ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠬᠤᠶᠠᠳᠤᠭᠠᠷ ᠲᠦᠷᠦᠯ ᠤᠨ ᠮᠡᠳᠡᠷᠡᠯ ᠤᠨ ᠡᠮ ᠤᠨ ᠵᠦᠢᠯ ᠳᠤ ᠲᠤᠬᠠᠢ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2022/11/4
      ᠬᠤᠶᠠᠳᠤᠭᠠᠷ ᠲᠦᠷᠦᠯ ᠤᠨ ᠡᠮ ᠤᠨ ᠵᠦᠢᠯᠡᠰ ᠤᠨ ᠡᠵᠡᠩᠨᠡᠯᠲᠡ ᠪᠠ ᠬᠡᠷᠡᠭᠯᠡᠯᠲᠡ ᠶᠢᠨ ᠭᠤᠭᠴᠤᠭ᠎ᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠡᠮ ᠤᠨ ᠵᠦᠢᠯᠡᠰ ᠤᠨ ᠵᠢᠵᠢᠭᠯᠡᠨ ᠪᠣᠷᠤᠯᠠᠭᠤᠯᠬᠤ ᠠᠵᠤ ᠠᠬᠤᠶᠢᠯᠠᠯ ᠵᠢᠴᠢ ᠡᠮᠴᠢᠯᠡᠭᠡᠨ ᠤ ᠪᠠᠶᠢᠭᠤᠯᠤᠮᠵᠢ ᠶᠢᠨ ᠬᠤᠶᠠᠳᠤᠭᠠᠷ ᠲᠦᠷᠦᠯ ᠤᠨ ᠮᠡᠳᠡᠷᠡᠯ ᠤᠨ ᠡᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠤᠳᠠᠲᠠᠶᠢᠵᠢᠭᠤᠯᠤᠨ᠂ ᠬᠤᠶᠠᠳᠤᠭᠠᠷ ᠲᠦᠷᠦᠯ ᠤᠨ ᠮᠡᠳᠡᠷᠡᠯ ᠤᠨ ᠡᠮ ᠤᠨ ᠵᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠭᠰᠢᠭᠦᠷᠢ ᠶᠢ ᠴᠢᠩᠭ᠎ᠠ ᠬᠠᠮᠢᠶᠠᠷᠤᠨ ᠡᠵᠡᠮᠳᠡᠵᠦ᠂ ᠪᠦᠬᠦ ᠬᠤᠰᠢᠭᠤᠨ ᠤ ᠣᠯᠠᠨ ᠲᠦᠮᠡᠨ ᠤ ᠪᠡᠶ᠎ᠡ ᠰᠡᠳᠬᠢᠴᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠬᠠᠮᠠᠭᠠᠯᠠᠬᠤ ᠶᠢᠨ ᠲᠦᠯᠦᠭᠡ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠬᠤᠶᠠᠳᠤᠭᠠᠷ ᠲᠦᠷᠦᠯ ᠤᠨ ᠮᠡᠳᠡᠷᠡᠯ ᠤᠨ ᠡᠮ ᠤᠨ ᠵᠦᠢᠯ ᠳᠤ ᠲᠤᠬᠠᠢ ᠪᠠᠶᠢᠴᠠᠭᠠᠯᠲᠠ ᠦᠷᠨᠢᠭᠦᠯᠪᠡ᠃
      ᠲᠤᠰ ᠤᠳᠠᠭᠠᠨ ᠤ ᠪᠠᠶᠢᠴᠠᠭᠠᠯᠲᠠ ᠳᠤ ᠡᠮ᠎ᠡ ᠶᠢᠨ ᠳᠡᠯᠭᠡᠭᠦᠷ ᠢ ᠵᠣᠬᠢᠶᠠᠨ ᠪᠠᠶᠢᠭᠤᠯᠵᠤ᠂ ᠬᠤᠶᠠᠳᠤᠭᠠᠷ ᠲᠦᠷᠦᠯ ᠤᠨ ᠮᠡᠳᠡᠷᠡᠯ ᠤᠨ ᠡᠮ ᠤᠨ ᠵᠦᠢᠯ ᠤᠨ ᠡᠵᠡᠩᠨᠡᠯᠲᠡ ᠬᠠᠮᠢᠶᠠᠷᠤᠯᠲᠠ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠳᠤ ᠦᠪᠡᠷ ᠤᠨ ᠪᠠᠶᠢᠴᠠᠭᠠᠯᠲᠠ ᠬᠢᠯᠭᠡᠵᠦ᠂ ᠪᠠᠶᠢᠴᠠᠭᠠᠯᠲᠠ ᠬᠢᠭᠰᠡᠨ ᠰᠠᠭᠤᠷᠢᠨ ᠳᠡᠭᠡᠷ᠎ᠡ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠬᠤᠳᠠᠯᠳᠤᠨ ᠠᠪᠤᠭᠰᠠᠨ ᠲᠡᠮᠳᠡᠭᠯᠡᠯ᠂ ᠪᠣᠷᠤᠯᠠᠭᠤᠯᠤᠭᠰᠠᠨ ᠲᠡᠮᠳᠡᠭᠯᠡᠯ᠂ ᠬᠦᠮᠦᠷᠭᠡ ᠳᠤ ᠪᠠᠶᠢᠭ᠎ᠠ ᠲᠤᠭ᠎ᠠ ᠬᠡᠮᠵᠢᠶ᠎ᠡ ᠶᠢ ᠦᠨᠳᠦᠰᠦᠯᠡᠨ ᠬᠠᠷᠭᠤᠭᠤᠯᠤᠨ ᠪᠠᠶᠢᠴᠠᠭᠠᠯᠲᠠ ᠬᠢᠪᠡ᠃ ᠪᠠᠶᠢᠴᠠᠭᠠᠯᠲᠠ ᠳᠤ ᠨᠡᠶᠢᠲᠡ 15 ᠬᠦᠮᠦᠨ ᠤᠳᠠᠭ᠎ᠠ ᠬᠠᠥᠯᠢ ᠬᠡᠷᠡᠭᠵᠢᠭᠦᠯᠵᠦ᠂ 9 ᠡᠮᠴᠢᠯᠡᠭᠡᠨ ᠤ ᠪᠠᠶᠢᠭᠤᠯᠤᠮᠵᠢ ᠪᠠ ᠡᠮ ᠤᠨ ᠳᠡᠯᠭᠡᠭᠦᠷ ᠢ ᠪᠠᠶᠢᠴᠠᠭᠠᠨ᠂ ᠬᠤᠶᠠᠳᠤᠭᠠᠷ ᠲᠦᠷᠦᠯ ᠤᠨ ᠮᠡᠳᠡᠷᠡᠯ ᠤᠨ ᠡᠮ ᠤᠨ ᠵᠦᠢᠯᠡᠰ ᠢ ᠬᠠᠥᠯᠢ ᠲᠣᠭᠲᠠᠭᠠᠯ ᠠᠴᠠ ᠵᠦᠷᠢᠴᠡᠨ ᠡᠵᠡᠩᠨᠡᠵᠦ ᠪᠠᠶᠢᠭ᠎ᠠ ᠪᠠᠶᠢᠳᠠᠯ ᠢᠯᠡᠷᠡᠭᠰᠡᠨ ᠦᠭᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号