠤᠯᠲᠠ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠬᠦ ᠬᠡᠷᠡᠭᠲᠡᠢ᠃ | ︵ᠳᠥᠷᠪᠡ︶ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠦᠯᠡᠳᠡᠪᠦᠷᠢ | ᠪᠡᠯᠡ ᠮᠥᠩᠭᠦ ᠶᠢ ᠰᠠᠶᠢᠲᠤᠷ ᠠᠰᠢᠭᠯᠠᠬᠤ ᠬᠡᠷᠡᠭᠲᠡᠢ | ︽ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠥᠯ ︵2021 ︱ | 2025 ᠣᠨ︶︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠬᠤᠶᠠᠳᠤᠭᠠᠷ ᠡᠭᠡᠯᠵᠢ ᠶᠢᠨ | ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠦᠯᠡᠳᠡᠪᠦᠷᠢ ᠪᠡᠯᠡ ᠮᠥᠩᠭᠦ ᠶᠢ ᠲᠤᠰᠬᠠᠢ ᠵᠣᠭᠤᠰ ᠢ ᠲᠤᠰᠬᠠᠢ | ᠵᠦᠢᠯ ᠳᠤ ᠬᠡᠷᠡᠭᠯᠡᠵᠦ᠂ ᠪᠣᠳᠠᠲᠠᠢ ᠲᠠᠢ ᠤᠶᠠᠯᠳᠤᠭᠤᠯᠤᠨ ᠦᠷᠭᠦᠯᠵᠢᠯᠡᠨ ᠨᠤᠲᠤᠭ ᠪᠡᠯᠴᠢᠭᠡᠷ ᠤᠨ ᠠᠮᠢ ᠠᠬᠤᠢ ᠶᠢ | ᠰᠡᠷᠭᠦᠭᠡᠬᠦ ᠪᠠ ᠬᠠᠮᠠᠭᠠᠯᠠᠵᠤ ᠪᠦᠲᠦᠭᠡᠨ ᠪᠠᠶᠢᠭᠤᠯᠬᠤ᠂ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠡᠩᠨᠡᠭᠡ ᠶᠢᠨ | ᠲᠣᠰ ᠪᠡᠶ᠎ᠡ ᠶᠢᠨ ᠪᠠᠶᠢᠭᠤᠯᠤᠯᠲᠠ ᠳᠤ ᠬᠡᠷᠡᠭᠯᠡᠨ᠎ᠡ᠃ | ︵ᠲᠠᠪᠤ︶ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠪᠠ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠪᠥᠭᠡᠳ | ᠴᠢᠩᠭ᠎ᠠ ᠬᠢᠨᠠᠮᠠᠭᠠᠢ ᠪᠠᠶᠢᠬᠤ ᠬᠡᠷᠡᠭᠲᠡᠢ | ᠵᠠᠷᠴᠢᠮ ᠳᠡᠭᠡᠷ᠎ᠡ ᠪᠠᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ | ᠣᠷᠣᠨ︶ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠳᠤ ᠳᠠᠭᠠᠭᠠᠴᠢᠯᠠᠬᠤ | ᠨᠢᠭᠡᠴᠡ ᠪᠠᠷ ᠶᠠᠪᠤᠭᠳᠠᠭᠤᠯᠬᠤ ᠬᠡᠷᠡᠭᠲᠡᠢ᠂ ᠲᠥᠪᠯᠡᠷᠡᠨ ᠵᠠᠯᠭᠠᠯᠳᠤᠭᠰᠠᠨ᠂ ᠠᠳᠠᠯᠢ ᠨᠢᠭᠡ ᠡᠷᠬᠡ ᠶᠢᠨ ᠬᠠᠷᠢᠶ᠎ᠠ ᠲᠠᠢ | ᠨᠤᠲᠤᠭ ᠪᠡᠯᠴᠢᠭᠡᠷ ᠳᠡᠭᠡᠷ᠎ᠡ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ | ᠪᠠᠶᠢᠬᠤ ᠪᠦᠭᠡᠳ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠠᠶᠢᠵᠤ ᠪᠣᠯᠬᠤ ᠦᠭᠡᠢ᠂ ᠭᠡᠪᠡᠴᠦ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠭᠤᠣᠯ ᠣᠷᠣᠨ᠂ ᠴᠢᠬᠤᠯᠠ ᠴᠢᠭᠢᠭᠯᠢᠭ ᠭᠠᠵᠠᠷ ᠪᠠ ᠨᠤᠲᠤᠭ ᠪᠡᠯᠴᠢᠭᠡᠷ ᠤᠨ ᠠᠮᠢ | ᠠᠬᠤᠢ ᠶᠢ ᠬᠠᠮᠠᠭᠠᠯᠠᠵᠤ ᠰᠡᠷᠭᠦᠭᠡᠬᠦ ᠢᠨᠵᠧᠨᠧᠷᠢᠩ ᠤᠨ ᠣᠷᠣᠨ ᠡᠭᠦᠨ ᠳᠤ ᠪᠠᠭᠲᠠᠬᠤ ᠦᠭᠡᠢ᠃ ᠣᠶ ᠰᠢᠭᠤᠢ ᠨᠤᠲᠤᠭ | ᠪᠡᠯᠴᠢᠭᠡᠷ ᠤᠨ ᠳᠠᠪᠬᠤᠴᠠᠭᠰᠠᠨ ᠲᠠᠯᠠᠪᠠᠶ ᠶᠢ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ | ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠵᠤ᠂ ᠨᠢᠭᠡᠨᠲᠡ | ᠲᠠᠲᠠᠪᠤᠷᠢᠯᠠᠨ ᠬᠡᠷᠡᠭᠯᠡᠭᠰᠡᠨ ᠨᠤᠲᠤᠭ ᠪᠡᠯᠴᠢᠭᠡᠷ ᠤᠨ ᠲᠠᠯᠠᠪᠠᠶ ᠶᠢ ᠬᠠᠰᠤᠵᠤ ᠬᠠᠶᠠᠬᠤ ᠬᠡᠷᠡᠭᠲᠡᠢ᠃ ᠪᠡᠯᠴᠢᠭᠡᠷᠯᠡᠭᠦᠯᠬᠦ ᠶᠢ | ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠤ | ︽ᠳᠥᠷᠪᠡᠨ ᠵᠠᠬ᠎ᠠ︾ ᠶᠢᠨ ᠵᠠᠭᠠᠭ ᠬᠢᠵᠠᠭᠠᠷ ᠨᠢ ᠲᠣᠳᠣᠷᠬᠠᠢ᠂ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠨᠢ | ᠲᠣᠳᠣᠷᠬᠠᠢ᠂ ᠬᠤᠯᠪᠣᠭᠳᠠᠬᠤ ᠮᠠᠯᠵᠢᠬᠤ ᠲᠠᠷᠢᠶᠠᠯᠠᠬᠤ ᠡᠷᠦᠬᠡ ᠵᠡᠷᠭᠡ ᠶᠢᠨ ᠪᠠᠶᠢᠳᠠᠯ ᠨᠢ ᠨᠠᠷᠢᠨ ᠪᠣᠳᠠᠲᠠᠢ ᠪᠠᠶᠢᠬᠤ | ᠬᠡᠷᠡᠭᠲᠡᠢ᠃ | ︵ᠵᠢᠷᠭᠤᠭ᠎ᠠ︶ ᠳᠤᠯᠠᠭᠠᠨ ᠤᠯᠠᠷᠢᠯ ᠤᠨ ᠪᠡᠯᠴᠢᠭᠡᠷ ᠤᠨ ᠳᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠬᠢᠨᠠᠨ | ᠲᠣᠭᠲᠠᠭᠠᠬᠤ ᠬᠡᠷᠡᠭᠲᠡᠢ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ | ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ ᠴᠢᠳᠠᠪᠤᠷᠢ ᠶᠢ ᠬᠢᠨᠠᠨ ᠬᠡᠮᠵᠢᠭᠰᠡᠨ ᠦᠷ᠎ᠡ ᠳ᠋ᠦᠩ ᠢ ᠦᠨᠳᠦᠰᠦᠯᠡᠨ᠂ | ᠬᠤᠯᠪᠣᠭᠳᠠᠯ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠣᠰᠣᠭᠠᠷ᠂ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ | ᠭᠠᠵᠠᠷ ᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ 2021 ︱ 2025 ᠣᠨ ᠤ ᠨᠤᠲᠤᠭ | ᠪᠡᠯᠴᠢᠭᠡᠷ ᠤᠨ ᠳᠤᠯᠠᠭᠠᠨ ᠤᠯᠠᠷᠢᠯ ᠤᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ | ᠬᠢᠨᠠᠨ ᠲᠣᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠤᠨ ᠨᠠᠶᠢᠳᠠᠪᠤᠷᠢᠵᠢᠭᠤᠯᠤᠯᠲᠠ ᠶᠢ | ᠬᠢᠨᠠᠨ ᠬᠠᠮᠢᠶᠠᠷᠬᠤ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ ᠳᠤᠯᠠᠭᠠᠨ ᠤᠯᠠᠷᠢᠯ ᠤᠨ ᠪᠡᠯᠴᠢᠭᠡᠷ ᠤᠨ | ᠪᠠᠭᠲᠠᠭᠠᠮᠵᠢ ᠶᠢ ᠬᠢᠨᠠᠨ ᠲᠣᠭᠲᠠᠭᠠᠬᠤ ᠳᠤ᠂ ᠲᠤᠰᠬᠠᠢ ᠮᠡᠷᠭᠡᠵᠢᠯᠲᠡᠨ ᠤ ᠨᠤᠲᠠᠯᠠᠯᠲᠠ ᠪᠠ ᠰᠠᠨᠠᠯ ᠬᠤᠷᠢᠶᠠᠬᠤ ᠠᠵᠢᠯ ᠢ | ᠰᠠᠶᠢᠲᠤᠷ ᠬᠢᠬᠦ ᠬᠡᠷᠡᠭᠲᠡᠢ᠃ ᠬᠢᠨᠠᠨ ᠲᠣᠭᠲᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠳᠦᠷᠢᠮ ᠢ ᠬᠡᠷᠡᠭᠵᠢᠭᠦᠯᠵᠦ᠂ | ᠮᠠᠯᠴᠢᠨ ᠲᠠᠷᠢᠶᠠᠴᠢᠨ ᠢ ᠨᠠᠩ ᠣᠯᠠᠨ ᠦᠭᠡ ᠬᠡᠯᠡᠬᠦ ᠡᠷᠬᠡ ᠲᠠᠢ ᠪᠣᠯᠭᠠᠨ᠎ᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ᠳᠤᠯᠠᠭᠠᠨ ᠤᠯᠠᠷᠢᠯ ᠤᠨ ᠪᠡᠯᠴᠢᠭᠡᠷ ᠤᠨ | ᠪᠠᠭᠲᠠᠭᠠᠮᠵᠢ ᠶᠢᠨ ᠪᠠᠷᠢᠮᠵᠢᠶ᠎ᠠ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ | ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾ ᠤᠨ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠢ | ᠦᠨᠳᠦᠰᠦᠯᠡᠪᠡᠯ᠄ ᠨᠢᠭᠡ ᠬᠤᠨᠢ ᠨᠢᠭᠡ ᠬᠤᠨᠢᠨ ᠤ ᠨᠢᠭᠡᠴᠢ ᠲᠠᠢ ᠲᠡᠩᠴᠡᠨ᠎ᠡ᠂ ᠨᠢᠭᠡ ᠦᠬᠡᠷ ᠲᠠᠪᠤᠨ ᠬᠤᠨᠢᠨ ᠤ | ᠨᠢᠭᠡᠴᠢ ᠲᠠᠢ ᠲᠡᠩᠴᠡᠨ᠎ᠡ᠂ ᠨᠢᠭᠡ ᠠᠳᠤᠭᠤ ᠵᠢᠷᠭᠤᠭᠠᠨ ᠬᠤᠨᠢᠨ ᠤ ᠨᠢᠭᠡᠴᠢ ᠲᠠᠢ ᠲᠡᠩᠴᠡᠨ᠎ᠡ᠂ ᠨᠢᠭᠡ ᠡᠯᠵᠢᠭᠡ | ᠭᠤᠷᠪᠠᠨ ᠬᠤᠨᠢᠨ ᠤ ᠨᠢᠭᠡᠴᠢ ᠲᠠᠢ ᠲᠡᠩᠴᠡᠨ᠎ᠡ᠂ ᠨᠢᠭᠡ ᠯᠠᠭᠤᠰᠠ ᠲᠠᠪᠤᠨ ᠬᠤᠨᠢᠨ ᠤ ᠨᠢᠭᠡᠴᠢ ᠲᠠᠢ ᠲᠡᠩᠴᠡᠨ᠎ᠡ᠂ | ᠨᠢᠭᠡ ᠲᠡᠮᠡᠭᠡ ᠲᠤᠯᠤᠭᠠᠨ ᠬᠤᠨᠢᠨ ᠤ ᠨᠢᠭᠡᠴᠢ ᠲᠠᠢ ᠲᠡᠩᠴᠡᠨ᠎ᠡ᠃ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠨᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ ᠲᠠᠢ ᠬᠠᠮᠲᠤᠷᠠᠨ | ᠡᠷᠦᠬᠡ ᠳᠠᠷᠠᠭᠠᠯᠠᠨ ᠳᠤᠯᠠᠭᠠᠨ ᠤᠯᠠᠷᠢᠯ ᠤᠨ ᠪᠣᠳᠠᠲᠠᠢ ᠪᠡᠯᠴᠢᠭᠡᠷ ᠤᠨ ᠳᠠᠭᠠᠭᠠᠴᠠ ᠶᠢ ᠬᠢᠨᠠᠨ ᠲᠣᠭᠲᠠᠭᠠᠬᠤ ᠬᠡᠷᠡᠭᠲᠡᠢ᠃ | ᠬᠡᠷᠪᠡ ᠣᠨᠳᠣᠣ ᠰᠠᠨᠠᠯ ᠲᠠᠢ ᠪᠣᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠳᠤ ᠳᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠣᠨ᠎ᠠ᠃ | ︵ᠲᠤᠯᠤᠭ᠎ᠠ︶ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ | ᠲᠤᠭ᠎ᠠ ᠪᠠᠷᠢᠮᠲᠠ ᠣᠷᠣᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ | ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠢᠯ ᠪᠦᠷᠢ ᠶᠢᠨ 12 ᠰᠠᠷ᠎ᠠ ᠳᠤ ᠮᠠᠯᠴᠢᠨ | ᠲᠠᠷᠢᠶᠠᠴᠢᠳ ᠲᠤ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ ᠤᠨ ᠲᠤᠬᠠᠢ ᠶᠢᠨ ᠵᠢᠯ ᠤᠨ ᠲᠤᠭ᠎ᠠ ᠪᠠᠷᠢᠮᠲᠠ ᠶᠢ ᠪᠢᠴᠢᠵᠦ ᠣᠷᠣᠭᠤᠯᠬᠤ ᠠᠵᠢᠯ ᠢ ᠪᠡᠶᠡᠯᠡᠭᠦᠯᠵᠦ᠂ ᠲᠤᠭ᠎ᠠ | ᠪᠠᠷᠢᠮᠲᠠ ᠶᠢ ᠪᠦᠷᠢᠨ ᠪᠦᠲᠦᠨ ᠣᠨᠣᠪᠴᠢᠲᠠᠶ ᠪᠢᠴᠢᠵᠦ ᠣᠷᠣᠭᠤᠯᠬᠤ ᠶᠢ ᠱᠠᠭᠠᠷᠳᠠᠨ᠎ᠠ᠃ ᠬᠢᠨᠠᠨ ᠪᠤᠳᠤᠬᠤ ᠰᠠᠯᠠᠭ᠎ᠠ | ᠮᠥᠴᠢᠷ ᠨᠤᠲᠤᠭ ᠪᠡᠯᠴᠢᠭᠡᠷ ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢᠶᠠᠷ ᠳᠡᠮᠵᠢᠨ᠂ ᠨᠤᠲᠤᠭ | ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠢ ᠬᠠᠷᠭᠤᠭᠤᠯᠤᠨ ᠬᠢᠨᠠᠵᠤ᠂ ᠰᠢᠰᠲ᠋ᠧᠮ ᠳᠤ ᠣᠷᠣᠭᠤᠯᠬᠤ ᠪᠠ | ᠨᠥᠬᠦᠪᠦᠷᠢ ᠱᠠᠩᠨᠠᠯ ᠤᠨ ᠮᠥᠩᠭᠦ ᠶᠢ ᠪᠡᠶᠡᠯᠡᠭᠦᠯᠬᠦ ᠴᠠᠭ ᠢ ᠠᠳᠠᠯᠢ ᠠᠯᠬᠤᠮ ᠲᠠᠢ ᠪᠠᠶᠢᠯᠭᠠᠬᠤ ᠶᠢ ᠱᠠᠭᠠᠷᠳᠠᠨ᠎ᠠ᠃ | ︵ᠨᠠᠢᠮᠠ︶ ᠨᠤᠲᠤᠭ ᠪᠡᠯᠴᠢᠭᠡᠷ ᠢ ᠡᠷᠭᠢᠯᠲᠡ ᠳᠤ ᠣᠷᠣᠭᠤᠯᠬᠤ ᠠᠵᠢᠯᠯᠠᠭ᠎ᠠ ᠶᠢ ᠳᠦᠷᠢᠮᠵᠢᠭᠦᠯᠦᠨ᠂ | ᠲᠦᠷᠢᠶᠡᠰᠦᠯᠡᠭᠦᠯᠦᠭᠰᠡᠨ ᠨᠤᠲᠤᠭ ᠪᠡᠯᠴᠢᠭᠡᠷ ᠢ ᠬᠢᠨᠠᠨ ᠬᠠᠮᠢᠶᠠᠷᠬᠤ ᠳᠤ ᠬᠦᠴᠢᠷᠲᠡᠢ ᠪᠠᠶᠢᠬᠤ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ | ᠡᠷᠭᠢᠯᠲᠡ ᠳᠤ ᠣᠷᠣᠭᠤᠯᠤᠭᠰᠠᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢ ᠤᠤᠯ ᠤᠨ | ᠳᠠᠭᠠᠭᠠᠴᠢᠯᠠᠭᠴᠢ ᠠᠴᠠ ᠠᠪᠬᠤ ᠬᠡᠷᠡᠭᠲᠡᠢ᠃ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ ᠳᠤ ᠬᠦᠷᠴᠦ ᠳᠠᠩᠰᠠᠯᠠᠭᠤᠯᠤᠭᠰᠠᠨ ᠦᠭᠡᠢ ᠨᠢᠭᠡᠨᠲᠡ ᠡᠷᠭᠢᠯᠲᠡ ᠳᠤ ᠣᠷᠣᠭᠤᠯᠤᠭᠰᠠᠨ | ᠪᠡᠯᠴᠢᠭᠡᠷ ᠲᠤ ᠲᠤᠬᠠᠢ ᠶᠢᠨ ᠵᠢᠯ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠣᠯᠭᠤᠬᠤ ᠶᠢ ᠵᠣᠭᠰᠣᠭᠠᠭᠰᠠᠨ ᠢ | ᠣᠯᠵᠤ ᠮᠡᠳᠡᠪᠡᠯ᠂ ᠳᠠᠩᠰᠠᠯᠠᠭᠰᠠᠨ ᠤ ᠳᠠᠷᠠᠭ᠎ᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ | ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠶᠢᠴᠠᠭᠠᠨ ᠲᠣᠳᠣᠯᠠᠬᠤ ᠶᠢᠨ ᠬᠠᠮᠲᠤ᠂ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ | ᠱᠠᠭᠠᠷᠳᠠᠯᠭ᠎ᠠ ᠶᠢ ᠪᠡᠶᠡᠯᠡᠭᠦᠯᠦᠭᠰᠡᠨ ᠪᠠᠶᠢᠪᠠᠯ᠂ ᠨᠦᠬᠦᠪᠦᠷᠢ ᠣᠯᠭᠤᠬᠤ ᠶᠢ ᠰᠡᠷᠭᠦᠭᠡᠵᠦ ᠪᠣᠯᠣᠨ᠎ᠠ᠃ ᠬᠡᠷᠪᠡ ᠲᠣᠭᠲᠠᠭᠠᠯ | ᠠᠴᠠ ᠵᠥᠷᠢᠴᠡᠨ ᠮᠠᠯ ᠮᠠᠯᠵᠢᠭᠰᠠᠨ ᠪᠠ ᠳᠠᠭᠠᠭᠠᠴᠠ ᠠᠴᠠ ᠬᠡᠲᠦᠷᠡᠭᠦᠯᠦᠨ ᠮᠠᠯᠵᠢᠭᠰᠠᠨ ᠠᠰᠠᠭᠤᠳᠠᠯ ᠪᠠᠶᠢᠬᠤ ᠶᠢ | ᠣᠯᠵᠤ ᠮᠡᠳᠡᠪᠡᠯ᠂ ᠲᠤᠬᠠᠢ ᠶᠢᠨ ᠵᠢᠯ ᠤᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ | ᠪᠣᠳᠣᠯᠭ᠎ᠠ ᠶᠢᠨ ᠬᠢᠷᠢ ᠬᠡᠮ ᠢ ᠬᠦᠴᠦᠨ ᠦᠭᠡᠢ ᠪᠣᠯᠭᠠᠨ᠎ᠠ᠃ | ︵ᠶᠢᠰᠦ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠢ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ | ᠳᠦᠷᠢᠮ ᠤᠨ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ | ᠨᠠᠶᠢᠳᠠᠪᠤᠷᠢᠵᠢᠭᠤᠯᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠣᠷᠣᠨ ᠳᠠᠬᠢ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠠᠵᠢᠯ ᠢ | ᠬᠠᠷᠢᠭᠤᠴᠠᠨ᠎ᠠ᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠣᠰ ᠬᠠᠷᠢᠶ᠎ᠠ ᠣᠷᠣᠨ ᠳᠠᠬᠢ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠠᠵᠢᠯ ᠢ | ᠪᠣᠳᠠᠲᠠᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ | ︵ᠠᠷᠪᠠ︶ ᠨᠤᠲᠤᠭ ᠪᠡᠯᠴᠢᠭᠡᠷ ᠤᠨ ᠲᠤᠰᠬᠠᠢ ᠬᠠᠮᠢᠶᠠᠷᠤᠨ ᠬᠠᠮᠠᠭᠠᠯᠠᠭᠴᠢ ᠶᠢᠨ ᠳᠦᠷᠢᠮ ᠢ ᠬᠡᠷᠡᠭᠵᠢᠭᠦᠯᠵᠦ᠂ | ᠲᠣᠣᠷᠵᠢᠭᠤᠯᠤᠭᠰᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠢ | ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠨᠤᠲᠤᠭ ᠪᠡᠯᠴᠢᠭᠡᠷ ᠤᠨ | ᠬᠠᠮᠢᠶᠠᠷᠤᠨ ᠬᠠᠮᠠᠭᠠᠯᠠᠬᠤ ᠲᠣᠣᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠰᠤᠮᠤ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠲᠤᠰᠬᠠᠢ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠲᠣᠬᠢᠷᠠᠭᠤᠯᠤᠨ᠂ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ | ᠴᠠᠯᠢᠩ ᠬᠦᠯᠦᠰᠦ ᠶᠢᠨ ᠠᠵᠢᠯ ᠤᠨ ᠠᠮᠵᠢᠯᠲᠠ ᠪᠦᠲᠦᠮᠵᠢ ᠶᠢᠨ ᠳᠦᠷᠢᠮ ᠢ ᠬᠡᠷᠡᠭᠵᠢᠭᠦᠯᠵᠦ᠂ ᠰᠠᠷ᠎ᠠ ᠪᠦᠷᠢ | ᠴᠠᠯᠢᠩ ᠬᠦᠯᠦᠰᠦ ᠶᠢᠨ 30% ᠶᠢ ᠰᠣᠩᠭᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠪᠣᠯᠭᠠᠵᠤ᠂ ᠬᠠᠭᠠᠰ | ᠵᠢᠯ ᠳᠤ ᠨᠢᠭᠡ ᠤᠳᠠᠭ᠎ᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠣᠯᠭᠤᠨ᠎ᠠ᠃ ᠨᠤᠲᠤᠭ | ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠲᠣᠭᠤᠷᠢᠨ ᠪᠠᠶᠢᠴᠠᠭᠠᠬᠤ ᠳᠦᠷᠢᠮ ᠪᠠ ᠨᠤᠲᠤᠭ ᠪᠡᠯᠴᠢᠭᠡᠷ ᠤᠨ | ᠬᠠᠮᠢᠶᠠᠷᠤᠨ ᠬᠠᠮᠠᠭᠠᠯᠠᠭᠴᠢ ᠶᠢ ᠬᠢᠨᠠᠨ ᠰᠢᠯᠭᠠᠬᠤ ᠪᠠ ᠱᠠᠩᠨᠠᠵᠤ ᠲᠣᠷᠭᠠᠬᠤ ᠳᠦᠷᠢᠮ ᠢ ᠪᠠᠶᠢᠭᠤᠯᠤᠨ | ᠲᠡᠭᠦᠯᠳᠡᠷᠵᠢᠭᠦᠯᠬᠦ ᠬᠡᠷᠡᠭᠲᠡᠢ᠃ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠣᠭᠤᠷᠢᠨ ᠪᠠᠶᠢᠴᠠᠭᠠᠭᠰᠠᠨ ᠡᠳᠦᠷ ᠤᠨ ᠲᠡᠮᠳᠡᠭᠯᠡᠯ ᠬᠢᠬᠦ᠂ ᠬᠠᠷᠢᠭᠤ | ᠮᠡᠳᠡᠭᠦᠯᠦᠯᠲᠡ ᠶᠢ ᠰᠣᠨᠣᠰᠬᠤ᠂ ᠰᠤᠷᠪᠤᠯᠵᠢᠯᠠᠨ ᠪᠠᠶᠢᠴᠠᠭᠠᠬᠤ ᠵᠡᠷᠭᠡ ᠬᠡᠯᠪᠡᠷᠢ ᠪᠠᠷ ᠳᠡᠮᠵᠢᠨ᠂ ᠲᠣᠭᠲᠠᠮᠠᠯ | ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠨᠤᠲᠤᠭ ᠪᠡᠯᠴᠢᠭᠡᠷ ᠤᠨ ᠠᠮᠢ ᠠᠬᠤᠢ ᠶᠢᠨ | ᠲᠣᠥᠷᠵᠢᠭᠤᠯᠤᠭᠴᠢ ᠶᠢ ᠰᠢᠯᠭᠠᠨ ᠬᠢᠨᠠᠬᠤ ᠪᠠ ᠦᠨᠡᠯᠡᠬᠦ ᠶᠢᠨ ᠬᠠᠮᠲᠤ᠂ ᠰᠢᠯᠭᠠᠨ ᠬᠢᠨᠠᠵᠤ ᠦᠨᠡᠯᠡᠭᠰᠡᠨ ᠦᠷ᠎ᠡ ᠳ᠋ᠦᠩ ᠢ | ᠨᠥᠬᠦᠪᠦᠷᠢ ᠬᠥᠯᠥᠰᠦ ᠣᠯᠭᠤᠮᠵᠢ ᠯᠤᠭ᠎ᠠ ᠬᠤᠯᠪᠣᠭᠳᠠᠭᠤᠯᠬᠤ ᠬᠡᠷᠡᠭᠲᠡᠢ᠃ ᠠᠵᠢᠯ ᠤᠨ ᠢᠯᠡᠷᠡᠯ ᠢᠶᠠᠷ ᠲᠣᠪᠣᠶᠢᠮ᠎ᠠ | ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢ ᠬᠥᠬᠢᠭᠦᠯᠦᠨ ᠱᠠᠩᠨᠠᠨ᠎ᠠ︔ ᠠᠵᠢᠯ ᠢᠶᠠᠨ ᠬᠢᠵᠦ ᠳᠡᠶᠢᠯᠬᠦ | ᠦᠭᠡᠢ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢ | ᠬᠡᠷᠡᠭᠯᠡᠵᠦ ᠪᠣᠯᠬᠤ ᠦᠭᠡᠢ᠃ ᠨᠤᠲᠤᠭ ᠪᠡᠯᠴᠢᠭᠡᠷ ᠤᠨ ᠲᠣᠥᠷᠵᠢᠭᠤᠯᠤᠭᠴᠢ ᠶᠢᠨ ᠬᠢᠨᠠᠨ ᠬᠠᠮᠢᠶᠠᠷᠤᠯᠲᠠ ᠶᠢ ᠦᠨᠡᠨᠬᠦ | ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠨ᠂ ᠠᠵᠢᠯ ᠤᠨ ᠰᠠᠬᠢᠯᠭ᠎ᠠ ᠪᠠᠲᠤ ᠶᠢ | ᠴᠢᠩᠳᠠᠯᠠᠵᠤ᠂ ᠨᠤᠲᠤᠭ ᠪᠡᠯᠴᠢᠭᠡᠷ ᠤᠨ ᠬᠠᠮᠢᠶᠠᠷᠴᠤ ᠬᠠᠮᠠᠭᠠᠯᠠᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ | ︵ᠠᠷᠪᠠᠨ ᠨᠢᠭᠡ︶ ᠮᠠᠭᠤᠳᠠᠭᠰᠠᠨ ᠨᠤᠲᠤᠭ ᠪᠡᠯᠴᠢᠭᠡᠷ ᠢ ᠰᠡᠷᠭᠦᠭᠡᠨ ᠵᠠᠰᠠᠬᠤ ᠶᠢ ᠴᠢᠩᠭᠠᠳᠬᠠᠬᠤ ᠬᠡᠷᠡᠭᠲᠡᠢ | ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠲᠥᠷᠥᠯ ᠵᠦᠢᠯ ᠢ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠠᠰᠢ ᠲᠥᠪᠯᠡᠷᠡᠭᠦᠯᠦᠨ ᠬᠡᠯᠪᠡᠶᠢᠯᠭᠡᠵᠦ᠂ ᠬᠦᠨᠳᠦ ᠨᠣᠴᠢᠲᠠᠢ ᠮᠠᠭᠤᠳᠠᠭᠰᠠᠨ᠂ | ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠭᠤᠣᠯᠳᠠᠯᠭ᠎ᠠ ᠲᠠᠢ ᠰᠡᠷᠭᠦᠭᠡᠨ ᠵᠠᠰᠠᠬᠤ ᠬᠡᠷᠡᠭᠲᠡᠢ᠃ 2020 ᠣᠨ ᠳᠤ | ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ ᠣᠷᠣᠨ ᠢ ᠠᠶᠠᠨᠳᠠᠭᠠᠨ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠣᠯᠭᠠᠨ ᠬᠤᠪᠢᠷᠠᠭᠤᠯᠵᠤ᠂ ᠨᠢᠭᠡᠨᠲᠡ ᠡᠬᠢᠯᠡᠨ ᠬᠡᠷᠡᠭᠵᠢᠭᠦᠯᠦᠭᠰᠡᠨ ᠨᠤᠲᠤᠭ | ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠲᠣᠭᠲᠠᠭᠤᠨ | ᠴᠢᠨᠠᠷ ᠪᠠ ᠦᠷᠭᠦᠯᠵᠢᠯᠡᠬᠦ ᠴᠢᠨᠠᠷ ᠢ ᠤᠯᠠᠮ ᠨᠢᠭᠡ ᠠᠯᠬᠤᠮ ᠪᠠᠲᠤᠯᠠᠵᠤ᠂ ᠠᠰᠢᠭ ᠭᠥᠷᠳᠡᠬᠦ ᠭᠤᠣᠯ ᠴᠣᠭᠴᠠ ᠶᠢᠨ | ᠬᠠᠤᠯᠢ ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠬᠤ ᠶᠢᠨ ᠲᠦᠯᠦᠭᠡ᠂ ᠨᠢᠭᠡᠨᠲᠡ ᠴᠣᠬᠤᠯᠠᠪᠤᠷᠢᠯᠠᠨ | ᠬᠡᠷᠡᠭᠵᠢᠭᠦᠯᠦᠭᠰᠡᠨ 2019 ᠣᠨ ᠤ ᠮᠠᠭᠤᠳᠠᠭᠰᠠᠨ ᠨᠤᠲᠤᠭ ᠪᠡᠯᠴᠢᠭᠡᠷ ᠲᠤ ᠬᠥᠮᠥᠨ ᠤ ᠬᠦᠴᠦ ᠪᠠᠷ ᠡᠪᠡᠰᠦ | ᠳᠠᠷᠢᠵᠤ ᠠᠮᠢ ᠠᠬᠤᠢ ᠶᠢ ᠰᠡᠷᠭᠦᠭᠡᠬᠦ ᠤᠯᠤᠰ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢ ᠬᠤᠪᠢᠷᠠᠭᠤᠯᠬᠤ ᠦᠭᠡᠢ ᠪᠠᠶᠢᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠭᠤᠷᠪᠠᠨ ᠵᠢᠯ ᠤᠨ ᠬᠤᠭᠤᠴᠠᠭᠠᠨ ᠳᠤ ᠣᠲᠣ ᠶᠢᠨ ᠬᠡᠷᠡᠭᠵᠢᠭᠦᠯᠵᠦ ᠪᠠᠶᠢᠭ᠎ᠠ ᠨᠤᠲᠤᠭ | ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠲᠤᠰᠬᠠᠢ ᠲᠥᠷᠥᠯ ᠵᠦᠢᠯ ᠤᠨ ᠠᠮᠢ ᠠᠬᠤᠢ ᠶᠢᠨ ᠨᠥᠬᠦᠪᠦᠷᠢ᠂ | ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢᠨ ᠪᠠᠷᠢᠮᠵᠢᠶ᠎ᠠ ᠶᠢ ᠬᠤᠪᠢᠷᠠᠭᠤᠯᠬᠤ ᠦᠭᠡᠢ᠃ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠪᠣᠯᠭᠠᠨ ᠬᠤᠪᠢᠷᠠᠭᠤᠯᠬᠤ ᠴᠢᠬᠤᠯᠠ ᠲᠠᠢ ᠪᠣᠯ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠲᠥᠷᠥᠯ ᠵᠦᠢᠯ ᠤᠨ ᠣᠷᠣᠨ ᠢ ᠦᠨᠡᠯᠡᠨ ᠵᠢᠱᠢᠵᠦ | ᠨᠤᠲᠠᠯᠠᠬᠤ ᠶᠢ ᠥᠷᠨᠢᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ | ᠪᠣᠯᠭᠠᠨ ᠬᠤᠪᠢᠷᠠᠭᠤᠯᠬᠤ ᠨᠥᠬᠦᠴᠡᠯ ᠢ ᠪᠦᠷᠢᠳᠦᠭᠦᠯᠦᠭᠰᠡᠨ ᠪᠠᠶᠢᠪᠠᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠬᠦ ᠬᠡᠷᠡᠭᠲᠡᠢ᠃ 2021 ᠣᠨ ᠤ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ | ᠭᠠᠵᠠᠷ ᠰᠢᠷᠣᠢ ᠶᠢ ᠪᠦᠬᠦᠨ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠤᠪᠢᠶᠠᠷᠢᠯᠠᠨ ᠣᠷᠣᠭᠤᠯᠵᠤ᠂ | ᠭᠤᠷᠪᠠᠳᠤᠭᠠᠷ ᠡᠭᠡᠯᠵᠢ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠰᠢᠭᠤᠳ ᠬᠦᠷᠲᠡᠵᠦ᠂ | ᠭᠤᠷᠪᠠᠳᠤᠭᠠᠷ ᠡᠭᠡᠯᠵᠢ ᠶᠢᠨ ᠬᠠᠮᠢᠶᠠᠷᠤᠨ ᠬᠠᠮᠠᠭᠠᠯᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠬᠤᠶᠢᠰᠢᠳᠠ ᠶᠢᠨ | ᠣᠨ ᠤ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠢ ᠪᠡᠯᠴᠢᠭᠡᠷᠯᠡᠭᠦᠯᠬᠦ ᠶᠢ ᠴᠠᠭᠠᠵᠠᠯᠠᠬᠤ | ᠣᠷᠣᠨ ᠲᠡᠰᠢ ᠭᠤᠣᠯᠳᠠᠯᠭ᠎ᠠ ᠲᠠᠢ ᠬᠡᠯᠪᠡᠶᠢᠯᠭᠡᠬᠦ ᠬᠡᠷᠡᠭᠲᠡᠢ᠃ | ︵ᠠᠷᠪᠠᠨ ᠬᠤᠶᠠᠷ︶ ᠢᠯᠡ ᠪᠠᠷ ᠨᠡᠶᠢᠲᠡᠯᠡᠬᠦ ᠳᠦᠷᠢᠮ ᠢ ᠪᠠᠶᠢᠭᠤᠯᠬᠤ ᠬᠡᠷᠡᠭᠲᠡᠢ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ | ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠢᠯᠡ ᠪᠠᠷ | ᠨᠡᠶᠢᠲᠡᠯᠡᠬᠦ ᠳᠦᠷᠢᠮ ᠢ ᠪᠠᠶᠢᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ ᠢᠶᠠᠷ ᠨᠢᠭᠡᠴᠡ ᠪᠣᠯᠭᠠᠨ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠢᠯᠡ ᠪᠠᠷ ᠨᠡᠶᠢᠲᠡᠯᠡᠬᠦ ᠬᠡᠷᠡᠭᠲᠡᠢ᠃ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ ᠮᠠᠯᠵᠢᠬᠤ ᠡᠷᠦᠬᠡ ᠪᠠᠷ ᠨᠢᠭᠡᠴᠡ ᠪᠣᠯᠭᠠᠵᠤ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠢᠯᠡ ᠪᠠᠷ ᠨᠡᠶᠢᠲᠡᠯᠡᠬᠦ ᠶᠢᠨ ᠬᠠᠮᠲᠤ᠂ ᠨᠦᠬᠦᠪᠦᠷᠢ ᠱᠠᠩᠨᠠᠯ ᠤᠨ ᠮᠥᠩᠭᠦ ᠶᠢ | ᠣᠯᠭᠤᠵᠤ ᠲᠣᠬᠢᠷᠠᠭᠤᠯᠤᠭᠰᠠᠨ ᠪᠠᠶᠢᠳᠠᠯ ᠢ ᠬᠠᠮᠲᠤ ᠳᠤᠨᠢ ᠢᠯᠡ ᠪᠠᠷ ᠨᠡᠶᠢᠲᠡᠯᠡᠬᠦ ᠬᠡᠷᠡᠭᠲᠡᠢ᠃ ᠢᠯᠡ ᠪᠠᠷ | ᠨᠡᠶᠢᠲᠡᠯᠡᠭᠰᠡᠨ ᠪᠦᠬᠦ ᠪᠠᠶᠢᠳᠠᠯ ᠳᠤ ᠡᠯᠧᠺᠲᠷᠣᠨ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠦᠯᠡᠳᠡᠭᠡᠨ | ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠨ᠎ᠡ᠃ | ᠢᠯᠡ ᠪᠠᠷ ᠨᠡᠶᠢᠲᠡᠯᠡᠬᠦ ᠳᠤ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ᠂ ᠠᠴᠢᠶᠠᠯᠠᠪᠤᠷᠢ ᠨᠢ ᠣᠯᠠᠨ | ᠶᠠᠩᠵᠤ ᠶᠢᠨ ᠪᠠᠶᠢᠬᠤ ᠬᠡᠷᠡᠭᠲᠡᠢ᠂ ᠲᠣᠰ ᠬᠠᠮᠲᠤ ᠶᠢᠨ ᠵᠣᠬᠢᠶᠠᠨ ᠪᠠᠶᠢᠭᠤᠯᠤᠯᠲᠠ ᠶᠢᠨ ᠳᠣᠲᠣᠷ᠎ᠠ ᠪᠠᠨ ᠢᠯᠡ | ᠨᠡᠶᠢᠲᠡᠯᠡᠬᠦ ᠠᠴᠠ ᠭᠠᠳᠠᠨ᠎ᠠ᠂ ᠪᠠᠰᠠ ᠲᠧᠯᠸᠢᠰ ᠵᠠᠭᠤᠴᠢᠯᠠᠭᠤᠷ᠂ ᠲᠤᠬᠠᠢ ᠶᠢᠨ ᠭᠠᠵᠠᠷ ᠤᠨ ᠢᠨᠲ᠋ᠧᠷ ᠰᠦᠯᠵᠢᠶ᠎ᠡ᠂ | ᠸᠢᠴᠠᠲ ᠣᠯᠠᠨ ᠨᠡᠶᠢᠲᠡ ᠶᠢᠨ ᠲᠠᠪᠴᠠᠩ ᠵᠡᠷᠭᠡ ᠪᠠᠷ ᠳᠠᠮᠵᠢᠨ ᠢᠯᠡ ᠨᠡᠶᠢᠲᠡᠯᠡᠬᠦ ᠬᠡᠷᠡᠭᠲᠡᠢ᠃ ᠢᠯᠡ ᠪᠠᠷ ᠨᠡᠶᠢᠲᠡᠯᠡᠬᠦ | ᠬᠤᠭᠤᠴᠠᠭ᠎ᠠ ᠶᠢ 7 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠡᠭᠦᠨ ᠳᠤ ᠰᠦᠯᠵᠢᠶᠡᠨ ᠳᠡᠭᠡᠷ᠎ᠡ ᠢᠯᠡ | ᠨᠡᠶᠢᠲᠡᠯᠡᠬᠦ ᠶᠢ ᠣᠷᠳᠣ ᠬᠤᠭᠤᠴᠠᠭ᠎ᠠ ᠪᠠᠷ ᠬᠡᠪ ᠢᠶᠠᠷ ᠨᠢ ᠪᠠᠶᠢᠯᠭᠠᠬᠤ ᠬᠡᠷᠡᠭᠲᠡᠢ᠃ | | |