ᠮᠠᠨ ᠤ ᠬᠤᠰᠢᠭᠤ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠤᠨ ᠪᠣᠯᠪᠠᠰᠤᠷᠠᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2022/11/7
       11 ᠰᠠᠷ᠎ᠠ ᠶᠢᠨ 3 ᠤ ᠡᠳᠦᠷ᠂ ᠮᠠᠨ ᠤ ᠬᠤᠰᠢᠭᠤ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠤᠨ ᠪᠣᠯᠪᠠᠰᠤᠷᠠᠯ ᠤᠨ ᠬᠤᠷᠠᠯ ᠢ ᠸᠢᠳᠢᠤ᠋ ᠪᠠᠷ ᠰᠢᠭᠤᠳ ᠨᠡᠪᠲᠡᠷᠡᠭᠦᠯᠬᠦ ᠬᠡᠯᠪᠡᠷᠢ ᠪᠠᠷ ᠡᠷᠬᠢᠯᠡᠨ ᠬᠤᠷᠠᠯᠳᠤᠭᠤᠯᠪᠠ᠃ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ᠂ ᠰᠤᠮᠤ ᠪᠠᠯᠭᠠᠰᠤ ᠶᠢᠨ ᠵᠢᠩᠬᠢᠨᠢ ᠲᠤᠰᠢᠶᠠᠯᠲᠠᠨ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ ᠪᠥᠬᠦ ᠪᠠᠭ ᠤᠨ ᠭᠡᠰᠢᠭᠦᠳ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ︔ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠶᠢᠨ ᠤᠳᠤᠷᠢᠳᠬᠤ ᠪᠠᠭ ᠤᠨ ᠭᠡᠰᠢᠭᠦᠳ᠂ ᠡᠯ᠎ᠡ ᠲᠤᠰᠬᠠᠢ ᠠᠵᠢᠯᠯᠠᠬᠤ ᠠᠩᠭᠢ ᠶᠢᠨ ᠭᠡᠰᠢᠭᠦᠳ᠂ ᠡᠪᠡᠳᠴᠢᠨ ᠤ ᠡᠬᠢ ᠰᠤᠷᠪᠤᠯᠵᠢ ᠶᠢ ᠮᠦᠷᠳᠡᠬᠦ ᠡᠩᠨᠡᠭᠡ᠂ ᠮᠡᠳᠡᠭᠡ ᠵᠠᠩᠭᠢᠴᠢ ᠶᠢᠨ ᠡᠩᠨᠡᠭᠡ ᠶᠢᠨ ᠠᠵᠢᠯᠲᠠᠳ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠳ᠂ ᠡᠯ᠎ᠡ ᠰᠤᠮᠤ ᠪᠠᠯᠭᠠᠰᠤ ᠭᠠᠴᠠᠭ᠎ᠠ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠺᠠᠳ᠋ᠷ ᠵᠢᠴᠢ ᠪᠤᠰᠤᠳ ᠬᠠᠮᠢᠶ᠎ᠠ ᠪᠦᠬᠦᠢ ᠬᠥᠮᠥᠰ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠢᠩ ᠸᠠᠨ ᠶᠦᠩ ᠬᠤᠷᠠᠯ ᠢ ᠡᠷᠭᠢᠯᠡᠪᠡ᠃        ᠪᠣᠯᠪᠠᠰᠤᠷᠠᠯ ᠤᠨ ᠬᠤᠷᠠᠯ ᠳᠡᠭᠡᠷ᠎ᠡ᠂ ᠬᠥᠯᠥᠨ ᠪᠤᠶᠢᠷ ᠬᠤᠲᠠ ᠶᠢᠨ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠬᠢᠭᠡᠳ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠯᠪᠠᠨ ᠭᠡᠷ ᠤᠨ ᠡᠷᠬᠢᠯᠡᠭᠴᠢ ᠯᠢ ᠬᠠᠢ ᠵᠢᠩ ᠠᠮᠢᠳᠤᠯᠢᠭ ᠪᠣᠳᠠᠲᠠᠢ ᠵᠢᠱᠢᠶ᠎ᠡ᠂ ᠨᠠᠷᠢᠨ ᠪᠣᠳᠠᠲᠠᠢ ᠮᠠᠲ᠋ᠧᠷᠢᠶᠠᠯ᠂ ᠪᠣᠷᠣᠭᠵᠢᠭᠤᠨ ᠦᠭᠡ ᠶᠠᠷᠢᠶ᠎ᠠ ᠪᠠᠷ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠳᠠᠬᠢ ᠸᠢᠷᠦ᠋ᠰ ᠤᠨ ᠣᠨᠴᠠᠯᠢᠭ ᠰᠢᠨᠵᠢ᠂ ᠭᠤᠣᠯᠳᠠᠯᠭ᠎ᠠ ᠲᠠᠢ ᠬᠥᠮᠥᠰ ᠢ ᠰᠡᠷᠭᠡᠶᠢᠯᠡᠨ ᠬᠠᠮᠠᠭᠠᠯᠠᠬᠤ᠂ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠪᠠ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠠᠭᠤᠯᠭ᠎ᠠ ᠳᠤ ᠨᠠᠷᠢᠨ ᠬᠢᠨᠠᠮᠠᠭᠠᠢ ᠲᠠᠶᠢᠯᠤᠮᠵᠢ ᠬᠢᠭᠰᠡᠨ ᠪᠥᠭᠡᠳ ᠲᠥᠰᠥᠯ ᠳᠤ ᠰᠢᠨ᠎ᠡ ᠪᠠᠷ ᠨᠡᠮᠡᠭᠰᠡᠨ ᠪᠠ ᠬᠤᠪᠢᠷᠠᠭᠤᠯᠤᠭᠰᠠᠨ ᠠᠭᠤᠯᠭ᠎ᠠ ᠳᠤ ᠬᠠᠨᠳᠤᠯᠭᠠᠲᠤ ᠴᠢᠨᠠᠷᠲᠠᠢ ᠪᠣᠯᠪᠠᠰᠤᠷᠠᠯ ᠬᠢᠭᠰᠡᠨ ᠪᠠᠶᠢᠨ᠎ᠠ᠃ ᠪᠣᠯᠪᠠᠰᠤᠷᠠᠯ ᠳᠤ ᠣᠷᠣᠯᠴᠠᠭᠰᠠᠨ ᠬᠦᠮᠦᠰ ᠪᠠᠭ᠎ᠠ ᠪᠤᠰᠤ ᠣᠯᠣᠯᠲᠠ ᠲᠠᠢ ᠪᠠᠶᠢᠵᠤ᠂ ᠬᠤᠷᠠᠯ ᠤᠨ ᠳᠠᠷᠠᠭ᠎ᠠ ᠨᠠᠷᠢᠨ ᠬᠢᠨᠠᠮᠠᠭᠠᠢ ᠪᠠᠷ ᠰᠢᠩᠭᠡᠬᠡᠨ ᠠᠪᠬᠤ ᠪᠣᠯᠣᠨ᠎ᠠ ᠭᠡᠵᠦ ᠶᠠᠷᠢᠵᠠᠭᠠᠵᠤ ᠪᠠᠶᠢᠪᠠ᠃        ᠳ᠋ᠢᠩ ᠸᠠᠨ ᠶᠦᠩ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠠᠵᠢᠯᠲᠠᠳ᠂ ᠭᠠᠴᠠᠭ᠎ᠠ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠺᠠᠳ᠋ᠷᠴᠤᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠷᠢᠨ ᠨᠢᠮᠪᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ︔ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠳᠡᠭᠡᠭᠰᠢᠯᠡᠭᠦᠯᠬᠦ ᠶᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠬᠡᠷᠡᠭᠲᠡᠢ︔ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠲᠣᠣᠷ ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠢ ᠭᠡᠵᠡᠢ᠃        ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠦᠷᠭᠦᠯᠵᠢᠯᠡᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠤᠨ ᠬᠠᠮᠢᠶ᠎ᠠ ᠪᠦᠬᠦᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠥᠷᠨᠢᠭᠦᠯᠵᠦ᠂ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠦᠨᠡᠨᠬᠦ ᠬᠠᠮᠠᠭᠠᠯᠠᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号