ᠮᠠᠨ ᠤ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠳᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/25
       11 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠳᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳᠠᠯᠠᠶᠢᠪᠠᠲᠤ ᠬᠤᠷᠠᠯ ᠳᠤ ᠣᠷᠣᠯᠴᠠᠪᠠ᠃
       ᠬᠤᠷᠠᠯ ᠠᠴᠠ ︽ᠬᠦᠯᠦᠨ ᠪᠣᠶᠢᠷ ᠬᠤᠲᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ︿ᠶᠡᠭᠡ ᠤᠬᠠᠭᠤᠯᠤᠨ ᠲᠠᠶᠢᠯᠪᠤᠷᠢᠯᠠᠬᠤ﹀ ᠠᠵᠢᠯᠯᠠᠭ᠎ᠠ ᠶᠢᠨ ᠠᠵᠢᠯ ᠤᠨ ᠲᠦᠰᠦᠯ︾ ᠢ ᠤᠯᠠᠮᠵᠢᠯᠠᠨ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠭᠡᠰᠢᠭᠦᠨ ᠤ ᠨᠡᠷᠡᠰ︾ ᠢ ᠨᠡᠶᠢᠲᠡᠯᠡᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠭᠡᠰᠢᠭᠦᠨ ᠳᠤ ᠤᠷᠢᠯᠭ᠎ᠠ ᠶᠢᠨ ᠪᠢᠴᠢᠭ ᠲᠠᠷᠬᠠᠭᠠᠵᠤ᠂ ᠤᠬᠠᠭᠤᠯᠤᠨ ᠲᠠᠶᠢᠯᠪᠤᠷᠢᠯᠠᠭᠴᠢ ᠶᠢᠨ ᠲᠦᠯᠦᠭᠡᠯᠡᠭᠴᠢ ᠶᠠᠷᠢᠶ᠎ᠠ ᠲᠠᠯᠪᠢᠪᠠ᠃
       ᠳᠠᠯᠠᠶᠢᠪᠠᠲᠤ ᠴᠢᠬᠤᠯᠠᠴᠢᠯᠠᠬᠤ ᠳᠠᠭᠠᠨ᠂ ᠣᠯᠠᠨ ᠢᠶᠠᠷ ᠢᠶᠠᠨ ᠤᠯᠤᠰ ᠲᠦᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠲᠦ ᠶᠢᠨ ᠲᠡᠦᠬᠡᠲᠦ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠠᠷᠠᠯᠲᠠ ᠡᠭᠦᠷᠭᠡ ᠪᠠᠨ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠦᠨᠳᠦᠷ ᠪᠠᠷᠢᠮᠵᠢᠶ᠎ᠠ ᠪᠠᠷ ᠠᠬᠢᠭᠤᠯᠬᠤ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠨ᠂ ᠪᠦᠬᠦ ᠬᠤᠰᠢᠭᠤᠨ ᠤ ᠦᠷᠭᠡᠨ ᠣᠯᠠᠨ ᠺᠠᠳ᠋ᠷ ᠣᠯᠠᠨ ᠲᠦᠮᠡᠨ ᠤ ᠦᠵᠡᠯ ᠰᠠᠨᠠᠭ᠎ᠠ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠳᠡᠭᠡᠷ᠎ᠡ ᠨᠢᠭᠡᠳᠬᠡᠵᠦ᠂ ᠬᠦᠴᠦᠨ ᠴᠢᠳᠠᠯ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠲᠦᠷᠦᠯ ᠤᠨ ᠡᠭᠦᠷᠭᠡ ᠳᠡᠭᠡᠷ᠎ᠡ ᠨᠢᠭᠲᠠᠷᠠᠭᠤᠯᠤᠨ᠂ ᠨᠠᠮ ᠤᠨ ᠰᠢᠨ᠎ᠡ ᠡᠭᠦᠳᠦᠯᠲᠡ ᠶᠢᠨ ᠣᠨᠣᠯ ᠢ ︽ᠡᠭᠡᠯ ᠠᠷᠠᠳ ᠤᠨ ᠭᠡᠷ ᠨᠢᠭᠡᠪᠦᠷᠢ ᠳᠤ ᠬᠦᠷᠭᠡᠬᠦ︾ ᠬᠡᠷᠡᠭᠲᠡᠢ ᠭᠡᠵᠡᠢ᠃                                   ᠰᠤᠷᠪᠤᠯᠵᠢᠯᠠᠭᠴᠢ᠄ ᠤᠶᠠᠬᠠᠨ   ᠴᠢᠨ ᠷᠦᠩ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号