ᠮᠠᠨ ᠤ ᠬᠤᠰᠢᠭᠤ 2022 ᠣᠨ ᠤ ᠨᠢᠭᠡ ᠭᠠᠴᠠᠭ᠎ᠠ ᠲᠣᠰᠬᠤᠨ ᠨᠢᠭᠡ ᠨᠡᠶᠢᠭᠡᠮ ᠲᠣᠭᠤᠷᠢᠭ ᠲᠤ ᠨᠢᠭᠡ ᠣᠶᠤᠲᠠᠨ ᠴᠢᠳᠠᠪᠤᠷᠢᠲᠠᠨ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/25
       11 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠮᠠᠨ ᠤ ᠬᠤᠰᠢᠭᠤ 2022 ᠣᠨ ᠤ ᠨᠢᠭᠡ ᠭᠠᠴᠠᠭ᠎ᠠ ᠲᠣᠰᠬᠤᠨ ᠨᠢᠭᠡ ᠨᠡᠶᠢᠭᠡᠮ ᠲᠣᠭᠤᠷᠢᠭ ᠲᠤ ᠨᠢᠭᠡ ᠣᠶᠤᠲᠠᠨ ᠴᠢᠳᠠᠪᠤᠷᠢᠲᠠᠨ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠢᠩ ᠸᠠᠨ ᠶᠦᠩ ᠬᠤᠷᠠᠯ ᠳᠤ ᠣᠷᠣᠯᠴᠠᠪᠠ᠃
       ᠬᠤᠷᠠᠯ ᠠᠴᠠ 2022 ᠣᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡ ᠭᠠᠴᠠᠭ᠎ᠠ ᠲᠣᠰᠬᠤᠨ ᠨᠢᠭᠡ ᠨᠡᠶᠢᠭᠡᠮ ᠲᠣᠭᠤᠷᠢᠭ ᠲᠤ ᠨᠢᠭᠡ ᠣᠶᠤᠲᠠᠨ ᠴᠢᠳᠠᠪᠤᠷᠢᠲᠠᠨ ᠡᠯᠰᠡᠬᠦ ᠠᠵᠢᠯ ᠤᠨ ᠲᠣᠪᠴᠢ ᠳᠦᠷᠢᠮ᠂ ᠪᠢᠷ ᠤᠨ ᠰᠢᠯᠭᠠᠯᠲᠠ ᠨᠢᠭᠤᠷᠳᠠᠨ ᠰᠢᠯᠭᠠᠯᠲᠠ ᠶᠢᠨ ᠲᠦᠰᠦᠯ᠂ ᠠᠵᠢᠯ ᠤᠨ ᠪᠠᠶᠢᠷᠢ ᠶᠢᠨ ᠬᠤᠪᠢᠶᠠᠷᠢᠯᠠᠯᠲᠠ ᠪᠠ ᠴᠠᠯᠢᠩ ᠬᠦᠯᠦᠰᠦ ᠶᠢ ᠲᠣᠭᠲᠠᠭᠠᠬᠤ ᠠᠷᠭ᠎ᠠ ᠶᠢ ᠬᠢᠨᠠᠨ ᠵᠥᠪᠯᠡᠵᠦ ᠪᠠᠲᠤᠯᠠᠪᠠ᠃        ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠯᠤᠰ ᠲᠦᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠤᠬᠠᠮᠰᠠᠷ ᠪᠠ ᠠᠵᠢᠯ ᠤᠨ ᠬᠠᠮᠵᠢᠯᠴᠠᠭ᠎ᠠ ᠪᠠᠨ ᠴᠢᠩᠭᠠᠳᠬᠠᠨ᠂ ᠪᠣᠳᠠᠲᠠᠢ ᠬᠡᠷᠡᠭᠵᠢᠭᠦᠯᠬᠦ ᠶᠠᠪᠤᠴᠠ ᠳᠤ ᠡᠷᠬᠡᠪᠰᠢ ᠴᠢᠩᠭ᠎ᠠ ᠪᠣᠳᠠᠲᠠᠢ ᠠᠵᠢᠯ ᠤᠨ ᠪᠠᠷᠢᠮᠵᠢᠶ᠎ᠠ ᠶᠢ ᠪᠠᠷᠢᠮᠲᠠᠯᠠᠵᠤ᠂ ᠪᠦᠬᠦᠯᠢ ᠴᠣᠭᠴᠠ ᠶᠢᠨ ᠳᠦᠷᠢᠮ ᠲᠣᠭᠲᠠᠭᠠᠯ ᠢ ᠵᠢᠷᠤᠮᠯᠠᠨ᠂ ᠠᠵᠢᠯ ᠤᠨ ᠰᠠᠬᠢᠯᠭ᠎ᠠ ᠪᠠᠲᠤ ᠶᠢ ᠰᠠᠬᠢᠵᠤ᠂ ᠣᠨᠴᠠᠭᠠᠶᠢᠯᠠᠨ ᠴᠢᠳᠠᠪᠤᠷᠢᠲᠠᠨ ᠤ ᠮᠤᠷᠠᠯ ᠴᠢᠳᠠᠪᠤᠷᠢ ᠶᠢᠨ ᠢᠯᠡᠷᠡᠯ ᠪᠠ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠰᠢᠯᠭᠠᠨ ᠪᠠᠶᠢᠴᠠᠭᠠᠬᠤ ᠶᠢ ᠴᠢᠬᠤᠯᠠᠴᠢᠯᠠᠨ᠂ ᠲᠠᠲᠠᠨ ᠣᠷᠤᠭᠤᠯᠬᠤ ᠴᠢᠳᠠᠪᠤᠷᠢᠲᠠᠨ ᠤ ᠦᠵᠡᠯ ᠰᠠᠨᠠᠭ᠎ᠠ ᠶᠣᠰᠤ ᠮᠤᠷᠠᠯ ᠰᠠᠶᠢᠨ᠂ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠦᠨᠳᠦᠷ ᠪᠠᠶᠢᠬᠤ ᠶᠢ ᠪᠠᠲᠤᠯᠠᠵᠤ᠂ ᠴᠢᠳᠠᠪᠤᠷᠢᠲᠠᠨ ᠢ ᠲᠠᠲᠠᠨ ᠣᠷᠤᠭᠤᠯᠬᠤ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠲᠠᠯ᠎ᠠ ᠪᠠᠷ ᠰᠢᠨ᠎ᠡ ᠰᠢᠪᠲᠣᠯᠣᠯᠲᠠ᠂ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷᠯᠢᠭ ᠬᠦᠭᠵᠢᠯᠲᠡ ᠳᠤ ᠡᠷᠬᠡᠪᠰᠢ ᠱᠠᠭᠠᠷᠳᠠᠭᠳᠠᠬᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃                             ᠰᠤᠷᠪᠤᠯᠵᠢᠯᠠᠭᠴᠢ᠄ ᠤᠶᠠᠬᠠᠨ   ᠰᠣᠨᠣᠷ   ᠲᠢᠶᠠᠨ ᠬᠤᠤ ᠯᠢᠨ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号