ᠦᠰᠦᠭ ᠪᠢᠴᠢᠭ ᠢᠶᠠᠷ ᠥᠭᠦᠯᠡᠬᠦᠢ᠄ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ ᠲᠦᠷᠦ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/11/7
       ᠨᠢᠭᠡ᠂ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ        2011 ᠣᠨ ᠠᠴᠠ ᠨᠠᠭᠠᠰᠢ᠂ ᠮᠠᠨ ᠤ ᠣᠷᠣᠨ ︽ᠠᠮᠤ ᠪᠤᠳᠠᠭᠠᠨ ᠤ ᠤᠨᠠᠯᠲᠠ ᠶᠢ ᠪᠠᠲᠤᠯᠠᠬᠤ ᠳᠤ ᠭᠠᠵᠠᠷ ᠰᠢᠷᠣᠢ ᠶᠢ ᠬᠠᠮᠠᠭᠠᠯᠠᠬᠤ᠂ ᠠᠮᠤ ᠪᠤᠳᠠᠭᠠᠨ ᠤ ᠤᠨᠠᠯᠲᠠ ᠶᠢ ᠪᠠᠲᠤᠯᠠᠬᠤ ᠳᠤ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠪᠣᠳᠠᠰ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠂ 2021 ᠣᠨ ᠤ ᠡᠴᠦᠰ ᠪᠣᠯᠬᠤ ᠳᠤ ᠨᠢᠭᠡᠨᠲᠡ ᠨᠡᠶᠢᠲᠡ 4589 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠨ ᠳᠠᠭᠤᠰᠬᠠᠵᠤ᠂ ᠤᠯᠤᠰ ᠠᠴᠠ ᠪᠠᠭᠤᠯᠭᠠᠭᠰᠠᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠭᠦᠢᠴᠡᠳ ᠲᠤᠭ᠎ᠠ ᠪᠠᠷ ᠪᠡᠶᠡᠯᠡᠭᠦᠯᠵᠦ᠂ ᠪᠥᠬᠦ ᠣᠷᠣᠨ ᠤ ᠠᠮᠤ ᠪᠤᠳᠠᠭᠠᠨ ᠤ ᠤᠨᠠᠯᠲᠠ ᠶᠢᠨ ︽ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠥᠪᠥᠷ ᠮᠣᠩᠭᠤᠯ ᠤᠨ ᠬᠤᠪᠢ ᠨᠡᠮᠡᠷᠢ ᠶᠢ ᠦᠵᠡᠭᠦᠯᠪᠡ᠃ 2019 ᠣᠨ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ︹2019︺ 50 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠲᠤᠭᠤᠰᠢᠯᠠᠭᠤᠯᠤᠨ ᠬᠡᠷᠡᠭᠵᠢᠭᠦᠯᠬᠦ ᠶᠢ ᠬᠢᠨᠠᠮᠠᠭᠠᠢ ᠪᠥᠭᠡᠳ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠵᠢᠯ ᠳᠠᠷᠠᠭᠠᠯᠠᠨ ᠳᠡᠭᠡᠭᠰᠢᠯᠡᠭᠦᠯᠵᠦ᠂ ᠠᠯᠢ ᠣᠯᠠᠨ ᠪᠦᠲᠦᠮᠵᠢᠲᠡᠶ ᠠᠬᠢᠭᠤᠯᠬᠤ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠡᠯ᠎ᠡ ᠭᠤᠭᠴᠤᠭ᠎ᠠ ᠶᠢᠨ ᠵᠠᠩᠭᠢᠯᠠᠭ᠎ᠠ ᠶᠢᠨ ᠨᠥᠯᠥᠭᠡ ᠪᠠᠷ ᠨᠡᠯᠢᠶᠡᠳ ᠶᠡᠭᠡ ᠬᠦᠴᠢᠷ ᠴᠡᠭ ᠪᠠ ᠲᠦᠭᠵᠢᠷᠡᠯ ᠴᠡᠭ ᠢ ᠲᠣᠳᠣᠷᠬᠠᠢ ᠰᠦᠪᠡᠭᠴᠢᠯᠡᠵᠡᠢ᠃ ᠮᠠᠨ ᠤ ᠣᠷᠣᠨ ᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠤᠯᠠᠮ ᠨᠢᠭᠡ ᠠᠯᠬᠤᠮ ᠪᠠᠬᠢᠵᠢᠭᠦᠯᠬᠦ ᠪᠠ ᠳᠡᠭᠡᠭᠰᠢᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ︵ᠳᠣᠷᠣᠭᠰᠢ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃        ᠬᠤᠶᠠᠷ᠂ ︽ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠭᠤᠣᠯ ᠠᠭᠤᠯᠭ᠎ᠠ        ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠨᠢ ᠠᠷᠪᠠᠨ ᠨᠢᠭᠡᠨ ᠲᠠᠯ᠎ᠠ ᠠᠴᠠ 35 ᠵᠦᠢᠯ ᠤᠨ ᠪᠣᠳᠠᠲᠠᠢ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠂ ᠡᠨᠡ ᠨᠢ ᠭᠤᠣᠯᠳᠠᠭᠤ ︽5 ᠵᠦᠢᠯ ᠳᠤ ᠰᠢᠨ᠎ᠡ ᠶᠢ ᠡᠭᠦᠳᠬᠦ᠂ 3 ᠵᠦᠢᠯ ᠢ ᠲᠥᠪᠯᠡᠷᠡᠭᠦᠯᠦᠨ ᠨᠡᠶᠢᠯᠡᠭᠦᠯᠬᠦ᠂ 2 ᠲᠠᠯ᠎ᠠ ᠪᠠᠷ ᠰᠠᠭᠤᠷᠢ ᠶᠢ ᠪᠠᠲᠤᠯᠠᠬᠤ᠂ 1 ᠵᠦᠢᠯ ᠢ ᠱᠠᠩᠨᠠᠨ ᠬᠥᠬᠢᠭᠦᠯᠬᠦ︾ ᠢᠶᠠᠷ ᠢᠯᠡᠷᠡᠵᠦ ᠪᠠᠶᠢᠨ᠎ᠠ᠃        5 ᠵᠦᠢᠯ ᠳᠤ ᠰᠢᠨ᠎ᠡ ᠶᠢ ᠡᠭᠦᠳᠬᠦ᠃ ᠨᠢᠭᠡ ᠳᠤ᠂ ᠲᠥᠷᠥᠯ ᠵᠦᠢᠯ ᠢ ᠠᠬᠢᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠪᠦᠬᠦ᠋ᠢᠯᠡ ᠲᠣᠰᠬᠤᠨ ᠪᠦᠬᠦ᠋ᠢᠯᠡ ᠳᠤᠭᠤᠶᠢᠯᠠᠩ ᠪᠦᠬᠦ᠋ᠢᠯᠡ ᠬᠡᠰᠡᠭ ᠲᠠᠷᠢᠶᠠᠨ ᠭᠠᠵᠠᠷ ᠢ ᠬᠠᠮᠲᠤ ᠪᠠᠷ ᠰᠢᠯᠵᠢᠭᠦᠯᠬᠦ ᠵᠢᠴᠢ ᠪᠦᠬᠦ᠋ᠢᠯᠡ ᠪᠠᠶᠢᠭᠤᠯᠤᠮᠵᠢ ᠶᠢᠨ ᠳᠦᠷᠢᠮ ᠢᠶᠠᠷ ᠲᠠᠷᠢᠶᠠᠯᠠᠬᠤ ᠶᠢ ᠨᠠᠶᠢᠳᠠᠨ ᠬᠠᠮᠢᠶᠠᠷᠤᠭᠤᠯᠬᠤ ᠶᠢ ᠵᠣᠷᠢᠭᠵᠢᠭᠤᠯᠤᠨ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠪᠦᠬᠦ᠋ᠢᠯᠡ ᠬᠤᠰᠢᠭᠤ ᠰᠢᠶᠠᠨ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠷᠰᠢᠯᠲᠠ ᠶᠢᠨ ᠴᠡᠭ ᠢ ᠥᠷᠨᠢᠭᠦᠯᠦᠨ᠎ᠡ᠃ ᠬᠤᠶᠠᠷ ᠲᠤ᠂ ᠡᠮᠦᠨᠡᠬᠢ ᠬᠤᠭᠤᠴᠠᠭᠠᠨ ᠤ ᠠᠵᠢᠯ ᠤᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠤᠰᠢᠭᠤ ᠰᠢᠶᠠᠨ ᠤ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠬᠢᠬᠦ᠂ ᠨᠤᠲᠠᠯᠠᠵᠤ ᠬᠢᠨᠠᠨ ᠵᠥᠪᠰᠢᠶᠡᠷᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠥᠷᠨᠢᠭᠦᠯᠬᠦ ᠶᠢ ᠠᠬᠢᠭᠤᠯᠵᠤ᠂ ᠬᠠᠮᠢᠶ᠎ᠠ ᠪᠦᠬᠦᠢ ᠬᠢᠨᠠᠨ ᠵᠥᠪᠰᠢᠶᠡᠷᠡᠯ ᠤᠨ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ︽ᠵᠣᠭᠤᠰ ᠨᠢ ᠲᠥᠷᠥᠯ ᠵᠦᠢᠯ ᠢ ᠬᠦᠯᠢᠶᠡᠬᠦ︾ ᠠᠴᠠ ᠵᠠᠶᠢᠯᠠᠰᠬᠢᠨ᠎ᠡ᠃ ᠭᠤᠷᠪᠠ ᠳᠤ᠂ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠰᠬᠠᠢ ᠲᠠᠩᠰᠠᠨ ᠡᠷᠦᠬᠡ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠪᠠᠷᠢᠯᠭ᠎ᠠ ᠶᠢᠨ ᠠᠬᠢᠴᠠ ᠶᠢ ᠴᠢᠩᠭ᠎ᠠ ᠵᠢᠷᠤᠮᠯᠠᠨ ᠵᠣᠭᠤᠰ ᠥᠭᠴᠦ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠬᠠᠰᠤᠬᠤ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠭᠰᠡᠨ ᠦᠯᠡᠳᠡᠪᠦᠷᠢ ᠪᠡᠯᠡ ᠮᠥᠩᠭᠦ ᠶᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃ ᠳᠥᠷᠪᠡ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ︽ᠭᠤᠷᠪᠠ ᠶᠢ ᠡᠪᠳᠡᠬᠦ᠂ ᠲᠠᠪᠤ ᠶᠢ ᠨᠢᠭᠡᠳᠬᠡᠬᠦ᠂ ᠨᠢᠭᠡ ᠶᠢ ᠳᠠᠬᠢᠨ ᠬᠤᠪᠢᠶᠠᠷᠢᠯᠠᠨ ᠡᠵᠡᠩᠨᠡᠬᠦ︾ ᠴᠡᠭᠴᠡᠯᠡᠨ ᠵᠠᠰᠠᠬᠤ ᠵᠠᠭᠪᠤᠷ ᠢ ᠬᠡᠷᠡᠭᠵᠢᠭᠦᠯᠦᠨ᠂ ᠤᠤᠯ ᠤᠨ ᠪᠠᠶᠢᠷᠢᠰᠢᠯ ᠢ ᠡᠪᠳᠡᠵᠦ᠂ ᠨᠢᠭᠡᠳᠦᠯᠲᠡᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠳᠠᠬᠢᠨ ᠬᠤᠪᠢᠶᠠᠷᠢᠯᠠᠨ ᠡᠵᠡᠩᠨᠡᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ ᠲᠠᠪᠤ ᠳᠤ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠨ ᠬᠠᠮᠠᠭᠠᠯᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠳᠡᠮᠵᠢᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠤᠯᠤᠰ ᠤᠨ ᠥᠮᠴᠢᠯᠡᠯ ᠠᠴᠠ ᠪᠤᠰᠤᠳ ᠢ ᠨᠢ ᠪᠦᠬᠦᠨ ᠢ ᠭᠠᠴᠠᠭ᠎ᠠ ᠲᠣᠰᠬᠤᠨ ᠤ ᠬᠠᠮᠲᠤ ᠶᠢᠨ ᠡᠵᠡᠩᠨᠡᠯᠲᠡ ᠳᠤ ᠣᠷᠣᠭᠤᠯᠤᠨ ᠬᠠᠮᠢᠶᠠᠷᠴᠤ᠂ ᠣᠯᠣᠭᠰᠠᠨ ᠠᠰᠢᠭ ᠣᠯᠵᠠᠪᠤᠷᠢ ᠶᠢ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠳᠤ ᠬᠡᠷᠡᠭᠯᠡᠵᠦ᠂ ᠪᠠᠷᠢᠯᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠢ ᠥᠷᠨᠢᠭᠦᠯᠦᠨ᠎ᠡ᠃        3 ᠵᠦᠢᠯ ᠢ ᠲᠥᠪᠯᠡᠷᠡᠭᠦᠯᠦᠨ ᠨᠡᠶᠢᠯᠡᠭᠦᠯᠬᠦ᠃ ᠨᠢᠭᠡ ᠳᠤ᠂ ᠣᠯᠠᠨ ᠲᠠᠰ ᠳᠠᠪᠬᠤᠷᠭ᠎ᠠ ᠶᠢᠨ ᠬᠠᠮᠢᠶᠠᠷᠤᠯᠲᠠ ᠶᠢᠨ ᠬᠦᠴᠦᠨ ᠢ ᠨᠡᠶᠢᠯᠡᠭᠦᠯᠦᠨ᠂ ᠬᠤᠰᠢᠭᠤ ᠰᠢᠶᠠᠨ ᠤ ᠵᠠᠰᠠᠭ ᠤᠨ ᠣᠷᠳᠣᠨ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠰ ᠲᠣᠰ ᠲᠣᠳᠣᠷᠬᠠᠶᠢᠯᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠬᠤᠶᠠᠷ ᠲᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠲᠣᠭᠲᠠᠴᠠ ᠶᠢ ᠲᠥᠪᠯᠡᠷᠡᠭᠦᠯᠵᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ᠂ ᠪᠦᠲᠦᠭᠡᠨ ᠪᠠᠶᠢᠭᠤᠯᠬᠤ ᠳᠤ ᠣᠷᠣᠯᠴᠠᠭᠰᠠᠨ ᠠᠵᠤ ᠠᠬᠤᠶᠢᠯᠠᠯ ᠤᠨ ᠢᠲᠡᠭᠡᠮᠵᠢ ᠳᠤ ᠦᠨᠡᠯᠡᠯᠲᠡ ᠬᠢᠬᠦ᠂ ᠲᠤᠰᠬᠠᠢ ᠪᠠᠶᠢᠭᠤᠯᠤᠮᠵᠢ ᠮᠡᠷᠭᠡᠵᠢᠯ ᠤᠨ ᠦᠢᠯᠡᠴᠢᠯᠡᠭᠡ ᠬᠢᠬᠦ᠂ ᠮᠠᠯᠴᠢᠨ ᠲᠠᠷᠢᠶᠠᠴᠢᠨ ᠤ ᠬᠢᠨᠠᠯᠲᠠ ᠲᠠᠯᠪᠢᠭᠴᠢ ᠪᠥᠬᠦ ᠶᠠᠪᠤᠴᠠ ᠳᠤ ᠣᠷᠤᠯᠴᠠᠬᠤ᠂ ᠬᠠᠯᠠᠮᠰᠢᠯ ᠤᠲᠠᠰᠤ ᠪᠠ ᠵᠠᠭᠤᠴᠢᠯᠠᠭᠤᠷ ᠬᠢᠨᠠᠯᠲᠠ ᠲᠠᠯᠪᠢᠬᠤ ᠵᠡᠷᠭᠡ ᠲᠠᠪᠤᠨ ᠶᠡᠭᠡ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠭᠤᠷᠪᠠ ᠳᠤ᠂ ᠲᠠᠷᠠᠬᠠᠢ ᠪᠤᠲᠠᠷᠬᠠᠢ ᠪᠠᠷᠢᠯᠭ᠎ᠠ ᠶᠢᠨ ᠠᠵᠢᠯ ᠤᠨ ᠪᠠᠷᠢᠮᠵᠢᠶᠠᠲᠤ ᠬᠡᠰᠡᠭ ᠢ ᠨᠡᠶᠢᠯᠡᠭᠦᠯᠵᠦ᠂ ᠪᠠᠷᠢᠯᠭ᠎ᠠ ᠶᠢᠨ ᠠᠵᠢᠯ ᠤᠨ ᠪᠠᠷᠢᠮᠵᠢᠶᠠᠲᠤ ᠬᠡᠰᠡᠭ ᠤᠨ ᠲᠠᠯᠠᠪᠠᠶ ᠶᠢ 5000 ᠮᠦ ᠠᠴᠠ ᠳᠣᠣᠷ᠎ᠠ ᠪᠠᠶᠢᠯᠭᠠᠬᠤ ᠦᠭᠡᠢ ᠪᠠᠷ ᠲᠣᠭᠲᠠᠭᠠᠵᠤ᠂ ᠭᠡᠷ᠎ᠡ ᠶᠢ ᠵᠠᠷᠯᠠᠨ ᠨᠡᠶᠢᠲᠡᠯᠡᠵᠦ᠂ ᠰᠢᠯᠵᠢᠭᠦᠯᠦᠨ ᠳᠠᠭᠠᠭᠠᠴᠢᠯᠠᠭᠤᠯᠤᠭᠰᠠᠨ ᠳᠤ ᠴᠣᠬᠢᠯᠲᠠ ᠥᠭᠭᠦᠨ᠎ᠡ᠃        2 ᠵᠦᠢᠯ ᠢᠶᠠᠷ ᠰᠠᠭᠤᠷᠢ ᠶᠢ ᠪᠠᠲᠤᠯᠠᠬᠤ᠃ ᠨᠢᠭᠡ ᠳᠤ᠂ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠠᠴᠠ ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠪ ᠤᠨ ᠲᠥᠰᠥᠪ ᠤᠨ ᠳᠣᠲᠣᠷᠠᠬᠢ ᠪᠠ ᠲᠥᠪ ᠤᠨ ᠡᠳ᠋ ᠤᠨ ᠵᠠᠰᠠᠭ ᠠᠴᠠ ᠰᠢᠯᠵᠢᠭᠦᠯᠦᠨ ᠥᠭᠬᠦ ᠬᠤᠶᠠᠷ ᠠᠷᠭ᠎ᠠ ᠵᠠᠮ ᠢᠶᠠᠷ ᠪᠡᠯᠡ ᠣᠷᠣᠭᠤᠯᠬᠤ ᠶᠢ ᠡᠮᠬᠢᠯᠡᠨ ᠨᠡᠶᠢᠯᠡᠭᠦᠯᠵᠦ᠂ ᠣᠷᠣᠨ ᠨᠤᠲᠤᠭ ᠤᠨ ᠡᠳ᠋ ᠤᠨ ᠵᠠᠰᠠᠭ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠭᠤᠯᠬᠤ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠵᠦ᠂ ᠠᠶᠢᠮᠠᠭ ᠬᠤᠲᠠ᠂ ᠬᠤᠰᠢᠭᠤ ᠰᠢᠶᠠᠨ ᠠᠴᠠ ᠳᠠᠭᠢᠵᠤ ᠢᠵᠢ ᠪᠦᠷᠢᠳᠦᠭᠦᠯᠬᠦ ᠦᠭᠡᠢ᠂ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢᠯᠡᠬᠦ ᠪᠠᠷᠢᠮᠵᠢᠶ᠎ᠠ ᠶᠢ ᠪᠠᠷᠢᠮᠵᠢᠶᠠᠲᠤ ᠤᠰᠤᠯᠠᠯᠲᠠ ᠶᠢᠨ ᠲᠠᠷᠢᠶ᠎ᠠ ᠳᠤ 1700 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠬᠠᠭᠤᠷᠠᠢ ᠲᠠᠷᠢᠶ᠎ᠠ ᠳᠤ 1200 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠬᠥᠳᠡᠯᠦᠩᠭᠦᠢ ᠪᠠᠷ ᠲᠣᠬᠢᠷᠠᠭᠤᠯᠬᠤ ᠶᠢ ᠬᠡᠷᠡᠭᠵᠢᠭᠦᠯᠦᠨ᠎ᠡ᠃ ᠬᠤᠶᠠᠷ ᠲᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠬᠤᠰᠢᠭᠤ ᠰᠢᠶᠠᠨ ᠠᠴᠠ ᠰᠠᠭᠤᠷᠢ ᠶᠢ ᠪᠠᠲᠤᠯᠠᠵᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠪᠠᠯ᠂ ᠬᠤᠰᠢᠭᠤ ᠰᠢᠶᠠᠨ ᠠᠴᠠ ᠥᠪᠡᠷ ᠢᠶᠠᠨ ᠪᠡᠯᠡ ᠭᠠᠷᠭᠠᠵᠤ ᠲᠣᠰ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠪᠤᠶᠤ ᠨᠥᠬᠦᠵᠦ ᠪᠠᠶᠢᠭᠤᠯᠬᠤ ᠶᠢ ᠪᠡᠶᠡᠯᠡᠭᠦᠯᠵᠦ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠬᠥᠮᠥᠷᠭᠡ ᠳᠤ ᠣᠷᠣᠭᠤᠯᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ ᠳᠡᠶᠢᠯᠬᠦ ᠦᠭᠡᠢ ᠪᠣᠯ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠪᠤᠴᠠᠭᠠᠨ ᠠᠪᠤᠨ᠎ᠠ᠃        1 ᠵᠦᠢᠯ ᠢ ᠱᠠᠩᠨᠠᠨ ᠬᠥᠬᠢᠭᠦᠯᠬᠦ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠠᠴᠠ ᠵᠢᠯ ᠪᠦᠷᠢ 1000 ᠲᠦᠮᠡᠨ ᠲᠥᠭᠦᠷᠢᠭ ᠲᠣᠬᠢᠷᠠᠭᠤᠯᠤᠨ ᠲᠣᠰ ᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ᠳᠤ ᠱᠠᠩᠨᠠᠯ ᠣᠯᠭᠤᠵᠤ᠂ 1000 ᠲᠦᠮᠡᠨ ᠲᠥᠭᠦᠷᠢᠭ ᠲᠣᠬᠢᠷᠠᠭᠤᠯᠵᠤ ᠪᠠᠶᠢᠭᠤᠯᠵᠤ ᠳᠠᠭᠤᠰᠬᠠᠭᠰᠠᠨ ᠲᠥᠷᠥᠯ ᠵᠦᠢᠯ ᠤᠨ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠳᠤ ᠱᠠᠩᠨᠠᠯ ᠣᠯᠭᠤᠨ᠎ᠠ᠃        ᠭᠤᠷᠪᠠ᠂ ︽ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠲᠣᠪᠤᠶᠢᠮ᠎ᠠ ᠣᠨᠴᠠᠯᠢᠭ        ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠨᠢ ᠲᠥᠷᠥ ᠶᠢᠨ ᠪᠣᠳᠣᠯᠭ᠎ᠠ ᠶᠢᠨ ᠦᠨ᠎ᠡ ᠴᠠᠨ᠎ᠠ ᠲᠠᠢ᠂ ᠪᠣᠳᠠᠲᠠᠢ ᠶᠢ ᠡᠷᠬᠢᠮᠯᠡᠨ ᠲᠤᠰᠠᠲᠠᠢ ᠪᠠᠶᠢᠯᠭᠠᠬᠤ ᠵᠠᠷᠴᠢᠮ ᠢ ᠪᠠᠷᠢᠮᠲᠠᠯᠠᠨ᠂ ᠮᠠᠨ ᠤ ᠣᠷᠣᠨ ᠤ ᠪᠣᠳᠠᠲᠠᠢ ᠲᠠᠢ ᠨᠢᠭᠲᠠ ᠤᠶᠠᠯᠳᠤᠭᠤᠯᠵᠤ᠂ ᠭᠤᠷᠪᠠᠨ ᠲᠠᠯ᠎ᠠ ᠶᠢᠨ ᠲᠣᠪᠤᠶᠢᠮ᠎ᠠ ᠣᠨᠴᠠᠯᠢᠭ ᠲᠠᠢ ᠶᠤᠮ᠃ ᠨᠢᠭᠡ ᠳᠤ᠂ ᠪᠣᠳᠠᠲᠠᠢ ᠶᠢ ᠡᠷᠬᠢᠮᠯᠡᠨ ᠲᠤᠰᠠᠲᠠᠢ ᠪᠠᠶᠢᠯᠭᠠᠬᠤ ᠶᠢ ᠲᠤᠪᠤᠶᠢᠯᠭᠠᠵᠦ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠲᠣᠭᠲᠠᠭᠰᠠᠨ ᠴᠠᠭ ᠲᠤ ᠪᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠᠷ ᠶᠡᠷᠦᠩᠬᠡᠢ ᠬᠠᠷᠠᠯᠲᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠡᠶᠢᠳᠡᠮ ᠤᠨ ᠴᠢᠨᠠᠷᠲᠠᠢ᠂ ᠵᠠᠩᠭᠢᠯᠠᠭ᠎ᠠ ᠶᠢᠨ ᠴᠢᠨᠠᠷᠲᠠᠢ ᠠᠰᠠᠭᠤᠳᠠᠯ ᠳᠤ ᠴᠢᠭᠯᠡᠯᠲᠦ ᠴᠢᠨᠠᠷᠲᠠᠢ ᠠᠷᠭ᠎ᠠ ᠬᠡᠮᠵᠢᠶ᠎ᠡ ᠲᠣᠭᠲᠠᠭᠠᠵᠠᠢ᠃ ᠬᠤᠶᠠᠷ ᠲᠤ᠂ ᠲᠣᠪᠴᠢ ᠲᠣᠳᠣᠷᠬᠠᠢ ᠪᠠᠶᠢᠬᠤ ᠶᠢ ᠲᠣᠪᠤᠶᠢᠯᠭᠠᠨ᠂ ᠦᠭᠡ ᠥᠭᠦᠯᠡᠪᠦᠷᠢ ᠨᠢ ᠲᠣᠪᠴᠢ ᠠᠪᠰᠠᠷᠬᠠᠨ᠂ ᠠᠭᠤᠯᠭ᠎ᠠ ᠨᠢ ᠪᠠᠶᠠᠯᠢᠭ᠂ ᠵᠢᠯᠤᠭᠤᠳᠬᠤ ᠴᠢᠨᠠᠷ ᠢᠶᠠᠷ ᠴᠢᠩᠭ᠎ᠠ ᠪᠠᠶᠢᠬᠤ ᠶᠢ ᠴᠢᠬᠤᠯᠠᠴᠢᠯᠠᠵᠤ᠂ ︽ᠭᠤᠷᠪᠠ ᠶᠢ ᠬᠡᠯᠡᠬᠦ ᠦᠭᠡᠢ︾ ᠪᠠᠶᠢᠬᠤ ᠶᠢ ᠭᠤᠣᠯᠳᠠᠯᠭ᠎ᠠ ᠲᠠᠢ ᠡᠵᠡᠮᠰᠢᠪᠡ᠂ ᠲᠤᠬᠠᠶᠢᠯᠠᠪᠠᠯ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2019︺ 50 ᠳ᠋ᠤᠭᠠᠷ ᠲᠣᠭᠠᠲᠤ︶ ᠳᠤ ᠨᠢᠭᠡᠨᠲᠡ ᠲᠣᠳᠣᠷᠬᠠᠶᠢᠯᠠᠭᠰᠠᠨ ᠢ ᠬᠡᠯᠡᠬᠦ ᠦᠭᠡᠢ︔ ᠡᠯ᠎ᠡ ᠭᠠᠵᠠᠷ ᠤᠨ ᠣᠳᠣᠬᠠᠨ ᠳᠤ ᠨᠢᠭᠡᠨᠲᠡ ᠨᠡᠶᠢᠳᠡᠮ ᠪᠣᠳᠠᠲᠠᠶᠢᠵᠢᠭᠤᠯᠤᠭᠰᠠᠨ ᠪᠠᠶᠢᠳᠠᠯ ᠢ ᠬᠡᠯᠡᠬᠦ ᠦᠭᠡᠢ︔ ᠴᠢᠩᠭ᠎ᠠ ᠬᠢᠵᠠᠭᠠᠷᠯᠠᠯ ᠦᠭᠡᠢ ᠪᠣᠯ ᠬᠢᠨᠠᠨ ᠰᠢᠯᠭᠠᠵᠤ ᠪᠣᠯᠬᠤ ᠦᠭᠡᠢ ᠶᠢ ᠬᠡᠯᠡᠬᠦ ᠦᠭᠡᠢ᠃ ᠭᠤᠷᠪᠠ ᠳᠤ᠂ ᠥᠷᠭᠡᠨ ᠢᠶᠠᠷ ᠯᠠᠪᠯᠠᠯᠲᠠ ᠪᠣᠯᠭᠠᠬᠤ ᠶᠢ ᠲᠤᠪᠤᠶᠢᠯᠭᠠᠵᠦ᠂ ᠬᠠᠮᠢᠶ᠎ᠠ ᠪᠦᠬᠦᠢ ᠮᠤᠵᠢ ᠬᠤᠲᠠ ᠮᠤᠵᠢ ᠶᠢᠨ ᠱᠠᠲᠤᠨ ᠠᠴᠠ ᠣᠷᠣᠨ ᠨᠤᠲᠤᠭ ᠤᠨ ᠢᠵᠢ ᠪᠦᠷᠢᠳᠦᠭᠦᠯᠬᠦ ᠬᠠᠷᠢᠭᠤᠴᠠᠯᠭ᠎ᠠ ᠶᠢ ᠪᠦᠬᠦ ᠲᠤᠭ᠎ᠠ ᠪᠠᠷ ᠡᠭᠦᠷᠭᠡᠯᠡᠬᠦ ᠵᠡᠷᠭᠡ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠵᠤ᠂ ᠬᠠᠮᠢᠶ᠎ᠠ ᠪᠦᠬᠦᠢ ᠠᠶᠢᠮᠠᠭ ᠬᠤᠲᠠ ᠶᠢᠨ ᠶᠡᠭᠡ ᠪᠠᠷ ᠡᠪᠳᠡᠵᠦ ᠶᠡᠭᠡ ᠪᠠᠷ ᠪᠠᠶᠢᠭᠤᠯᠬᠤ᠂ ᠤᠷᠢᠳ ᠢᠶᠠᠷ ᠰᠢᠯᠵᠢᠭᠦᠯᠦᠨ ᠳᠠᠷᠠᠭ᠎ᠠ ᠨᠢ ᠪᠦᠲᠦᠭᠡᠨ ᠪᠠᠶᠢᠭᠤᠯᠬᠤ ᠵᠡᠷᠭᠡ ᠦᠢᠯᠡᠳᠦᠯᠭᠡ ᠶᠢᠨ ᠲᠤᠷᠰᠢᠯᠭ᠎ᠠ ᠶᠢ ᠰᠢᠩᠭᠡᠬᠡᠨ ᠠᠪᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠳᠤ ᠢᠲᠡᠭᠡᠮᠵᠢ ᠶᠢᠨ ᠲᠡᠰ ᠤᠨ ᠦᠨᠡᠯᠡᠯᠲᠡ ᠬᠢᠬᠦ ᠵᠡᠷᠭᠡ ᠠᠵᠢᠯ ᠤᠨ ᠲᠣᠭᠲᠠᠴᠠ ᠪᠠᠷ ᠯᠠᠪᠯᠠᠯᠲᠠ ᠪᠣᠯᠭᠠᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号