ᠡᠪᠦᠳᠦᠭ ᠬᠦᠢᠲᠡᠨ ᠪᠠᠶᠢᠪᠠᠯ ᠦᠷᠪᠢᠰᠦᠯ ᠪᠤᠯᠬᠤ ᠠᠴᠠ ᠬᠢᠴᠢᠶᠡ
ᠨᠡᠶᠢᠲᠡᠯᠡᠭᠰᠡᠨ ᠴᠠᠭ᠄
2022/11/9
       ᠡᠪᠦᠳᠦᠭ ᠬᠦᠢᠲᠡᠨ ᠪᠠᠶᠢᠪᠠᠯ ᠦᠷᠪᠢᠰᠦᠯ ᠪᠤᠯᠬᠤ ᠠᠴᠠ ᠬᠢᠴᠢᠶᠡ        ᠨᠠᠰᠤᠲᠠᠶᠢᠴᠤᠳ ᠤᠨ ᠭᠡᠯᠡᠭᠦ ᠪᠠᠷ᠂ ᠨᠠᠰᠤ ᠠᠭᠢᠬᠤ ᠲᠤᠰᠤᠮ ᠡᠪᠦᠳᠦᠭ ᠳᠠᠭᠠᠷᠠᠵᠤ ᠪᠡᠭᠡᠷᠡᠬᠦ᠂ ᠭᠦᠰᠢᠭᠦ ᠨᠢ ᠶᠡᠭᠡ ᠪᠤᠯᠳᠠᠭ ᠪᠠᠶᠢᠨ᠎ᠠ᠃ ᠡᠪᠦᠳᠦᠭ ᠤᠨ ᠦᠶ᠎ᠡ ᠵᠢᠩᠭᠢᠨᠡᠭᠰᠡᠨ ᠤ ᠬᠠᠮᠤᠭ ᠤᠨ ᠦᠷᠭᠦᠯᠵᠢ ᠲᠣᠬᠢᠶᠠᠯᠳᠤᠳᠠᠭ ᠰᠢᠯᠲᠠᠭᠠᠨ ᠪᠣᠯ ᠲᠤᠶᠢᠭ ᠤᠨ ᠶᠠᠰᠤ ᠵᠥᠭᠡᠯᠡᠷᠡᠬᠦ᠂ ᠡᠪᠦᠳᠦᠭ ᠤᠨ ᠦᠶ᠎ᠡ ᠶᠢᠨ ᠶᠠᠰᠤᠨ ᠤ ᠴᠢᠨᠠᠷᠲᠠᠢ ᠦᠶ᠎ᠡ ᠭᠡᠰᠢᠭᠦᠨ ᠤ ᠦᠷᠪᠢᠰᠦᠯ ᠵᠡᠷᠭᠡ ᠪᠠᠶᠢᠵᠤ᠂ ᠡᠪᠡᠳᠴᠢᠨ ᠡᠭᠦᠰᠬᠡᠭᠰᠡᠨ ᠰᠢᠯᠲᠠᠭᠠᠨ ᠳᠤ ᠴᠢᠭᠯᠡᠭᠦᠯᠦᠨ ᠵᠠᠰᠠᠬᠤ ᠬᠡᠷᠡᠭᠲᠡᠢ᠃ ᠡᠪᠦᠳᠦᠭ ᠤᠨ ᠦᠶ᠎ᠡ ᠶᠢᠨ ᠡᠷᠭᠢᠨ ᠲᠣᠭᠤᠷᠢᠨ ᠤ ᠪᠤᠯᠴᠢᠩ ᠨᠢ ᠮᠠᠰᠢ ᠨᠢᠮᠭᠡᠨ ᠪᠠᠶᠢᠵᠤ᠂ ᠬᠡᠪ ᠤᠨ ᠡᠪᠦᠳᠦᠭ ᠤᠨ ᠦᠶ᠎ᠡ ᠶᠢᠨ ᠠᠷᠠᠰᠤᠨ ᠤ ᠳᠤᠯᠠᠭᠠᠨ ᠤ ᠬᠡᠮᠵᠢᠶ᠎ᠡ ᠨᠢ ᠪᠤᠰᠤᠳ ᠬᠡᠰᠡᠭ ᠤᠨ ᠳᠤᠯᠠᠭᠠᠨ ᠤ ᠬᠡᠮᠵᠢᠶ᠎ᠡ ᠠᠴᠠ ᠵᠢᠭᠠᠬᠠᠨ ᠳᠣᠣᠷ᠎ᠠ ᠪᠠᠶᠢᠳᠠᠭ᠂ ᠬᠡᠷᠪᠡ ᠳᠤᠯᠠᠭᠠᠯᠠᠬᠤ ᠶᠢ ᠠᠩᠬᠠᠷᠬᠤ ᠦᠭᠡᠢ ᠪᠣᠯ ᠠᠮᠠᠷᠬᠠᠨ ᠡᠪᠡᠳᠴᠢᠨ ᠡᠭᠦᠰᠬᠡᠵᠦ ᠮᠡᠳᠡᠨ᠎ᠠ᠃        ᠬᠡᠷᠪᠡ ᠲᠠᠨ ᠤ ᠡᠪᠦᠳᠦᠭ ᠤᠨ ᠦᠶ᠎ᠡ ᠪᠠᠷ ᠴᠢᠨᠢ ᠦᠷᠭᠦᠯᠵᠢ ᠵᠢᠩᠭᠢᠨᠡᠵᠦ᠂ ᠳᠠᠭᠠᠷᠠᠵᠤ ᠪᠡᠭᠡᠷᠡᠬᠦ᠂ ᠰᠠᠯᠬᠢ ᠠᠪᠬᠤ ᠠᠴᠠ ᠰᠢᠷᠬᠡᠶᠢᠵᠦ ᠪᠠᠶᠢᠪᠠᠯ ᠦᠶ᠎ᠡ ᠭᠡᠰᠢᠭᠦᠦ ᠶᠢᠨ ᠳᠣᠲᠣᠭᠠᠳᠤ ᠳᠤ ᠨᠢᠭᠡᠨᠲᠡ ᠳᠣᠷᠦ᠋ᠢᠲᠠᠭᠰᠠᠨ ᠬᠤᠪᠢᠷᠠᠯᠲᠠ ᠭᠠᠷᠤᠭᠰᠠᠨ ᠪᠠᠶᠢᠵᠤ ᠮᠡᠳᠡᠭᠦ ᠶᠢᠨ ᠲᠤᠯᠠᠳᠠ᠂ ᠠᠩᠬᠠᠷᠴᠤ ᠠᠷᠠᠴᠢᠯᠠᠬᠤ ᠶᠢ ᠰᠠᠨᠠᠭᠤᠯᠵᠤ ᠪᠠᠶᠢᠨ᠎ᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号