ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠲᠠᠢ ᠬᠠᠮᠲᠤᠷᠠᠨ ᠳᠦᠷᠪᠡᠳᠦᠭᠡᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠠᠷ︾ ᠤᠨ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2022/11/4
      ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠶᠢ ᠤᠯᠠᠮ ᠴᠢᠨᠠᠭᠰᠢᠳᠠ ᠤᠬᠠᠭᠤᠯᠤᠨ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠪᠣᠯᠪᠠᠰᠤᠷᠠᠯ ᠢ ᠳᠡᠭᠡᠭᠰᠢᠯᠡᠭᠦᠯᠦᠨ᠂ ᠰᠤᠷᠤᠭᠴᠢᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠬᠦᠮᠦᠵᠢᠭᠦᠯᠬᠦ ᠶᠢᠨ ᠲᠦᠯᠦᠭᠡ᠂ ᠣᠶᠢᠷ᠎ᠠ ᠶᠢᠨ ᠡᠳᠦᠷ᠂ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠲᠠᠢ ᠬᠠᠮᠲᠤᠷᠠᠨ ᠳᠦᠷᠪᠡᠳᠦᠭᠡᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠠᠷ︾ ᠤᠨ ᠬᠦᠳᠡᠯᠭᠡᠭᠡᠨ ᠦᠷᠨᠢᠭᠦᠯᠪᠡ᠃
      ᠲᠤᠰ ᠤᠳᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠠᠷ ᠲᠤ ᠤᠰᠤᠨ ᠲᠡᠶᠢᠷᠦᠯᠲᠦ ᠰᠣᠮᠣ ᠪᠠᠭᠠᠴᠤᠳ ᠤᠨ ᠫᠷᠦᠭᠷᠡᠮ ᠨᠠᠶᠢᠷᠠᠭᠤᠯᠬᠤ ᠲᠣᠭᠯᠠᠭᠠᠮ᠂ ᠣᠶᠣᠨᠴᠢ ᠠᠮᠢᠳᠤᠷᠠᠯ ᠵᠡᠷᠭᠡ ᠮᠡᠳᠡᠯᠭᠡ ᠶᠢᠨ ᠴᠢᠨᠠᠷᠲᠠᠢ ᠪᠦᠲᠦᠭᠡᠯᠴᠢ ᠴᠢᠨᠠᠷ ᠪᠠ ᠰᠣᠨᠢᠷᠬᠠᠯᠲᠤ ᠴᠢᠨᠠᠷᠲᠠᠢ ᠮᠠᠰᠢ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠳᠦᠯᠭᠡ ᠶᠢᠨ ᠪᠦᠲᠦᠭᠡᠯ ᠢ ᠳᠡᠯᠭᠡᠨ ᠦᠵᠡᠭᠦᠯᠪᠡ᠃
       ᠡᠯᠪᠡᠭ ᠪᠠᠶᠠᠯᠢᠭ ᠠᠭᠤᠯᠭ᠎ᠠ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠳᠡᠯᠭᠡᠭᠡᠨ ᠢᠶᠠᠷ ᠳᠠᠮᠵᠢᠨ᠂ ᠰᠤᠷᠤᠭᠴᠢᠳ ᠤᠨ ᠰᠢᠨᠵᠢᠯᠡᠬᠦ ᠤᠬᠠᠭᠠᠨ ᠢ ᠰᠤᠷᠤᠯᠴᠠᠬᠤ ᠪᠠ ᠬᠡᠷᠡᠭᠯᠡᠬᠦ ᠣᠷᠭᠢᠯᠤᠮ᠎ᠠ ᠬᠠᠯᠠᠭᠤᠨ ᠰᠡᠳᠬᠢᠯᠭᠡ ᠶᠢ ᠬᠦᠭᠵᠢᠭᠡᠵᠦ᠂ ᠰᠤᠷᠤᠭᠴᠢᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠬᠠᠮᠰᠠᠷ ᠢ ᠳᠡᠭᠡᠭᠰᠢᠯᠡᠭᠦᠯᠦᠨ᠂ ᠰᠤᠷᠤᠭᠴᠢᠳ ᠤᠨ ᠰᠢᠨ᠎ᠡ ᠶᠢ ᠡᠭᠦᠳᠬᠦ ᠰᠡᠳᠬᠢᠴᠡ ᠪᠠ ᠡᠭᠦᠳᠦᠨ ᠪᠦᠲᠦᠭᠡᠬᠦ ᠴᠢᠳᠠᠪᠤᠷᠢ ᠶᠢ ᠬᠦᠮᠦᠵᠢᠭᠦᠯᠵᠦ᠂ ᠰᠤᠷᠭᠠᠭᠤᠯᠢ ᠶᠢᠨ ᠬᠦᠷᠢᠶᠡᠨ ᠳᠤ ᠭᠦᠨ ᠵᠤᠵᠠᠭᠠᠨ ᠰᠢᠨᠵᠢᠯᠡᠬᠦ ᠤᠬᠠᠭᠠᠨ ᠢ ᠡᠷᠬᠢᠮᠯᠡᠬᠦ ᠠᠭᠤᠷ ᠠᠮᠢᠰᠬᠤᠯ ᠢ ᠪᠤᠢ ᠪᠣᠯᠭᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号