ᠰᠢᠨ᠎ᠡ ᠪᠠᠷᠭᠤ ᠪᠠᠷᠠᠭᠤᠨ ᠬᠤᠰᠢᠭᠤᠨ ᠤ ᠭᠤᠣᠯᠳᠠᠯᠭ᠎ᠠ ᠲᠠᠢ ᠣᠷᠣᠨ ᠬᠡᠪᠴᠢᠶᠡᠨ ᠳᠤ ᠠᠩᠬᠠᠳᠤᠭᠠᠷ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠦᠷ᠎ᠡ ᠳ᠋ᠦᠩ ᠤᠨ ᠲᠤᠬᠠᠢ ﹇2022﹈ 66 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/11/29
       11 ᠰᠠᠷ᠎ᠠ ᠶᠢᠨ 28 ᠤ ᠡᠳᠦᠷ ᠤᠨ 10 ᠴᠠᠭ ᠠᠴᠠ 12 ᠴᠠᠭ ᠤᠨ ᠬᠤᠭᠤᠷᠣᠨᠳᠤ᠂ ᠮᠠᠨ ᠤ ᠬᠤᠰᠢᠭᠤ ᠠᠩᠬᠠᠳᠤᠭᠠᠷ ᠡᠭᠡᠯᠵᠢ ᠶᠢᠨ ᠣᠷᠣᠨ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠥᠷᠨᠢᠭᠦᠯᠵᠦ᠂ ᠠᠯᠳ᠋ᠬᠠᠮᠡᠭᠡᠯ ᠪᠠᠯᠭᠠᠰᠤ ᠶᠢᠨ ᠲᠣᠭᠤᠷᠢᠭ ᠲᠤ ᠪᠠᠶᠢᠭ᠎ᠠ ᠬᠦᠮᠦᠰ ︵ᠲᠣᠰ ᠭᠠᠵᠠᠷ ᠤᠨ ᠪᠠᠶᠢᠩᠭᠤ ᠰᠠᠭᠤᠭ᠎ᠠ ᠬᠥᠮᠥᠨ ᠠᠮᠠ᠂ ᠲᠦᠷ ᠴᠠᠭ ᠤᠨ ᠨᠡᠭᠦᠳᠡᠯ ᠬᠥᠮᠥᠨ ᠠᠮᠠ᠂ ᠭᠠᠳᠠᠨ᠎ᠠ ᠣᠷᠣᠨ ᠤ ᠬᠦᠮᠦᠰ ᠵᠡᠷᠭᠡ ᠪᠠᠭᠲᠠᠨ᠎ᠠ︶ ᠰᠢᠯᠭᠠᠨ ᠪᠠᠶᠢᠴᠠᠭᠠᠯᠲᠠ ᠳᠤ ᠣᠷᠣᠯᠴᠠᠵᠤ᠂ ᠨᠡᠶᠢᠲᠡ 23724 ᠬᠦᠮᠦᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠦᠷ᠎ᠡ ᠳ᠋ᠦᠩ ᠳᠤ ᠪᠢᠯᠢᠭ ᠴᠢᠨᠠᠷᠲᠠᠢ 23723 ᠬᠥᠮᠥᠨ᠂ ᠠᠷᠭ᠎ᠠ ᠴᠢᠨᠠᠷᠲᠠᠢ 1 ᠬᠥᠮᠥᠨ ᠢ ᠢᠯᠡᠷᠡᠭᠦᠯᠦᠭᠰᠡᠨ ᠪᠠᠶᠢᠨ᠎ᠠ᠃ ᠠᠷᠭ᠎ᠠ ᠴᠢᠨᠠᠷᠲᠠᠢ ᠬᠠᠯᠳᠠᠪᠤᠷᠢᠯᠠᠭᠴᠢ ᠶᠢ ᠪᠢᠲᠡᠭᠦᠮᠵᠢᠯᠡᠨ ᠬᠠᠮᠢᠶᠠᠷᠴᠤ ᠪᠠᠶᠢᠭ᠎ᠠ ᠪᠣᠰᠤ ᠭᠤᠣᠯᠳᠠᠯᠭ᠎ᠠ ᠲᠠᠢ ᠬᠦᠮᠦᠰ ᠲᠤ ᠰᠢᠭᠰᠢᠨ ᠪᠠᠶᠢᠴᠠᠭᠠᠯᠲᠠ ᠬᠢᠬᠦ ᠶᠠᠪᠤᠴᠠ ᠳᠤ ᠢᠯᠡᠷᠡᠭᠦᠯᠪᠡ᠃        ᠣᠳᠣᠬᠠᠨ ᠳᠤ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠶᠡᠷᠦᠩᠬᠡᠢ ᠳᠡᠭᠡᠨ ᠡᠵᠡᠮᠳᠡᠵᠦ ᠪᠣᠯᠬᠤ ᠪᠣᠯᠪᠠᠴᠤ᠂ ᠲᠦᠭᠰᠢᠭᠦᠷᠢ ᠮᠥᠨ ᠣᠷᠣᠰᠢᠭᠰᠠᠭᠠᠷ ᠪᠠᠶᠢᠨ᠎ᠠ᠃ ᠥᠷᠭᠡᠨ ᠣᠯᠠᠨ ᠰᠠᠭᠤᠭᠠᠯᠢ ᠠᠷᠠᠳ ᠡᠷᠬᠡᠪᠰᠢ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠂ ᠠᠷᠠᠳ ᠢᠷᠭᠡᠳ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠳᠤ ᠰᠠᠶᠢᠲᠤᠷ ᠬᠠᠮᠵᠢᠯᠴᠠᠵᠤ᠂ ᠲᠠᠷᠠᠭᠠᠴᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂ ᠲᠣᠰ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠬᠦ ᠶᠢ ᠪᠠᠷᠢᠮᠲᠠᠯᠠᠨ᠂ ᠪᠦᠭᠡᠮᠨᠡᠷᠡᠨ ᠴᠤᠭᠯᠠᠷᠠᠬᠤ ᠦᠭᠡᠢ᠂ 2 ᠮᠧᠲᠷ ᠤᠨ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠵᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠺᠣᠳ᠋ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠢᠳᠡᠪᠬᠢᠲᠡᠢ ᠬᠠᠮᠵᠢᠯᠴᠠᠨ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢᠲᠡᠭᠡᠬᠦ ᠦᠭᠡᠢ᠂ ᠴᠤᠤᠷᠬᠠᠯ ᠳᠠᠮᠵᠢᠭᠤᠯᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠬᠠᠮᠲᠤ ᠪᠠᠷ ᠪᠠᠶᠢᠭᠤᠯᠬᠤ ᠶᠢ ᠬᠦᠰᠡᠵᠦ ᠪᠠᠶᠢᠨ᠎ᠠ᠃              ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                              2022 ᠣᠨ ᠤ 11 ᠰᠠᠷ᠎ᠠ ᠶᠢᠨ 29 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号