ᠣᠶᠢᠷ᠎ᠠ ᠶᠢᠨ ᠡᠳᠦᠷ᠂ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ | ᠬᠤᠲᠠ ᠶᠢᠨ ᠳᠠᠷᠤᠭ᠎ᠠ ᠶᠠᠩ ᠽᠢ ᠵᠢᠶᠠᠩ ᠮᠠᠨ ᠤ ᠬᠤᠰᠢᠭᠤᠨ ᠳᠤ ᠢᠷᠡᠵᠦ᠂ ᠬᠦᠯᠦᠨ ᠨᠠᠭᠤᠷ ᠤᠨ ᠶᠡᠷᠦᠩᠬᠡᠶᠢᠯᠡᠨ | ᠵᠠᠰᠠᠬᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠰᠣᠳᠣᠯᠵᠤ | ᠬᠢᠨᠠᠨ ᠵᠢᠯᠣᠭᠤᠳᠬᠤ ᠶᠢᠨ ᠬᠠᠮᠲᠤ᠂ ᠨᠠᠮ ᠵᠠᠰᠠᠭ ᠤᠨ ᠠᠵᠢᠯᠯᠠᠬᠤ ᠠᠰᠠᠷ ᠤᠨ ᠨᠢᠭᠡᠳᠦᠭᠡᠷ ᠳᠠᠪᠬᠤᠷᠭ᠎ᠠ ᠶᠢᠨ | ᠬᠤᠷᠠᠯ ᠤᠨ ᠭᠡᠷ ᠲᠤ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠢᠶᠠᠨ ᠹᠧᠩ ᠯᠢᠨ᠂ ᠪᠠᠢ ᠴᠦᠨ | ᠮᠸᠢ ᠬᠤᠷᠠᠯ ᠳᠤ ᠣᠷᠣᠯᠴᠠᠪᠠ᠃ | ᠬᠤᠷᠠᠯ ᠳᠤ᠂ ᠮᠠᠨ ᠤ ᠬᠤᠰᠢᠭᠤᠨ ᠬᠦᠯᠦᠨ ᠨᠠᠭᠤᠷ ᠤᠨ ᠶᠡᠷᠦᠩᠬᠡᠶᠢᠯᠡᠨ ᠵᠠᠰᠠᠬᠤ ᠲᠦᠷᠦᠯ ᠵᠦᠢᠯ ᠢ | ᠪᠡᠶᠡᠯᠡᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ | | | | ᠶᠠᠩ ᠽᠢ ᠵᠢᠶᠠᠩ ᠴᠢᠬᠤᠯᠠᠴᠢᠯᠠᠬᠤ ᠳᠠᠭᠠᠨ᠂ ᠬᠦᠯᠦᠨ ᠨᠠᠭᠤᠷ ᠤᠨ ᠰᠠᠪᠠ ᠭᠠᠵᠠᠷ ᠤᠨ ᠠᠮᠢ ᠠᠬᠤᠢ | ᠣᠷᠴᠢᠨ ᠲᠣᠭᠤᠷᠢᠨ ᠢ ᠬᠠᠮᠠᠭᠠᠯᠠᠬᠤ ᠪᠣᠯ ᠮᠠᠨ ᠤ ᠤᠯᠤᠰ ᠤᠨ ᠤᠮᠠᠷᠠᠲᠤ ᠣᠷᠣᠨ ᠤ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠴᠢᠬᠤᠯᠠ ᠡᠭᠦᠷᠭᠡ ᠪᠣᠯᠣᠨ᠎ᠠ᠃ ᠰᠢᠨ᠎ᠡ ᠪᠠᠷᠭᠤ ᠪᠠᠷᠠᠭᠤᠨ ᠬᠤᠰᠢᠭᠤ | ᠬᠦᠯᠦᠨ ᠨᠠᠭᠤᠷ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ | ᠶᠡᠷᠦᠩᠬᠡᠢ ᠱᠦᠵᠢ ᠶᠢᠨ ᠬᠦᠯᠦᠨ ᠨᠠᠭᠤᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠣᠷᠣᠨ᠂ ᠬᠦᠯᠦᠨ | ᠪᠣᠶᠢᠷ ᠬᠤᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠳᠡᠭᠡᠳᠦ ᠬᠡᠮᠵᠢᠶᠡᠨ ᠤ ᠤᠯᠤᠰ ᠲᠦᠷᠥ ᠶᠢᠨ | ᠬᠠᠷᠢᠭᠤᠴᠠᠯᠭᠠᠲᠤ ᠰᠡᠳᠬᠢᠯᠭᠡ ᠪᠠᠷ ᠬᠦᠯᠦᠨ ᠨᠠᠭᠤᠷ ᠤᠨ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ | ᠵᠠᠰᠠᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠡᠢ᠃ | ᠶᠠᠩ ᠽᠢ ᠵᠢᠶᠠᠩ ᠱᠠᠭᠠᠷᠳᠠᠬᠤ ᠳᠠᠭᠠᠨ᠂ ᠰᠢᠨ᠎ᠡ ᠪᠠᠷᠭᠤ ᠪᠠᠷᠠᠭᠤᠨ ᠬᠤᠰᠢᠭᠤ ᠬᠦᠯᠦᠨ ᠨᠠᠭᠤᠷ ᠤᠨ ᠠᠮᠢ | ᠠᠬᠤᠢ ᠶᠢ ᠶᠡᠷᠦᠩᠬᠡᠶᠢᠯᠡᠨ ᠵᠠᠰᠠᠬᠤ ᠪᠠᠷ ︽ᠲᠡᠷᠢᠭᠦᠨ ᠢᠨᠵᠧᠨᠧᠷᠢᠩ︾ ᠪᠣᠯᠭᠠᠵᠤ᠂ ᠲᠠᠪᠤᠨ ᠶᠡᠭᠡ ᠡᠭᠦᠷᠭᠡ ᠶᠢ ᠴᠢᠩᠭ᠎ᠠ | ᠨᠠᠶᠢᠳᠠᠪᠤᠷᠢᠵᠢᠭᠤᠯᠤᠨ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠢᠯᠡ | ᠠᠵᠢᠯᠯᠠᠭ᠎ᠠ ᠶᠢᠨ ᠲᠠᠯ᠎ᠠ ᠪᠠᠷ ᠲᠦᠷᠭᠡᠨ ᠨᠠᠶᠢᠳᠠᠪᠤᠷᠢᠵᠢᠭᠤᠯᠤᠨ᠂ ᠲᠣᠭᠲᠠᠭᠰᠠᠨ ᠴᠠᠭ ᠬᠤᠭᠤᠴᠠᠭ᠎ᠠ ᠶᠣᠰᠣᠭᠠᠷ | ᠬᠠᠷᠠᠯᠲᠠ ᠡᠭᠦᠷᠭᠡ ᠪᠠᠨ ᠪᠡᠶᠡᠯᠡᠭᠦᠯᠵᠦ᠂ ᠦᠷ᠎ᠡ ᠪᠦᠲᠦᠮᠵᠢ ᠶᠢᠨ ᠲᠠᠯ᠎ᠠ ᠪᠠᠷ ᠤᠷᠢᠳᠴᠢᠯᠠᠭᠰᠠᠨ ᠵᠢᠱᠢᠯᠲᠠ ᠳᠤ | ᠬᠦᠷᠭᠡᠬᠦ ᠶᠢᠨ ᠬᠠᠮᠲᠤ᠂ ᠢᠷᠡᠬᠦ ᠵᠢᠯ ᠤᠨ ᠡᠭᠦᠷᠭᠡ ᠪᠠᠨ ᠤᠷᠢᠳᠴᠢᠯᠠᠨ ᠲᠦᠯᠦᠪᠯᠡᠵᠦ᠂ ᠬᠠᠮᠠᠭᠠᠯᠠᠬᠤ ᠵᠠᠰᠠᠬᠤ ᠤᠷᠲᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠴᠢᠷᠮᠠᠶᠢᠨ ᠪᠠᠶᠢᠭᠤᠯᠵᠤ᠂ ᠬᠦᠯᠦᠨ ᠨᠠᠭᠤᠷ ᠤᠨ ᠰᠠᠪᠠ ᠭᠠᠵᠠᠷ ᠤᠨ | ᠠᠮᠢ ᠠᠬᠤᠢ ᠶᠢ ᠰᠡᠷᠭᠦᠭᠡᠬᠦ ᠪᠠ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ ᠠᠮᠢ | ᠠᠬᠤᠢ ᠶᠢᠨ ᠬᠠᠮᠠᠭᠠᠯᠠᠯᠲᠠ ᠪᠠ ᠪᠤᠬᠢᠷᠲᠤᠯ ᠦᠭᠡᠢ ᠬᠦᠭᠵᠢᠯᠲᠡ ᠶᠢᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ | ᠣᠯᠬᠤ ᠶᠢ ᠠᠬᠢᠭᠤᠯᠬᠤ ᠬᠡᠷᠡᠭᠲᠡᠢ ᠭᠡᠪᠡ᠃ | ᠶᠠᠩ ᠽᠢ ᠵᠢᠶᠠᠩ ᠨᠠᠷ ᠪᠠᠰᠠ ᠬᠦᠯᠦᠨ ᠨᠠᠭᠤᠷ ᠤᠨ ᠪᠠᠷᠠᠭᠤᠨ ᠡᠷᠭᠢ ᠪᠠ ᠬᠡᠷᠦᠯᠦᠨ ᠭᠤᠣᠯ ᠳᠠᠭᠠᠤ | ᠬᠦᠷᠴᠦ᠂ ᠢᠳᠡᠭᠳᠡᠵᠦ ᠡᠪᠳᠡᠭᠳᠡᠭᠰᠡᠨ ᠭᠤᠤ ᠵᠢᠯᠠᠭ᠎ᠠ ᠶᠢᠨ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠤᠨ | ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠵᠢᠭᠠᠨ ᠵᠢᠯᠣᠭᠤᠳᠪᠠ᠃ | | | ᠰᠣᠷᠪᠣᠯᠵᠢᠯᠠᠭᠴᠢ᠄ ᠤᠶᠠᠬᠠᠨ ᠸᠠᠩ ᠢᠦᠢ ᠶᠢᠦ ᠮᠢᠩ | | |