ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 62 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/11/28
       2022 ᠣᠨ ᠤ 11 ᠰᠠᠷ᠎ᠠ ᠶᠢᠨ 28 ᠤ ᠡᠳᠦᠷ᠂ ᠮᠠᠨ ᠤ ᠬᠤᠰᠢᠭᠤᠨ ᠤ ᠭᠤᠣᠯᠳᠠᠯᠭ᠎ᠠ ᠲᠠᠢ ᠬᠥᠮᠥᠰ ᠢ ᠰᠢᠭᠰᠢᠨ ᠪᠠᠶᠢᠴᠠᠭᠠᠬᠤ ᠶᠠᠪᠤᠴᠠ ᠳᠤ ᠠᠷᠭ᠎ᠠ ᠴᠢᠨᠠᠷ ᠲᠠᠢ 1 ᠬᠦᠮᠦᠨ ᠢ ᠠᠩᠬᠠᠨ ᠤ ᠪᠠᠶᠢᠴᠠᠭᠠᠯᠲᠠ ᠳᠤ ᠢᠯᠡᠷᠡᠭᠦᠯᠪᠡ᠂ ᠣᠳᠣᠬᠠᠨ ᠳᠤ ᠡᠪᠡᠳᠴᠢᠨ ᠤ ᠡᠬᠢ ᠰᠤᠷᠪᠤᠯᠵᠢ ᠶᠢ ᠮᠦᠷᠳᠡᠬᠦ᠂ ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠨᠡᠶᠢᠭᠡᠮ ᠤᠨ ᠬᠠᠮᠢᠶᠠᠷᠤᠨ ᠡᠵᠡᠮᠳᠡᠬᠦ ᠵᠡᠷᠭᠡ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠲᠣᠭᠲᠠᠭᠠᠭᠰᠠᠨ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠥᠭᠡᠮ ᠬᠦᠴᠢᠯ ᠤᠨ ᠪᠠᠶᠢᠴᠠᠭᠠᠯᠲᠠ ᠶᠢᠨ ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠵᠢᠯᠤᠭᠤᠳᠬᠤ ᠭᠠᠵᠠᠷ ᠤᠨ ᠰᠣᠳᠣᠯᠣᠨ ᠮᠠᠭᠠᠳᠯᠠᠬᠤ ᠪᠠᠷ ᠳᠡᠮᠵᠢᠨ᠂ ᠮᠠᠨ ᠤ ᠬᠤᠰᠢᠭᠤ 28 ᠤ ᠡᠳᠦᠷ ᠤᠨ ᠦᠳᠡ ᠶᠢᠨ ᠡᠮᠦᠨ᠎ᠡ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠦᠷᠨᠢᠭᠦᠯᠬᠦ ᠪᠠᠷ ᠪᠣᠯᠪᠠ᠃ ᠤᠳᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄        ᠨᠢᠭᠡ᠂ 11 ᠰᠠᠷ᠎ᠠ ᠶᠢᠨ 28᠂ 29 ᠪᠠ 30 ᠤ ᠡᠳᠦᠷ᠂ ᠠᠯᠳ᠋ᠬᠠᠮᠡᠭᠡᠯ ᠪᠠᠯᠭᠠᠰᠤ ᠶᠢᠨ ᠲᠣᠭᠤᠷᠢᠭ ︵ᠡᠷᠬᠢᠨ ᠲᠣᠭᠤᠷᠢᠨ ᠤ ᠭᠠᠴᠠᠭ᠎ᠠ ᠪᠠᠭᠲᠠᠬᠤ ᠦᠭᠡᠢ︶ ᠲᠤ 3 ᠤᠳᠠᠭᠠᠨ ᠤ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠥᠷᠨᠢᠭᠦᠯᠵᠦ᠂ ᠪᠠᠶᠢᠴᠠᠭᠠᠯᠲᠠ ᠬᠢᠬᠦ ᠴᠠᠭ ᠨᠢ ᠡᠳᠦᠷ ᠪᠦᠷᠢ ᠶᠢᠨ 10᠄ 00 ︱ 12᠄ 00 ᠪᠣᠯᠣᠨ᠎ᠠ᠃ ᠪᠥᠭᠡᠮ ᠬᠦᠴᠢᠯ ᠤᠨ ᠪᠠᠶᠢᠴᠠᠭᠠᠯᠲᠠ ᠶᠢ ᠵᠠᠯᠭᠠᠭ᠎ᠠ ᠪᠠᠷ 3 ᠤᠳᠠᠭ᠎ᠠ ᠬᠢᠵᠦ ᠨᠡᠶᠢᠭᠡᠮ ᠤᠨ ᠲᠠᠯ᠎ᠠ ᠳᠤ ᠬᠠᠯᠳᠠᠪᠤᠷᠢᠯᠠᠭᠰᠠᠨ ᠪᠠᠶᠢᠳᠠᠯ ᠦᠭᠡᠢ ᠪᠣᠯ᠂ 3 ᠡᠳᠦᠷ ᠠᠯᠤᠰᠯᠠᠭᠠᠳ ᠳᠠᠬᠢᠨ ᠨᠢᠭᠡ ᠤᠳᠠᠭ᠎ᠠ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠨᠡᠶᠢᠭᠡᠮ ᠤᠨ ᠲᠠᠯ᠎ᠠ ᠳᠤ ᠬᠠᠯᠳᠠᠪᠤᠷᠢᠯᠠᠭᠰᠠᠨ ᠦᠭᠡᠢ ᠪᠣᠯ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ ᠵᠣᠭᠰᠣᠭᠠᠵᠤ ᠪᠣᠯᠣᠨ᠎ᠠ᠂ ᠪᠤᠰᠤᠳ ᠰᠤᠮᠤ ᠪᠠᠯᠭᠠᠰᠤ ᠵᠢᠴᠢ ᠠᠯᠳ᠋ᠬᠠᠮᠡᠭᠡᠯ ᠪᠠᠯᠭᠠᠰᠤ ᠶᠢᠨ ᠡᠷᠬᠢᠨ ᠲᠣᠭᠤᠷᠢᠨ ᠤ ᠭᠠᠴᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ ᠠᠰ ᠲᠤᠨᠢ ᠮᠡᠳᠡᠭᠳᠡᠨ᠎ᠡ᠃ ᠪᠥᠬᠦ ᠰᠠᠭᠤᠭᠠᠯᠢ ᠠᠷᠠᠳ ᠠᠮᠠᠪᠴᠢ ᠪᠠᠨ ᠰᠠᠶᠢᠲᠤᠷ ᠵᠡᠭᠦᠵᠦ᠂ ᠠᠮᠤᠷ ᠲᠦᠪᠰᠢᠨ ᠤ ᠵᠠᠢ ᠶᠢ ᠪᠠᠲᠤᠯᠠᠨ᠂ ᠪᠥᠭᠡᠮ ᠬᠦᠴᠢᠯ ᠤᠨ ᠦᠯᠢᠭᠡᠷ ᠠᠪᠬᠤ ᠠᠵᠢᠯ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠪᠠᠶᠢᠴᠠᠭᠠᠯᠲᠠ ᠬᠢᠵᠦ ᠪᠠᠷᠠᠪᠠᠯ ᠳᠠᠷᠤᠶᠢᠬᠠᠨ ᠪᠤᠴᠠᠬᠤ ᠬᠡᠷᠡᠭᠲᠡᠢ᠃ ᠭᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠥᠰ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠳᠤ ᠣᠷᠤᠯᠴᠠᠬᠤ ᠦᠭᠡᠢ᠂ ᠠᠵᠢᠯᠲᠠᠨ ᠭᠡᠷ ᠲᠤᠨᠢ ᠬᠦᠷᠴᠦ ᠥᠯᠢᠭᠡᠷ ᠠᠪᠬᠤ ᠪᠣᠯᠣᠨ᠎ᠠ᠃        ᠬᠤᠶᠠᠷ᠂ ᠪᠥᠬᠦ ᠰᠠᠭᠤᠭᠠᠯᠢ ᠠᠷᠠᠳ ᠴᠢᠬᠤᠯᠠ ᠦᠭᠡᠢ ᠪᠣᠯ ᠭᠡᠷ ᠠᠴᠠ ᠪᠠᠨ ᠭᠠᠷᠬᠤ ᠦᠭᠡᠢ ᠪᠠᠶᠢᠬᠤ ᠶᠢ ᠪᠠᠷᠢᠮᠲᠠᠯᠠᠵᠤ᠂ ᠡᠯ᠎ᠡ ᠰᠤᠮᠤ ᠪᠠᠯᠭᠠᠰᠤ ᠶᠢᠨ ᠬᠤᠭᠤᠷᠣᠨᠳᠤ ᠪᠠᠨ ᠳᠤᠷ᠎ᠠ ᠪᠠᠷ ᠰᠢᠯᠵᠢᠵᠦ ᠪᠣᠯᠬᠤ ᠦᠭᠡᠢ᠂ ᠨᠡᠶᠢᠭᠡᠮ ᠤᠨ ᠬᠠᠮᠢᠶᠠᠷᠤᠨ ᠡᠵᠡᠮᠳᠡᠬᠦ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠨᠡᠶᠢᠭᠡᠮ ᠲᠣᠭᠤᠷᠢᠭ ᠵᠢᠴᠢ ᠣᠯᠠᠨ ᠨᠡᠶᠢᠲᠡ ᠶᠢᠨ ᠲᠠᠯᠠᠪᠤᠷ ᠤᠨ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ︔ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠤᠳᠤᠷᠢᠳᠤᠯᠭ᠎ᠠ᠂ ᠨᠢᠭᠡᠴᠡ ᠤᠳ ᠳᠠᠭᠠᠭᠠᠴᠢᠯᠠᠨ ᠬᠤᠯᠪᠣᠭᠠᠯᠠᠭᠰᠠᠨ ᠵᠢᠵᠢᠭ ᠲᠣᠭᠤᠷᠢᠭ ᠲᠤ ᠪᠠᠭᠤᠵᠤ 24 ᠴᠠᠭ ᠤᠨ ᠵᠢᠵᠢᠭᠦᠷᠯᠡᠨ ᠰᠠᠬᠢᠬᠤ ᠵᠢᠴᠢ ᠳᠠᠩᠰᠠᠯᠠᠬᠤ ᠠᠵᠢᠯ ᠢ ᠰᠠᠶᠢᠲᠤᠷ ᠬᠢᠵᠦ᠂ ᠪᠥᠬᠦ ᠰᠠᠭᠤᠭᠠᠯᠢ ᠠᠷᠠᠳ ᠢᠳᠡᠪᠬᠢᠲᠡᠢ ᠬᠠᠮᠵᠢᠯᠴᠠᠨ᠂ ᠪᠣᠶ ᠪᠦᠬᠦᠢ ᠬᠥᠮᠥᠰ ᠴᠢᠬᠤᠯᠠ ᠦᠭᠡᠢ ᠪᠣᠯ ᠰᠢᠨ᠎ᠡ ᠪᠠᠷᠭᠤ ᠪᠠᠷᠠᠭᠤᠨ ᠬᠤᠰᠢᠭᠤᠨ ᠠᠴᠠ ᠭᠠᠷᠬᠤ ᠶᠢ ᠴᠠᠭᠠᠵᠠᠯᠠᠬᠤ ᠬᠡᠷᠡᠭᠲᠡᠢ᠃        ᠭᠤᠷᠪᠠ᠂ ᠲᠣᠰ ᠡᠳᠦᠷ ᠠᠴᠠ ᠡᠬᠢᠯᠡᠨ᠂ ᠪᠥᠬᠦ ᠬᠤᠰᠢᠭᠤᠨ ᠤ ᠡᠯ᠎ᠡ ᠨᠢᠭᠡᠴᠡ ᠭᠡᠷ ᠲᠡᠭᠡᠨ ᠤᠶᠠᠨ ᠬᠠᠲᠠᠨ ᠠᠵᠢᠯᠯᠠᠬᠤ ᠳᠦᠷᠢᠮ ᠢ ᠬᠡᠷᠡᠭᠵᠢᠭᠦᠯᠵᠦ᠂ ᠬᠠᠮᠢᠶ᠎ᠠ ᠪᠦᠬᠦᠢ ᠠᠵᠢᠯ ᠢ ᠵᠢᠯᠤᠭᠤᠳᠬᠤ ᠭᠠᠵᠠᠷ ᠤᠨ ᠠᠵᠢᠯ ᠤᠨ ᠬᠡᠷᠡᠭᠴᠡᠭᠡ ᠶᠢ ᠦᠨᠳᠦᠰᠦᠯᠡᠨ ᠴᠠᠭ ᠲᠤᠬᠠᠢ ᠳᠤᠨᠢ ᠲᠣᠬᠢᠷᠠᠭᠤᠯᠤᠨ᠎ᠠ︔ ᠬᠤᠰᠢᠭᠤᠨ ᠳᠤ ᠰᠠᠭᠤᠭ᠎ᠠ ᠡᠯ᠎ᠡ ᠠᠵᠤ ᠠᠬᠤᠶᠢᠯᠠᠯ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠴᠢᠬᠤᠯᠠ ᠦᠭᠡᠢ ᠪᠣᠯ ᠭᠠᠳᠠᠭᠰᠢ ᠭᠠᠷᠴᠤ ᠪᠣᠯᠬᠤ ᠦᠭᠡᠢ᠃        ᠳᠥᠷᠪᠡ᠂ ᠪᠥᠬᠦ ᠬᠤᠰᠢᠭᠤᠨ ᠤ ᠡᠯ᠎ᠡ ᠲᠥᠷᠥᠯ ᠤᠨ ᠡᠵᠡᠩᠨᠡᠯᠲᠡ ᠶᠢᠨ ᠭᠠᠵᠠᠷ ᠢ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠪᠠᠲᠤᠯᠠᠭ᠎ᠠ ᠶᠢᠨ ᠠᠵᠢᠯ ᠲᠥᠷᠥᠯ ᠠᠴᠠ ᠪᠤᠰᠤᠳ ᠢ ᠨᠢ ᠴᠥᠮ ᠬᠠᠭᠠᠵᠤ ᠵᠣᠭᠰᠣᠭᠠᠨ᠎ᠠ︔ ᠪᠥᠬᠦ ᠬᠤᠰᠢᠭᠤᠨ ᠤ ᠲᠦᠷᠢᠶᠡᠰᠦᠨ ᠮᠠᠰᠢᠨ ᠲᠡᠷᠭᠡ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠵᠡᠷᠭᠡ ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ ᠶᠢ ᠲᠦᠷ ᠵᠣᠭᠰᠣᠭᠠᠨ᠎ᠠ︔ ᠪᠥᠬᠦ ᠬᠤᠰᠢᠭᠤᠨ ᠤ ᠪᠣᠶ ᠪᠦᠬᠦᠢ ᠬᠤᠪᠢ ᠶᠢᠨ ᠡᠮᠴᠢᠯᠡᠭᠡᠨ ᠤ ᠭᠠᠵᠠᠷ᠂ ᠡᠭᠦᠳᠡᠨ ᠡᠮᠨᠡᠯᠭᠡ ᠶᠢᠨ ᠭᠠᠵᠠᠷ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠮᠴᠢᠯᠡᠭᠡ ᠶᠢ ᠵᠣᠭᠰᠣᠭᠠᠵᠤ᠂ ᠡᠯ᠎ᠡ ᠡᠮᠨᠡᠯᠭᠡ ᠶᠢᠨ ᠬᠤᠷᠢᠶ᠎ᠠ᠂ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠦᠷᠭᠡᠨ ᠡᠮᠴᠢᠯᠡᠭᠡ᠂ ᠨᠡᠪᠴᠢᠭᠦᠯᠬᠦ ᠵᠠᠰᠠᠯ᠂ ᠵᠢᠷᠮᠦᠰᠦᠨ ᠡᠮᠡᠭᠲᠡᠢ᠂ ᠬᠠᠯᠠᠭᠤᠷᠠᠬᠤ ᠡᠭᠦᠳᠡᠨ ᠡᠮᠨᠡᠯᠭᠡ ᠵᠡᠷᠭᠡ ᠡᠷᠬᠡᠪᠰᠢ ᠡᠮᠨᠡᠯᠭᠡ ᠶᠢᠨ ᠬᠤᠷᠢᠶ᠎ᠠ ᠳᠤ ᠬᠦᠷᠴᠦ ᠡᠮᠨᠡᠭᠦᠯᠬᠦ ᠴᠢᠬᠤᠯᠠᠲᠠᠢ ᠡᠪᠡᠳᠴᠢᠲᠡᠨ ᠢ ᠭᠠᠷᠭᠠᠪᠠᠯ᠂ ᠪᠤᠰᠤᠳ ᠰᠠᠯᠠᠭ᠎ᠠ ᠲᠠᠰᠤᠭ ᠤᠨ ᠡᠪᠡᠳᠴᠢᠲᠡᠨ ᠢ ᠭᠥᠯᠢᠶᠡᠨ ᠠᠪᠬᠤ ᠶᠢ ᠲᠦᠷ ᠵᠣᠭᠰᠣᠭᠠᠨ᠎ᠠ︔ ᠠᠰᠠᠷᠠᠮᠵᠢ ᠶᠢᠨ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠭᠢᠨᠳᠠᠨ ᠤ ᠭᠠᠵᠠᠷ ᠲᠤ ᠪᠦᠬᠦᠨ ᠢ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠬᠥᠮᠥᠰ ᠤᠨ ᠣᠷᠣᠵᠤ ᠭᠠᠷᠬᠤ ᠶᠢ ᠴᠢᠩᠭ᠎ᠠ ᠴᠠᠭᠠᠵᠠᠯᠠᠨ᠎ᠠ᠃        ᠲᠠᠪᠤ᠂ ᠬᠠᠷᠢᠶ᠎ᠠ ᠣᠷᠣᠨ ᠳᠠᠬᠢ ᠰᠠᠭᠤᠭᠠᠯᠢ ᠠᠷᠠᠳ ᠴᠢᠬᠤᠯᠠ ᠦᠭᠡᠢ ᠪᠣᠯ ᠴᠥᠮ ᠬᠤᠰᠢᠭᠤᠨ ᠠᠴᠠ ᠭᠠᠷᠬᠤ ᠦᠭᠡᠢ᠂ ᠭᠠᠳᠠᠭᠰᠢ ᠭᠠᠷᠬᠤ ᠦᠭᠡᠢ᠂ ᠵᠡᠭᠡᠯᠢ ᠳᠤ ᠭᠠᠷᠬᠤ ᠦᠭᠡᠢ᠂ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠦᠭᠡᠢ ︵ᠰᠠᠨᠠᠭᠠᠴᠢᠯᠠᠭ᠎ᠠ ᠠᠴᠠ ᠪᠠᠨ ᠪᠥᠭᠡᠮ ᠬᠦᠴᠢᠯ ᠤᠨ ᠥᠯᠢᠭᠡᠷ ᠠᠪᠬᠤ ᠠᠵᠢᠯ ᠳᠤ ᠬᠠᠮᠵᠢᠯᠴᠠᠨ ᠳᠠᠷᠤᠶᠢᠬᠠᠨ ᠭᠠᠷᠴᠤ ᠳᠠᠷᠤᠶᠢᠬᠠᠨ ᠪᠤᠴᠠᠬᠤ︶ ᠪᠠᠶᠢᠵᠤ᠂ ᠬᠥᠮᠥᠨ ᠬᠠᠷ᠎ᠠ ᠴᠤᠭᠯᠠᠷᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠠᠴᠠ ᠵᠠᠶᠢᠯᠠᠰᠬᠢᠬᠦ ᠬᠡᠷᠡᠭᠲᠡᠢ᠃ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠢ᠂ ᠬᠥᠮᠥᠨ ᠬᠠᠷ᠎ᠠ ᠬᠦᠨᠳᠦ ᠨᠣᠴᠢᠲᠠᠢ ᠴᠤᠭᠯᠠᠷᠠᠭᠰᠠᠨ᠂ ᠠᠶᠤᠯ ᠲᠦᠭᠰᠢᠭᠦᠷᠢᠲᠡᠢ ᠬᠥᠮᠥᠰ ᠠᠵᠢᠯᠯᠠᠭ᠎ᠠ ᠳᠤ ᠣᠷᠣᠯᠴᠠᠭᠰᠠᠨ ᠠᠴᠠ ᠪᠣᠯᠵᠤ ᠬᠢᠵᠢᠭ ᠤᠨ ᠪᠠᠶᠢᠳᠠᠯ ᠢ ᠳᠡᠯᠭᠡᠷᠡᠭᠦᠯᠦᠨ ᠲᠠᠷᠬᠠᠭᠠᠭᠰᠠᠨ ᠪᠠᠶᠢᠪᠠᠯ᠂ ᠬᠠᠮᠢᠶ᠎ᠠ ᠪᠦᠬᠦᠢ ᠬᠥᠮᠥᠰ ᠠᠴᠠ ᠬᠠᠥᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃        ᠵᠢᠷᠭᠤᠭ᠎ᠠ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠴᠠᠭ ᠤᠨ ᠬᠢᠵᠠᠭᠠᠷ ᠢ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠢ ᠳᠤᠨᠢ ᠬᠥᠳᠡᠯᠦᠩᠭᠦᠢ ᠪᠠᠷ ᠲᠣᠬᠢᠷᠠᠭᠤᠯᠤᠨ᠎ᠠ᠃ ᠣᠳᠣᠬᠠᠨ ᠳᠤ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠡᠵᠡᠮᠳᠡᠵᠦ ᠪᠣᠯᠬᠤ ᠪᠥᠭᠡᠳ ᠡᠯ᠎ᠡ ᠲᠥᠷᠥᠯ ᠤᠨ ᠡᠳ᠋ ᠪᠣᠳᠠᠰ ᠤᠨ ᠨᠥᠭᠡᠴᠡ ᠭᠦᠢᠴᠡᠳ ᠪᠠᠶᠢᠨ᠎ᠠ᠃ ᠥᠷᠭᠡᠨ ᠣᠯᠠᠨ ᠰᠠᠭᠤᠭᠠᠯᠢ ᠠᠷᠠᠳ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠵᠢᠷᠤᠮᠯᠠᠬᠤ ᠶᠢ ᠬᠦᠰᠡᠵᠦ ᠪᠠᠶᠢᠨ᠎ᠠ᠃ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠠᠴᠠ ᠬᠠᠮᠢᠶ᠎ᠠ ᠪᠦᠬᠦᠢ ᠪᠠᠶᠢᠳᠠᠯ ᠢ ᠴᠠᠭ ᠲᠤᠬᠠᠢ ᠳᠤᠨᠢ ᠨᠡᠶᠢᠲᠡᠯᠡᠵᠦ᠂ ᠣᠯᠠᠨ ᠢᠶᠠᠷ ᠢᠶᠠᠨ ᠢᠳᠡᠪᠬᠢᠲᠡᠢ ᠬᠠᠮᠵᠢᠯᠴᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠮᠲᠤ ᠪᠠᠷ ᠰᠠᠶᠢᠲᠤᠷ ᠬᠢᠬᠦ ᠶᠢ ᠬᠦᠰᠡᠵᠦ ᠪᠠᠶᠢᠨ᠎ᠠ᠃            ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ               ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                          2022 ᠣᠨ ᠤ 11 ᠰᠠᠷ᠎ᠠ ᠶᠢᠨ 28 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号