ᠨᠠᠢᠮᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ | ᠲᠥᠷᠥ ᠶᠢᠨ ᠪᠣᠳᠣᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠲᠤᠰᠬᠠᠢ ᠠᠵᠢᠯᠯᠠᠬᠤ ᠠᠩᠭᠢ | ᠪᠠᠶᠢᠭᠤᠯᠤᠨ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ | ᠲᠥᠷᠥ ᠶᠢᠨ ᠪᠣᠳᠣᠯᠭ᠎ᠠ ᠪᠠ ᠪᠡᠯᠡ ᠮᠦᠩᠭᠦᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠡᠯ᠎ᠡ ᠰᠤᠮᠤ ᠪᠠᠯᠭᠠᠰᠤ ᠵᠣᠬᠢᠴᠠᠯᠳᠤᠭᠰᠠᠨ ᠠᠵᠢᠯ ᠤᠨ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ | ᠠᠵᠢᠯ ᠤᠨ ᠤᠳᠤᠷᠢᠳᠬᠤ ᠳᠤᠭᠤᠶᠢᠯᠠᠩ ᠬᠤᠯᠪᠣᠭᠳᠠᠯ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ ᠶᠢ ᠰᠤᠳᠤᠯᠤᠨ | ᠲᠣᠭᠲᠠᠭᠠᠵᠤ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠪᠠ ᠴᠢᠬᠤᠯᠠ ᠶᠡᠭᠡ | ᠶᠠᠪᠤᠳᠠᠯ ᠢ ᠨᠠᠶᠢᠳᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ᠃ ᠬᠤᠰᠢᠭᠤ᠂ ᠰᠤᠮᠤ | ᠪᠠᠯᠭᠠᠰᠤ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ | ᠦᠢᠯᠡᠳᠪᠦᠷᠢᠯᠡᠯ ᠤᠨ ᠪᠠᠷᠢᠭᠠᠳᠠ︶ ᠤ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠰᠤᠮᠤ ᠪᠠᠯᠭᠠᠰᠤ ᠶᠢᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠦᠢᠯᠡᠳᠪᠦᠷᠢᠯᠡᠯ ᠤᠨ ᠪᠠᠷᠢᠭᠠᠳᠠ︶ ᠤ ᠱᠠᠩᠨᠠᠵᠤ | ᠲᠣᠷᠭᠠᠬᠤ ᠡᠷᠬᠡ ᠬᠠᠷᠢᠭᠤᠴᠠᠯᠭ᠎ᠠ ᠶᠢ ᠴᠢᠩᠭᠠᠳᠬᠠᠵᠤ᠂ ᠮᠠᠯᠴᠢᠨ ᠲᠠᠷᠢᠶᠠᠴᠢᠳ ᠤᠨ ︽ᠠᠮᠢ ᠠᠬᠤᠢ ᠶᠢ ᠤᠷᠢᠳᠠᠪᠠᠷ | ᠪᠣᠳᠣᠯᠬᠢᠯᠠᠨ᠂ ᠪᠣᠬᠢᠷᠳᠤᠯ ᠦᠭᠡᠢ ᠪᠠᠷ ᠬᠥᠭᠵᠢᠭᠦᠯᠬᠦ︾ ᠡᠵᠡᠩᠨᠡᠯᠲᠡ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠂ | ᠳᠡᠭᠡᠷ᠎ᠡ ᠠᠴᠠ ᠳᠣᠷᠣᠭᠰᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠣᠶ ᠪᠣᠯᠭᠠᠵᠤ᠂ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ︵ᠰᠡᠯᠭᠦᠨ ᠮᠠᠯᠵᠢᠬᠤ︶ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ | ᠬᠠᠷᠢᠭᠤᠴᠠᠯᠭ᠎ᠠ ᠶᠢᠨ ᠪᠢᠴᠢᠭ ᠲᠤ ᠱᠠᠲᠤ ᠱᠠᠲᠤ ᠪᠠᠷ ᠭᠠᠷ ᠤᠨ ᠥᠰᠥᠭ ᠵᠢᠷᠤᠵᠤ᠂ ᠨᠢᠭᠡ ᠱᠠᠲᠤ ᠨᠢ ᠨᠢᠭᠡ | ᠱᠠᠲᠤ ᠪᠠᠨ ᠠᠳᠬᠤᠵᠤ᠂ ᠱᠠᠲᠤ ᠱᠠᠲᠤ ᠪᠠᠷ ᠬᠠᠮᠢᠶᠠᠷᠬᠤ ᠬᠥᠮᠥᠨ ᠲᠠᠢ᠂ ᠶᠠᠪᠤᠳᠠᠯ ᠪᠣᠯᠭᠠᠨ ᠳᠤ ᠭᠦᠢᠴᠡᠳᠬᠡᠬᠦ | ᠬᠥᠮᠥᠨ ᠲᠠᠢ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠥᠷᠥ ᠶᠢᠨ | ᠪᠣᠳᠣᠯᠭ᠎ᠠ ᠶᠢᠨ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃ᠤᠳᠤᠷᠢᠳᠬᠤ ᠳᠤᠭᠤᠶᠢᠯᠠᠩ ᠤᠨ ᠪᠦᠷᠢᠯᠳᠦᠭᠦᠨ | ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠴᠠᠩ ᠴᠢᠩ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠪᠠᠢ ᠴᠦᠨ ᠮᠧᠶ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ | ᠪᠦᠷᠢᠯᠳᠦᠭᠦᠨ᠄ | ᠮᠠᠨᠳᠤᠯ᠎ᠠ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ | ᠶᠦᠩ ᠬᠤᠩ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠶᠢᠨ ᠳᠠᠷᠤᠭ᠎ᠠ | ᠰᠢᠤᠸᠠᠢ ᠮᠧᠶ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠳᠠᠷᠤᠭ᠎ᠠ | ᠡᠷᠳᠡᠨᠢᠪᠤᠯᠠᠭ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ | ᠠᠷᠢᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ | ᠶᠢᠨ ᠭᠦᠸᠧ ᠶᠢᠩ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ | ᠯᠢ ᠬᠠᠢ ᠵᠢᠶᠦ᠋ᠨ ᠬᠤᠰᠢᠭᠤᠨ ᠤ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ | ᠦ᠋ ᠮᠢᠩ ᠱᠦᠢ ᠠᠯᠳ᠋ᠬᠠᠮᠡᠭᠡᠯ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ | ᠢᠦᠢ ᠪᠠᠢ ᠮᠢᠩ ᠠᠯᠳ᠋ᠬᠠᠮᠡᠭᠡᠯ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ | ᠳᠠᠷᠤᠭ᠎ᠠ | ᠰᠤᠷᠭᠠᠯᠲᠤ ᠠᠷᠤᠬᠠᠰᠢᠶᠠᠲᠤ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ | ᠪᠠᠶᠠᠷᠲᠤ ᠠᠷᠤᠬᠠᠰᠢᠶᠠᠲᠤ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ | ᠣᠷᠭᠢᠯ ᠬᠥᠯᠥᠨ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ | ᠯᠢᠦ ᠰᠢᠦᠢ ᠳ᠋ᠦᠩ ᠬᠥᠯᠥᠨ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ | ᠳᠠᠷᠤᠭ᠎ᠠ | ᠬᠠᠨ ᠶᠦᠩ ᠯᠢ ᠬᠡᠷᠦᠯᠦᠨ ᠰᠣᠮᠣ ᠶᠢᠨ ᠨᠠᠮ ᠤᠨ ᠬᠤᠷᠢᠶᠠᠨ ᠤ ᠱᠦᠵᠢ | ᠨᠠᠷᠠᠰᠤ ᠬᠡᠷᠦᠯᠦᠨ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ | ᠮᠠ ᠮᠦᠷᠡᠨ ᠪᠤᠶᠢᠷ ᠰᠣᠮᠣ ᠶᠢᠨ ᠨᠠᠮ ᠤᠨ ᠬᠤᠷᠢᠶᠠᠨ ᠤ ᠱᠦᠵᠢ | ᠲᠦᠪᠰᠢᠨᠵᠢᠷᠭᠠᠯ ᠪᠤᠶᠢᠷ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ | ᠢᠦᠢ ᠴᠢᠩᠡᠦ᠋ᠨᠡᠨ ᠳᠠᠯᠠᠢ ᠰᠤᠮᠤ ᠶᠢᠨ ᠨᠠᠮ ᠤᠨ ᠬᠤᠷᠢᠶᠠᠨ ᠤ ᠱᠦᠵᠢ | ᠤᠯᠠᠭᠠᠨ ᠳᠠᠯᠠᠢ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ | ᠪᠠᠢ ᠴᠠᠩ ᠱᠧᠩ ᠪᠣᠭᠳᠠᠠᠭᠤᠯᠠ ᠰᠣᠮᠣ ᠶᠢᠨ ᠨᠠᠮ ᠤᠨ ᠬᠤᠷᠢᠶᠠᠨ ᠤ ᠱᠦᠵᠢ | ᠪᠠᠶᠠᠰᠬᠤᠯᠠᠩ ᠪᠣᠭᠳᠠᠠᠭᠤᠯᠠ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠮᠤ | ᠣᠷᠭᠢᠯ ᠠᠯᠳ᠋ᠬᠠᠮᠡᠭᠡᠯ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠶᠢᠨ ᠳᠠᠷᠤᠭ᠎ᠠ | ᠮᠡᠷᠭᠡᠵᠢᠯ ᠠᠷᠤᠬᠠᠰᠢᠶᠠᠲᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠶᠢᠨ ᠳᠠᠷᠤᠭ᠎ᠠ | ᠸᠠᠩ ᡁᠢ ᠴᠢ ᠬᠥᠯᠥᠨ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠶᠢᠨ ᠳᠠᠷᠤᠭ᠎ᠠ | ᠶᠦᠩ ᠱᠧᠩ ᠬᠡᠷᠦᠯᠦᠨ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠶᠢᠨ ᠳᠠᠷᠤᠭ᠎ᠠ | ᠬᠠᠨ ᠮᠢᠩ ᠪᠤᠶᠢᠷ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠶᠢᠨ ᠳᠠᠷᠤᠭ᠎ᠠ | ᠨᠠᠰᠤᠨᠵᠢᠷᠭᠠᠯ ᠳᠠᠯᠠᠢ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶᠠᠨ ᠤ ᠳᠠᠷᠤᠭ᠎ᠠ | ᠭᠤᠤ ᠭᠤᠸᠠᠨ ᠵᠢᠶᠦ᠋ᠨ ᠪᠣᠭᠳᠠᠠᠭᠤᠯᠠ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠬᠤᠶᠠᠷ ᠠᠯᠪᠠᠨ ᠭᠡᠷ ᠲᠣᠬᠢᠷᠠᠭᠤᠯᠵᠤ᠂ ᠡᠭᠦᠨ ᠳᠤ ᠨᠦᠬᠦᠪᠦᠷᠢ | ᠱᠠᠩᠨᠠᠯ ᠤᠨ ᠠᠵᠢᠯ ᠤᠨ ᠠᠯᠪᠠᠨ ᠭᠡᠷ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠠᠷᠢᠶᠠᠯᠠᠩ ᠮᠠᠯ | ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠶᠦᠩ ᠬᠤᠩ | ᠬᠠᠪᠰᠤᠷᠭᠠᠨ ᠬᠠᠷᠢᠭᠤᠴᠠᠵᠤ᠂ ᠳᠡᠳ᠋ ᠡᠷᠬᠢᠯᠡᠭᠴᠢ ᠶᠢᠨ ᠲᠤᠰᠢᠶᠠᠯ ᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠠᠷᠢᠭᠤᠨ ᠬᠠᠪᠰᠤᠷᠭᠠᠨ ᠬᠠᠷᠢᠭᠤᠴᠠᠨ᠎ᠠ᠃ | ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ | ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠨᠠᠶᠢᠳᠠᠪᠤᠷᠢᠵᠢᠭᠤᠯᠬᠤ ᠶᠢ ᠠᠬᠢᠭᠤᠯᠬᠤ ᠠᠵᠢᠯ ᠢ ᠪᠣᠳᠠᠲᠠᠢ | ᠬᠠᠷᠢᠭᠤᠴᠠᠨ᠎ᠠ︔ ᠡᠭᠦᠨ ᠠᠴᠠ ᠭᠠᠳᠠᠨ᠎ᠠ᠂ ᠬᠢᠨᠠᠨ ᠬᠠᠮᠢᠶᠠᠷᠤᠯᠲᠠ ᠶᠢᠨ ᠠᠯᠪᠠᠨ ᠭᠡᠷ ᠢ ᠬᠤᠰᠢᠭᠤᠨ ᠤ ᠣᠶ ᠰᠢᠭᠤᠢ | ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠣᠶ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠡᠷᠳᠡᠨᠢᠪᠤᠯᠠᠭ ᠬᠠᠪᠰᠤᠷᠭᠠᠨ ᠬᠠᠷᠢᠭᠤᠴᠠᠵᠤ᠂ ᠳᠡᠳ᠋ | ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠯᠢ ᠬᠠᠢ ᠵᠢᠶᠦ᠋ᠨ ᠬᠠᠪᠰᠤᠷᠭᠠᠨ ᠬᠠᠷᠢᠭᠤᠴᠠᠨ᠎ᠠ᠃ ᠡᠯ᠎ᠡ ᠰᠤᠮᠤ | ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠣᠭᠲᠠᠮᠠᠯ | ᠬᠤᠭᠤᠴᠠᠭ᠎ᠠ ᠲᠠᠢ ᠪᠠᠷ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ | ᠮᠠᠯᠵᠢᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠪᠣᠳᠠᠲᠠᠢ | ᠬᠠᠷᠢᠭᠤᠴᠠᠨ ᠵᠢᠯᠤᠭᠤᠳᠴᠤ᠂ ᠬᠠᠤᠯᠢ ᠶᠣᠰᠣᠭᠠᠷ ᠨᠤᠲᠤᠭ ᠪᠡᠯᠴᠢᠭᠡᠷ ᠢ ᠴᠢᠩᠭ᠎ᠠ ᠬᠠᠮᠢᠶᠠᠷᠤᠨ ᠵᠠᠰᠠᠵᠤ᠂ | ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠬᠤᠯᠪᠣᠭᠳᠠᠯ ᠪᠦᠬᠦᠢ ᠠᠵᠢᠯ ᠢ ᠴᠢᠩᠭᠠᠳᠬᠠᠬᠤ ᠬᠡᠷᠡᠭᠲᠡᠢ᠃ | ︵ᠬᠤᠶᠠᠷ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ | ᠬᠤᠰᠢᠭᠤᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠥᠩᠭᠦ ᠶᠢᠨ ᠬᠠᠮᠢᠶᠠᠷᠤᠯᠲᠠ ᠶᠢᠨ | ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠪᠡᠯᠡ ᠮᠦᠩᠭᠦᠨ ᠤ ᠬᠡᠷᠡᠭᠯᠡᠯᠲᠡ ᠪᠠ ᠬᠠᠮᠢᠶᠠᠷᠤᠯᠲᠠ ᠶᠢ | ᠳᠦᠷᠢᠮᠵᠢᠭᠦᠯᠬᠦ ᠬᠡᠷᠡᠭᠲᠡᠢ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠵᠢᠯ ᠤᠨ ᠬᠡᠷᠡᠭᠴᠡᠭᠡ ᠪᠠᠨ | ᠦᠨᠳᠦᠰᠦᠯᠡᠨ᠂ ᠠᠵᠢᠯ ᠤᠨ ᠵᠠᠷᠤᠳᠠᠯ ᠢ ᠵᠣᠬᠢᠰᠲᠠᠢ ᠲᠣᠬᠢᠷᠠᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ᠂ ᠬᠢᠨᠠᠯᠲᠠ ᠬᠠᠮᠢᠶᠠᠷᠤᠯᠲᠠ᠂ ᠳᠡᠩᠰᠡᠯᠡᠨ ᠲᠡᠮᠳᠡᠭᠯᠡᠬᠦ᠂ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ | ᠤᠬᠠᠭᠤᠯᠭ᠎ᠠ ᠬᠢᠬᠦ ᠵᠡᠷᠭᠡ ᠬᠠᠮᠢᠶᠠᠷᠤᠯᠲᠠ ᠶᠢᠨ ᠵᠠᠷᠤᠯᠭ᠎ᠠ ᠶᠢ ᠪᠠᠲᠤᠯᠠᠵᠤ᠂ ᠨᠥᠬᠦᠪᠦᠷᠢ ᠱᠠᠩᠨᠠᠯ ᠤᠨ ᠮᠥᠩᠭᠦ ᠶᠢ | ᠡᠵᠡᠯᠡᠬᠦ᠂ ᠠᠵᠢᠯ ᠤᠨ ᠵᠠᠷᠤᠳᠠᠯ ᠳᠤ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ | ︵ᠭᠤᠷᠪᠠ︶ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠨᠤᠲᠤᠭ | ᠪᠡᠯᠴᠢᠭᠡᠷ ᠤᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠯ᠎ᠡ ᠵᠦᠢᠯ ᠤᠨ ᠠᠵᠢᠯ ᠢ | ᠪᠥᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ᠃ ᠡᠳ᠋ ᠤᠨ ᠵᠠᠰᠠᠭ ᠤᠨ ᠲᠣᠪᠴᠢᠶ᠎ᠠ ᠠᠴᠠ ᠨᠤᠲᠤᠭ ᠪᠡᠯᠴᠢᠭᠡᠷ ᠤᠨ | ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠦᠩᠭᠦᠨ ᠤ ᠬᠤᠪᠢᠶᠠᠷᠢᠯᠠᠯᠲᠠ ᠶᠢᠨ ᠪᠠᠶᠢᠳᠠᠯ ᠢ | ᠦᠨᠳᠦᠰᠦᠯᠡᠨ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠪᠡᠯᠡ ᠮᠥᠩᠭᠦ ᠶᠢᠨ ᠲᠤᠰᠬᠠᠢ ᠲᠠᠩᠰᠠ | ᠪᠠᠶᠢᠭᠤᠯᠵᠤ᠂ ᠲᠠᠩᠰᠠ ᠬᠤᠪᠢᠶᠠᠨ ᠲᠣᠭᠠᠴᠠᠭ᠎ᠠ ᠬᠢᠵᠦ᠂ ᠲᠤᠰᠬᠠᠢ ᠵᠣᠭᠤᠰ ᠢ ᠲᠤᠰᠬᠠᠢ ᠵᠦᠢᠯ ᠳᠤᠨᠢ ᠬᠡᠷᠡᠭᠯᠡᠬᠦ ᠶᠢ | ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠡᠯᠡ ᠮᠥᠩᠭᠦ ᠲᠠᠷᠬᠠᠭᠠᠬᠤ ᠪᠠ ᠠᠵᠢᠯ ᠤᠨ | ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ︔ ᠲᠠᠷᠢᠶᠠᠯᠠᠩ ᠮᠠᠯ ᠠᠵᠤ ᠠᠬᠤᠢ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠢᠳᠡᠪᠬᠢᠲᠡᠢ | ᠥᠷᠨᠢᠭᠦᠯᠬᠦ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠥᠷᠥ ᠶᠢᠨ | ᠪᠣᠳᠣᠯᠭ᠎ᠠ ᠶᠢᠨ ᠠᠭᠤᠯᠭ᠎ᠠ ᠳᠤ ᠲᠠᠶᠢᠯᠤᠮᠵᠢ ᠬᠢᠬᠦ᠂ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠢ ᠴᠢᠩᠭᠠᠳᠬᠠᠵᠤ᠂ | ᠠᠵᠢᠯ ᠤᠨ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ᠂ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠢ︔ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ︶ ᠢ ᠬᠠᠷᠢᠭᠤᠴᠠᠨ ᠵᠢᠯᠤᠭᠤᠳᠴᠤ᠂ | ᠳᠤᠯᠠᠭᠠᠨ ᠤᠯᠠᠷᠢᠯ ᠤᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠵᠦᠢ ᠵᠣᠬᠢᠰᠲᠠᠢ ᠬᠤᠪᠢᠶᠠᠷᠢᠯᠠᠨ ᠲᠣᠭᠲᠠᠭᠠᠵᠤ | ᠂ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠰᠡᠯᠭᠦᠨ ᠮᠠᠯᠵᠢᠬᠤ ᠡᠬᠢᠯᠡᠯ ᠲᠡᠭᠦᠰᠬᠡᠯ ᠤᠨ ᠴᠠᠭ ᠢ | ᠲᠣᠭᠲᠠᠭᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠶᠢ ᠵᠢᠯᠤᠭᠤᠳᠴᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠵᠤ | ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢ | ᠴᠢᠩᠭᠠᠳᠬᠠᠬᠤ ᠬᠡᠷᠡᠭᠲᠡᠢ᠃ ᠬᠤᠰᠢᠭᠤ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ | ᠳᠦᠷᠢᠮ ᠢᠶᠠᠷ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ | ᠲᠣᠰᠬᠤᠨ ᠭᠤᠷᠪᠠᠨ ᠱᠠᠲᠤᠨ ᠤ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠬᠤ ᠲᠣᠣᠷ ᠰᠦᠯᠵᠢᠶ᠎ᠡ ᠶᠢ | ᠪᠠᠶᠢᠭᠤᠯᠤᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠲᠤᠰᠬᠠᠢ ᠬᠠᠮᠢᠶᠠᠷᠤᠨ ᠬᠠᠮᠠᠭᠠᠯᠠᠭᠴᠢ ᠶᠢ ᠲᠣᠬᠢᠷᠠᠭᠤᠯᠤᠨ | ᠂ ᠲᠣᠣᠷᠵᠢᠭᠤᠯᠤᠭᠰᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠨᠤᠲᠤᠭ ᠪᠡᠯᠴᠢᠭᠡᠷ ᠢ ᠬᠢᠨᠠᠨ ᠬᠡᠮᠵᠢᠬᠦ | ᠠᠵᠢᠯ ᠢ ᠲᠣᠭᠲᠠᠮᠠᠯ ᠬᠤᠭᠤᠴᠠᠭ᠎ᠠ ᠲᠠᠢ ᠦᠷᠨᠢᠭᠦᠯᠦᠨ᠂ ᠬᠢᠨᠠᠨ ᠬᠡᠮᠵᠢᠭᠰᠡᠨ ᠮᠡᠳᠡᠭᠡ ᠵᠠᠩᠭᠢ ᠶᠢ ᠴᠠᠭ ᠲᠤᠬᠠᠢ ᠳᠤᠨᠢ | ᠨᠡᠶᠢᠲᠡᠯᠡᠵᠦ᠂ ᠵᠦᠢ ᠵᠣᠬᠢᠰᠲᠠᠢ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠪᠠ ᠰᠢᠨᠵᠢᠯᠡᠬᠦ ᠤᠬᠠᠭᠠᠨᠴᠢ ᠪᠠᠷ ᠦᠨᠡᠯᠡᠨ | ᠵᠢᠱᠢᠵᠦ᠂ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ | ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠬᠡᠷᠡᠭᠲᠡᠢ᠃ | ︵ᠳᠥᠷᠪᠡ︶ ᠬᠢᠨᠠᠯᠲᠠ ᠲᠠᠯᠪᠢᠵᠤ ᠪᠠᠲᠤᠯᠠᠬᠤ ᠶᠢ ᠴᠢᠩᠭᠠᠳᠬᠠᠬᠤ ᠬᠡᠷᠡᠭᠲᠡᠢ | ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠨᠦᠬᠦᠪᠦᠷᠢ ᠱᠠᠩᠨᠠᠯ ᠤᠨ | ᠮᠥᠩᠭᠦ ᠶᠢ ᠦᠯᠡᠳᠡᠭᠡᠨ ᠠᠪᠬᠤ᠂ ᠮᠡᠬᠡᠯᠡᠨ ᠠᠪᠬᠤ᠂ ᠬᠤᠳᠠᠯ ᠢᠶᠠᠷ ᠮᠡᠳᠡᠭᠦᠯᠵᠦ ᠮᠡᠬᠡᠯᠡᠨ ᠠᠪᠬᠤ ᠪᠠ ᠬᠤᠪᠳᠣᠭᠯᠠᠨ | ᠡᠵᠡᠯᠡᠬᠦ ᠠᠰᠠᠭᠤᠳᠠᠯ ᠭᠠᠷᠬᠤ ᠠᠴᠠ ᠰᠡᠷᠭᠡᠶᠢᠯᠡᠬᠦ ᠶᠢᠨ ᠲᠦᠯᠦᠭᠡ᠂ ᠨᠦᠬᠦᠪᠦᠷᠢ ᠱᠠᠩᠨᠠᠯ ᠤᠨ ᠲᠥᠷᠥ ᠶᠢᠨ | ᠪᠣᠳᠣᠯᠭ᠎ᠠ ᠶᠢᠨ ᠪᠥᠬᠦ ᠶᠠᠪᠤᠴᠠ ᠶᠢ ᠢᠯᠡ ᠲᠣᠳᠣ ᠬᠡᠷᠡᠭᠵᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ | ᠪᠤᠳᠤᠬᠤ ᠵᠡᠷᠭᠡ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠨᠠᠯᠲᠠ | ᠲᠠᠯᠪᠢᠬᠤ ᠠᠵᠢᠯ ᠤᠨ ᠬᠡᠯᠬᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ᠪᠡᠯᠡ ᠮᠥᠩᠭᠦ ᠶᠢ ᠲᠠᠷᠬᠠᠭᠠᠬᠤ ᠶᠠᠪᠤᠴᠠ ᠳᠤ | ᠬᠠᠤᠯᠢ ᠰᠠᠬᠢᠯᠭ᠎ᠠ ᠠᠴᠠ ᠵᠥᠷᠢᠴᠡᠭᠰᠡᠨ ᠦᠶᠯᠡ ᠠᠵᠢᠯᠯᠠᠭ᠎ᠠ ᠭᠠᠷᠭᠠᠭᠰᠠᠨ ᠠᠵᠢᠯᠲᠠᠨ ᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠷᠢᠭᠤᠴᠠᠯᠭ᠎ᠠ ᠨᠡᠬᠡᠮᠵᠢᠯᠡᠭᠦᠯᠵᠦ᠂ ᠨᠦᠬᠦᠪᠦᠷᠢ ᠱᠠᠩᠨᠠᠯ ᠤᠨ | ᠮᠥᠩᠭᠦ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠮᠠᠯᠴᠢᠨ ᠲᠠᠷᠢᠶᠠᠴᠢᠨ ᠤ ᠬᠠᠤᠯᠢ | ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠬᠤ ᠬᠡᠷᠡᠭᠲᠡᠢ᠃ | ︵ᠲᠠᠪᠤ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ | ᠰᠣᠨᠢᠨ ᠮᠡᠳᠡᠭᠡᠨ ᠤ ᠵᠠᠭᠤᠴᠢᠯᠠᠭᠤᠷ ᠤᠨ ᠦᠢᠯᠡᠳᠦᠯ ᠢ ᠪᠠᠳᠠᠷᠠᠭᠤᠯᠵᠤ᠂ ᠷᠠᠳᠢᠣ᠋ ᠲᠧᠯᠸᠢᠰ᠂ ᠰᠣᠨᠢᠨ | ᠰᠡᠳᠬᠦᠯ᠂ ᠭᠠᠷ ᠤᠲᠠᠰᠤ ᠰᠦᠯᠵᠢᠶ᠎ᠡ ᠵᠡᠷᠭᠡ ᠣᠯᠠᠨ ᠡᠰᠢᠲᠦ ᠰᠣᠨᠢᠨ ᠮᠡᠳᠡᠭᠡᠨ ᠤ ᠠᠴᠢᠶᠠᠯᠠᠪᠤᠷᠢ ᠳᠤ ᠲᠦᠰᠢᠭᠯᠡᠬᠦ | ᠪᠠ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠨ᠂ ᠨᠤᠲᠤᠭ ᠪᠡᠯᠴᠢᠭᠡᠷ ᠤᠨ ᠨᠦᠬᠦᠪᠦᠷᠢ | ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠪᠠ ᠬᠡᠷᠡᠭᠵᠢᠭᠦᠯᠬᠦ ᠠᠷᠭ᠎ᠠ ᠵᠠᠮ ᠢ ᠣᠨᠣᠪᠴᠢᠲᠠᠶ | ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠪᠥᠬᠦ | ᠨᠡᠶᠢᠭᠡᠮ ᠢᠶᠠᠷ ᠢᠶᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠳᠤ ᠣᠷᠤᠯᠴᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠮᠠᠯᠴᠢᠨ ᠲᠠᠷᠢᠶᠠᠴᠢᠳ ᠤᠨ ᠨᠤᠲᠤᠭ ᠪᠡᠯᠴᠢᠭᠡᠷ ᠢ ᠬᠠᠮᠠᠭᠠᠯᠠᠬᠤ | ᠢᠳᠡᠪᠬᠢᠵᠢᠯ ᠪᠠ ᠬᠠᠷᠢᠭᠤᠴᠠᠯᠭᠠᠲᠤ ᠰᠡᠳᠬᠢᠯᠭᠡ ᠶᠢ ᠳᠠᠶᠢᠴᠢᠯᠠᠨ᠂ ᠮᠠᠯᠴᠢᠨ ᠲᠠᠷᠢᠶᠠᠴᠢᠳ ᠤᠨ ᠣᠷᠤᠯᠴᠠᠬᠤ ᠬᠡᠮᠵᠢᠶ᠎ᠡ | ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠬᠦ ᠬᠡᠷᠡᠭᠲᠡᠢ᠃ | | |