ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ︽ᠨᠢᠭᠡ ᠥᠷᠳᠡᠭᠡ ᠶᠢᠨ ᠭᠡᠯᠪᠡᠷᠢ︾ ᠶᠢᠨ ᠵᠠᠰᠠᠭ ᠤᠨ ᠶᠠᠪᠤᠳᠠᠯ ᠤᠨ ᠥᠢᠯᠡᠴᠢᠯᠡᠭᠡ ᠶᠢ ᠡᠭᠦᠳᠡᠨ ᠳᠤᠨᠢ ᠭᠥᠷᠭᠡᠭᠦ ︽ᠳᠥᠭᠦᠮ ᠦᠵᠡᠭᠦᠯᠬᠦ ᠭᠠᠵᠠᠷ︾ ᠢ ᠡᠭᠦᠳᠪᠡ
ᠨᠡᠶᠢᠲᠡᠯᠡᠭᠰᠡᠨ ᠴᠠᠭ᠄
2022/11/25
       ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠳᠤ ᠬᠠᠷᠢᠭᠤᠯᠲᠠ ᠥᠭᠴᠦ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 2022 ᠤᠨ ᠠᠴᠠ ᠨᠡᠰᠢ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠳᠠᠯᠳᠤᠭ᠎ᠠ ᠡᠵᠡᠩᠨᠡᠭᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ︽ᠨᠢᠭᠡ ᠥᠷᠳᠡᠭᠡ ᠶᠢᠨ ᠭᠡᠯᠪᠡᠷᠢ︾ ᠶᠢᠨ ᠲᠣᠮᠢᠯᠠᠭᠰᠠᠨ ᠰᠠᠯᠪᠤᠷᠢ ᠶᠢᠨ ᠦᠢᠯᠡᠴᠢᠯᠡᠭᠡᠨ ᠤ ᠠᠵᠢᠯ ᠢ ᠢᠳᠡᠪᠬᠢᠲᠡᠢ ᠠᠬᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠨᠢᠭᠡ ᠴᠤᠭᠴᠠᠵᠢᠭᠰᠠᠨ ᠠᠭᠤᠰᠤᠯᠴᠠᠭᠰᠠᠨ ᠦᠢᠯᠡᠴᠢᠯᠡᠭᠡ ᠶᠢ ᠠᠬᠢᠭᠤᠯᠵᠤ᠂ ᠣᠯᠠᠨ ᠲᠦᠮᠡᠨ ᠤ ᠡᠭᠦᠳᠡᠨ ᠡᠮᠦᠨᠡᠬᠢ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠳᠥᠭᠦᠮ ᠥᠵᠡᠭᠦᠯᠭᠦ ᠭᠠᠵᠠᠷ︾ ᠢ ᠡᠭᠦᠳᠪᠡ᠃
       ︽ᠨᠢᠭᠡ ᠥᠷᠲᠡᠭᠡ ᠶᠢᠨ ᠭᠡᠯᠪᠡᠷᠢ︾ ᠶᠢᠨ ᠲᠣᠮᠢᠯᠠᠭᠰᠠᠨ ᠰᠠᠯᠪᠤᠷᠢ ᠶᠢᠨ ᠪᠠᠶᠢᠭᠤᠯᠤᠯᠲᠠ ᠪᠠᠷ ᠲᠣᠬᠢᠶᠠᠯ ᠪᠣᠯᠭᠠᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠮᠢᠯᠠᠭᠰᠠᠨ ᠰᠠᠯᠪᠤᠷᠢ ᠶᠢᠨ ︽ᠨᠢᠭᠡ ᠥᠷᠲᠡᠭᠡ ᠶᠢᠨ ᠭᠡᠯᠪᠡᠷᠢ︾ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠡᠯᠪᠡᠷᠢ ᠶᠢᠨ ᠵᠢᠯᠣᠭᠤᠳᠬᠤ ᠰᠠᠨᠠᠯ ᠤᠨ ᠶᠤᠰᠣᠭᠠᠷ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠦᠢᠯᠡᠴᠢᠯᠡᠭᠡᠨ ᠤ ᠴᠣᠩᠬᠤᠪᠴᠢ ᠶᠢ ᠨᠢᠭᠡᠳᠦᠯᠲᠡᠢ ᠲᠥᠯᠤᠪᠯᠡᠨ ᠫᠠᠶᠢᠰᠠ ᠡᠯᠭᠦᠵᠠᠢ᠃ 2 ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠲᠣᠬᠢᠷᠠᠭᠤᠯᠵᠤ᠂ 10 ᠵᠤᠶᠢᠯ ᠤᠨ ᠡᠷᠦᠬᠡ ᠠᠮᠠ ᠶᠢᠨ ᠳᠠᠩᠰᠠ ᠶᠢᠨ ᠲᠤᠬᠠᠶᠢᠯᠠᠭᠰᠠᠨ ᠠᠵᠢᠯ᠂ 26 ᠲᠥᠷᠥᠯ ᠤᠨ ᠵᠢᠯᠣᠭᠤᠴᠢ ᠶᠢᠨ ᠦᠨᠡᠮᠯᠡᠯ ᠤᠨ ᠲᠥᠷᠥᠯ᠂ 16 ᠮᠠᠰᠢᠨ ᠲᠡᠷᠭᠡᠨ ᠤ ᠲᠥᠷᠥᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠪᠠ 4 ᠲᠥᠷᠥᠯ ᠤᠨ ᠬᠢᠯᠢ ᠪᠠᠷ ᠣᠷᠣᠵᠤ ᠭᠠᠷᠬᠤ ᠲᠤᠬᠠᠶᠢᠯᠠᠭᠰᠠᠨ ᠠᠵᠢᠯ ᠢ ᠬᠠᠮᠤᠷᠪᠠ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠲᠢᠩᠬᠢᠮ ᠤᠨ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ ᠴᠣᠩᠬᠤᠪᠴᠢ ᠶᠢ ᠤᠤᠯ ᠤᠨ 16 ᠴᠤᠩᠬᠤᠪᠴᠢ ᠠᠴᠠ 6 ᠶᠡᠷᠦᠩᠬᠡᠶᠢᠯᠡᠭᠰᠡᠨ ᠦᠢᠯᠡᠴᠢᠯᠡᠭᠡᠨ ᠤ ᠴᠤᠩᠬᠤᠪᠴᠢ ᠪᠤᠯᠭᠠᠨ ᠪᠠᠭᠠᠰᠬᠠᠵᠠᠢ᠃
       ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ︽ᠨᠢᠭᠡ ᠥᠷᠲᠡᠭᠡ ᠶᠢᠨ ᠭᠡᠯᠪᠡᠷᠢ︾ ᠶᠢᠨ ᠲᠣᠮᠢᠯᠠᠭᠰᠠᠨ ᠰᠠᠯᠪᠤᠷᠢ ᠶᠢᠨ ᠡᠷᠦᠬᠡ ᠠᠮᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠠᠪᠤᠴᠠ ᠶᠢᠨ ᠵᠢᠷᠤᠭ᠂ ᠠᠵᠢᠯ ᠤᠨ ᠠᠭᠤᠯᠭ᠎ᠠ ᠪᠠᠨ ᠵᠢᠷᠤᠮᠵᠢᠭᠤᠯᠵᠤ᠂ ᠡᠯ᠎ᠡ ᠴᠣᠩᠬᠤᠪᠴᠢ ᠶᠢᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠲᠥᠷᠥᠯ᠂ ᠠᠵᠢᠯ ᠤᠨ ᠳᠡᠰ ᠳᠠᠷᠠᠭᠠᠯᠠᠯ ᠵᠡᠷᠭᠡ ᠶᠢ ᠲᠤᠳᠤᠷᠬᠠᠶᠢᠯᠠᠨ᠂ ᠨᠠᠰᠤᠲᠠᠶᠢᠴᠤᠳ ᠪᠠ ᠬᠥᠳᠡᠯᠵᠦ ᠪᠠᠷᠢᠬᠤ ᠳᠤ ᠳᠥᠭᠦᠮ ᠦᠭᠡᠢ ᠣᠯᠠᠨ ᠲᠦᠮᠡᠨ ᠳᠤ ︽ᠰᠠᠭᠠᠳ ᠦᠭᠡᠢ ᠨᠡᠪᠲᠡᠷᠡᠬᠦ ᠵᠠᠮ︾ ᠢ ᠨᠡᠪᠳᠡᠷᠡᠭᠦᠯᠵᠤ᠂ ᠤᠯᠠᠨ ᠲᠥᠮᠡᠨ ᠳᠤ ᠳᠥᠭᠦᠮ ᠲᠦᠳᠡ ᠦᠢᠯᠡᠴᠢᠯᠡᠭᠡ ᠬᠠᠩᠭᠠᠵᠤ ᠪᠤᠢ᠃ ᠪᠠᠶᠠᠷ ᠳᠤᠷᠠᠰᠬᠠᠯ ᠤᠨ ᠡᠳᠦᠷ᠂ ᠬᠤᠣᠰ ᠠᠮᠠᠷᠠᠯᠲᠠ ᠶᠢᠨ ᠡᠳᠦᠷ ᠲᠤ ᠡᠭᠡᠯᠵᠢᠯᠡᠨ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠣᠯᠠᠨ ᠲᠦᠮᠡᠨ ᠲᠤᠬᠠᠢ ᠶᠢᠨ ᠲᠠᠯᠠᠪᠤᠷ᠂ ᠤᠳᠠᠰᠣ᠂ ᠰᠥᠯᠵᠢᠶ᠎ᠠ᠂ ᠸᠢᠴᠠᠲ ᠢᠶᠠᠷ ᠪᠣᠯᠵᠣᠬᠤ ᠵᠡᠷᠭᠡ ᠠᠷᠭ᠎ᠠ ᠭᠡᠯᠪᠡᠷᠢ ᠪᠠᠷ ᠤᠷᠢᠳᠴᠢᠯᠡᠨ ᠪᠤᠯᠵᠤᠵᠤ ᠭᠤᠶᠤᠴᠢᠯᠠᠬᠤ ᠥᠢᠯᠡᠴᠢᠯᠡᠭᠡ ᠲᠤᠷᠠᠳᠴᠣ ᠪᠤᠯᠤᠨ᠎ᠡ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠨᠡᠮᠯᠡᠯ ᠭᠦᠢᠴᠡᠳᠬᠡᠬᠦ ᠴᠣᠩᠬᠤᠪᠴᠢ ᠳᠤ ᠠᠷᠠᠳ ᠲᠤ ᠳᠥᠭᠦᠮ ᠦᠵᠡᠭᠦᠯᠬᠦ 16 ᠵᠦᠢᠯ ᠤᠨ ᠦᠢᠯᠡᠴᠢᠯᠡᠭᠡᠨ ᠤ ᠠᠷᠭ᠎ᠠ ᠭᠡᠮᠵᠢᠶ᠎ᠠ ᠠᠪᠴᠣ᠂ ᠠᠵᠤ ᠠᠬᠤᠶᠢᠯᠠᠯ ᠤᠨ ᠦᠢᠯᠡᠴᠢᠯᠡᠭᠡᠨ ᠤ ᠲᠠᠷᠠᠭᠠᠯᠠᠯ ᠢ ᠤᠯᠠᠮ ᠨᠢᠭᠡ ᠠᠯᠬᠤᠮ ᠲᠥᠭᠦᠮᠴᠢᠯᠡᠨ᠂ ᠦᠨᠡᠮᠯᠡᠯ ᠭᠦᠢᠴᠡᠳᠬᠡᠬᠦ ᠭᠠᠷ ᠭᠥᠢᠴᠡᠳᠭᠡᠯ ᠢ ᠪᠠᠭᠠᠰᠬᠠᠵᠤ᠂ ᠥᠢᠯᠡᠴᠢᠯᠡᠭᠡ ᠶᠢ ᠲᠥᠷᠢᠮᠵᠢᠭᠦᠯᠪᠡ᠃
       ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠮᠡᠳᠡᠭᠡ ᠵᠠᠩᠬᠢᠴᠢᠯᠠᠭᠰᠠᠨ ᠬᠥᠭᠵᠢᠯᠲᠡ ᠶᠢᠨ ᠬᠠᠨᠳᠤᠰᠢ ᠳᠤ ᠢᠳᠡᠪᠬᠢᠲᠡᠢ ᠵᠣᠬᠢᠴᠠᠵᠤ᠂ ᠠᠮᠤᠷ ᠲᠦᠪᠰᠢᠨ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠣᠯᠠᠨ ᠨᠡᠶᠢᠲᠡ ᠶᠢᠨ ᠲᠠᠪᠴᠠᠩ ᠢ ᠠᠰᠢᠭᠯᠠᠨ ︽ᠨᠢᠭᠡ ᠥᠷᠲᠡᠭᠡ ᠶᠢᠨ ᠭᠡᠯᠪᠡᠷᠢ︾ ᠶᠢᠨ ᠲᠣᠮᠢᠯᠠᠭᠰᠠᠨ ᠰᠠᠯᠪᠤᠷᠢ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠵᠥᠭᠯᠡᠭᠦᠷ ᠪᠠ ᠲᠠᠷᠠᠭᠠᠯᠠᠯ ᠢ ᠨᠡᠶᠢᠲᠡᠯᠡᠵᠦ᠂ ᠣᠯᠠᠨ ᠲᠦᠮᠡᠨ ᠤ ᠮᠡᠳᠡᠴᠡ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠬᠠᠮᠲᠤ᠂ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢᠨ ᠠᠵᠢᠯ ᠲᠠᠢ ᠤᠶᠠᠯᠳᠤᠭᠤᠯᠤᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠬᠤᠳᠠᠯᠳᠤᠭ᠎ᠠ ᠡᠵᠡᠩᠨᠡᠭᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠮᠤᠭ ᠰᠢᠨ᠎ᠡ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠨᠡᠶᠢᠲᠡᠯᠡᠵᠦ᠂ ︽ᠮᠥᠩᠭᠡ ᠰᠣᠪᠠᠭ︾ APP ᠤᠨ ᠵᠥᠭᠡᠯᠡᠨ ᠲᠤᠨᠤᠭ ᠢ ᠤᠯᠠᠮ ᠨᠢᠭᠡ ᠠᠯᠬᠤᠮ ᠳᠡᠯᠭᠡᠷᠡᠭᠦᠯᠦᠨ ᠬᠡᠷᠡᠭᠯᠡᠵᠦ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠠᠵᠢᠯ ᠤᠨ ᠶᠠᠰᠣ ᠴᠢᠨᠠᠷ ᠢ ᠤᠯᠠᠮ ᠨᠢᠭᠡ ᠠᠯᠬᠤᠮ ᠲᠡᠭᠡᠭᠰᠢᠯᠡᠭᠦᠯᠵᠤ ᠪᠠᠶᠢᠨ᠎ᠠ᠃                                              ᠤᠷᠴᠢᠭᠤᠯᠤᠭᠰᠠᠨ ᠨᠢ᠄ ᠰᠣᠯᠣᠩᠭᠤᠸ᠎ᠠ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠲᠤᠳᠣᠭᠠᠳᠣ ᠶᠢ ᠬᠠᠮᠠᠭᠠᠯᠠᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号