ᠰᠢᠨ᠎ᠡ ᠪᠠᠷᠭᠤ ᠪᠠᠷᠠᠭᠤᠨ ᠬᠤᠰᠢᠭᠤᠨ ᠤ ᠣᠷᠣᠨ ᠬᠡᠪᠴᠢᠶᠡᠨ ᠤ ᠪᠠᠶᠢᠩᠭᠤᠵᠢᠭᠰᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠤᠨ ᠲᠤᠬᠠᠢ ﹇2022﹈ 67 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/11/30
       11 ᠰᠠᠷ᠎ᠠ ᠶᠢᠨ 29 ᠤ ᠡᠳᠦᠷ᠂ ᠮᠠᠨ ᠤ ᠬᠤᠰᠢᠭᠤ ᠭᠤᠣᠯᠳᠠᠯᠭ᠎ᠠ ᠲᠠᠢ ᠣᠷᠣᠨ ᠲᠣᠭᠤᠷᠢᠭ ︵ᠠᠯᠳ᠋ᠬᠠᠮᠡᠭᠡᠯ ᠪᠠᠯᠭᠠᠰᠤ ᠶᠢᠨ ᠲᠣᠭᠤᠷᠢᠭ︶ ᠲᠤ ᠬᠤᠶᠠᠳᠤᠭᠠᠷ ᠡᠭᠡᠯᠵᠢ ᠵᠢᠴᠢ ᠪᠣᠰᠣᠳ ᠭᠠᠵᠠᠷ ᠣᠷᠣᠨ ᠳᠤ ᠠᠩᠬᠠᠳᠤᠭᠠᠷ ᠡᠭᠡᠯᠵᠢ ︵6 ᠰᠣᠮᠣ ᠪᠠᠯᠭᠠᠰᠤ᠂ ᠠᠯᠳ᠋ᠬᠠᠮᠡᠭᠡᠯ ᠪᠠᠯᠭᠠᠰᠤ ᠶᠢᠨ ᠡᠷᠭᠢᠨ ᠲᠣᠭᠤᠷᠢᠨ ᠤ ᠭᠠᠴᠠᠭ᠎ᠠ︶ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠠᠯᠳ᠋ᠬᠠᠮᠡᠭᠡᠯ ᠪᠠᠯᠭᠠᠰᠤ ᠶᠢᠨ ᠲᠣᠭᠤᠷᠢᠭ ᠲᠤ ᠪᠠᠶᠢᠭ᠎ᠠ ᠬᠦᠮᠦᠰ ︵ᠲᠤᠰ ᠭᠠᠵᠠᠷ ᠤᠨ ᠪᠠᠶᠢᠩᠭᠤ ᠰᠠᠭᠤᠭ᠎ᠠ ᠬᠦᠮᠦᠨ ᠠᠮᠠ᠂ ᠲᠦᠷ ᠴᠠᠭ ᠤᠨ ᠨᠡᠭᠦᠳᠡᠯ ᠬᠦᠮᠦᠨ ᠠᠮᠠ᠂ ᠭᠠᠳᠠᠨ᠎ᠠ ᠭᠠᠵᠠᠷ ᠤᠨ ᠬᠦᠮᠦᠰ ᠵᠡᠷᠭᠡ ᠪᠠᠭᠲᠠᠨ᠎ᠠ︶ ᠪᠠᠶᠢᠴᠠᠭᠠᠯᠲᠠ ᠳᠤ ᠣᠷᠣᠯᠴᠠᠵᠤ᠂ ᠨᠡᠶᠢᠲᠡ 34538 ᠬᠦᠮᠦᠨ ᠳᠤ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠦᠷ᠎ᠡ ᠳ᠋ᠦᠩ ᠨᠢ ᠪᠦᠬᠦᠨ ᠢᠶᠠᠷ ᠢᠶᠠᠨ ᠪᠢᠯᠢᠭ ᠴᠢᠨᠠᠷᠲᠠᠢ ᠪᠣᠯᠣᠭᠰᠠᠨ ᠪᠠᠶᠢᠨ᠎ᠠ᠃        ᠣᠳᠣᠬᠠᠨ ᠳᠤ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠶᠡᠷᠦᠩᠬᠡᠢ ᠳᠡᠭᠡᠨ ᠡᠵᠡᠮᠳᠡᠵᠦ ᠪᠣᠯᠬᠤ ᠪᠣᠯᠪᠠᠴᠤ᠂ ᠲᠦᠭᠰᠢᠭᠦᠷᠢ ᠮᠥᠨ ᠣᠷᠣᠰᠢᠭᠰᠠᠭᠠᠷ ᠪᠠᠶᠢᠨ᠎ᠠ᠃ ᠥᠷᠭᠡᠨ ᠣᠯᠠᠨ ᠰᠠᠭᠤᠭᠠᠯᠢ ᠠᠷᠠᠳ ᠡᠷᠬᠡᠪᠰᠢ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠂ ᠠᠷᠠᠳ ᠢᠷᠭᠡᠳ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠲᠣᠭᠲᠠᠭᠰᠠᠨ ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠪᠠᠨ ᠬᠢᠵᠦ ᠳᠠᠭᠤᠰᠬᠠᠨ᠂ ᠲᠣᠰ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠬᠦ ᠶᠢ ᠪᠠᠷᠢᠮᠲᠠᠯᠠᠨ᠂ ᠪᠦᠭᠡᠮᠨᠡᠷᠡᠨ ᠴᠤᠭᠯᠠᠷᠠᠬᠤ ᠦᠭᠡᠢ᠂ 2 ᠮᠧᠲᠷ ᠤᠨ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠵᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠺᠣᠳ᠋ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠢᠳᠡᠪᠬᠢᠲᠡᠢ ᠬᠠᠮᠵᠢᠯᠴᠠᠨ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢᠲᠡᠭᠡᠬᠦ ᠦᠭᠡᠢ᠂ ᠴᠤᠤᠷᠬᠠᠯ ᠳᠠᠮᠵᠢᠭᠤᠯᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠬᠠᠮᠲᠤ ᠪᠠᠷ ᠪᠠᠶᠢᠭᠤᠯᠬᠤ ᠶᠢ ᠬᠦᠰᠡᠵᠦ ᠪᠠᠶᠢᠨ᠎ᠠ᠃             ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                             2022 ᠣᠨ ᠤ 11 ᠰᠠᠷ᠎ᠠ ᠶᠢᠨ 30 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号