ᠬᠥᠯ ᠢᠶᠠᠨ ᠦᠨᠳᠦᠷ ᠡᠷᠭᠦᠵᠦ ᠠᠯᠬᠤᠪᠠᠯ ᠪᠡᠶ᠎ᠡ ᠴᠢᠬᠢᠷᠠᠭᠵᠢᠨ᠎ᠠ
ᠨᠡᠶᠢᠲᠡᠯᠡᠭᠰᠡᠨ ᠴᠠᠭ᠄
2022/11/3
       ᠨᠠᠰᠤᠲᠠᠶᠢᠴᠤᠳ ᠵᠥᠪ ᠵᠣᠭᠰᠣᠬᠤ ᠬᠡᠯᠪᠡᠷᠢ ᠶᠢ ᠡᠷᠬᠢᠮᠯᠡᠬᠦ ᠨᠢ ᠡᠯ᠎ᠡ ᠨᠡᠬᠡᠳᠡᠰᠦ ᠡᠷᠬᠡᠲᠡᠨ ᠤ ᠹᠢᠽᠣᠯᠣᠬᠢ ᠶᠢᠨ ᠴᠢᠳᠠᠪᠤᠷᠢ ᠶᠢ ᠠᠬᠢᠭᠤᠯᠵᠤ᠂ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠢ ᠪᠠᠲᠤᠯᠠᠨ᠂ ᠡᠪᠡᠳᠴᠢᠨ ᠡᠮᠬᠡᠭ ᠡᠭᠦᠰᠬᠦ ᠠᠴᠠ ᠰᠡᠷᠭᠡᠶᠢᠯᠡᠬᠦ ᠶᠢᠨ ᠲᠦᠯᠦᠭᠡ ᠶᠤᠮ᠃        ᠨᠠᠰᠤ ᠠᠬᠢᠬᠤ ᠶᠢ ᠳᠠᠭᠠᠯᠳᠤᠨ᠂ ᠬᠥᠯ ᠤᠨ ᠬᠦᠴᠦ ᠲᠠᠷ ᠵᠢᠯ ᠠᠴᠠ ᠵᠢᠯ ᠮᠠᠭᠤᠳᠠᠨ᠎ᠠ᠂ ᠬᠡᠷᠪᠡ ᠡᠩ ᠤᠨ ᠦᠶ᠎ᠡ ᠳᠤ ᠠᠯᠬᠤᠬᠤ ᠳᠠᠭᠠᠨ ᠰᠠᠨᠠᠭᠠᠴᠢᠯᠠᠭ᠎ᠠ ᠲᠠᠢ ᠪᠠᠷ ᠵᠢᠭᠠᠬᠠᠨ ᠬᠤᠷᠳᠤᠨ ᠠᠯᠬᠤᠬᠤ ᠦᠭᠡᠢ ᠪᠣᠯ᠂ ᠤᠳᠠᠭᠠᠨ ᠳᠠᠭᠠᠨ ᠠᠭᠠᠵᠢᠮ ᠠᠯᠬᠤᠬᠤ ᠳᠠᠳᠬᠠᠯ ᠲᠠᠢ ᠪᠣᠯᠳᠠᠭ᠂ ᠢᠩᠭᠢᠪᠡᠯ ᠬᠥᠯ ᠤᠨ ᠬᠡᠰᠡᠭ ᠤᠨ ᠪᠤᠯᠴᠢᠩ ᠰᠠᠶᠢᠲᠤᠷ ᠪᠣᠯᠪᠠᠰᠤᠷᠠᠵᠤ ᠳᠡᠶᠢᠯᠬᠦ ᠦᠭᠡᠢ ᠪᠣᠯᠵᠤ᠂ ᠪᠤᠯᠴᠢᠩ ᠬᠠᠲᠠᠩᠬᠢᠷᠠᠨ᠂ ᠬᠤᠶᠠᠷ ᠬᠥᠯ ᠢᠶᠠᠨ ᠡᠷᠭᠦᠵᠦ ᠳᠡᠶᠢᠯᠬᠦ ᠦᠭᠡᠢ ᠪᠣᠯᠣᠨ᠎ᠠ᠃ ᠡᠶᠢᠮᠦ ᠠᠴᠠ᠂ ᠨᠠᠰᠤᠲᠠᠶᠢᠴᠤᠳ ᠵᠠᠮ ᠶᠠᠪᠤᠬᠤ ᠳᠠᠭᠠᠨ ᠬᠤᠷᠳᠤᠨ ᠰᠢᠭ᠋ ᠶᠠᠪᠤᠬᠤ ᠶᠢ ᠠᠩᠬᠠᠷᠬᠤ ᠠᠴᠠ ᠭᠠᠳᠠᠨ᠎ᠠ᠂ ᠪᠠᠰᠠ ᠬᠥᠯ ᠢᠶᠠᠨ ᠦᠨᠳᠦᠷ ᠡᠷᠭᠦᠵᠦ ᠠᠯᠬᠤᠪᠠᠯ᠂ ᠬᠥᠯ ᠮᠠᠭᠤᠳᠠᠬᠤ ᠶᠢ ᠰᠡᠷᠭᠡᠶᠢᠯᠡᠵᠦ᠂ ᠤᠷᠲᠤ ᠨᠠᠰᠤᠯᠠᠬᠤ ᠳᠤ ᠲᠤᠰᠠᠲᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号