ᠰᠢᠨ᠎ᠡ ᠪᠠᠷᠭᠤ ᠪᠠᠷᠠᠭᠤᠨ ᠬᠤᠰᠢᠭᠤᠨ ᠤ ᠣᠷᠣᠨ ᠬᠡᠪᠴᠢᠶᠡᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠦᠷ᠎ᠡ ᠳ᠋ᠦᠩ ᠤᠨ ᠲᠤᠬᠠᠢ ﹇2022﹈ 69 ᠳ᠋ᠦ᠋ᠭᠡᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/12/1
       11 ᠰᠠᠷ᠎ᠠ ᠶᠢᠨ 30᠎ ᠤ ᠡᠳᠦᠷ᠂ ᠮᠠᠨ ᠤ ᠬᠤᠰᠢᠭᠤ ᠭᠤᠣᠯᠳᠠᠯᠭ᠎ᠠ ᠲᠠᠢ ᠣᠷᠣᠨ ᠬᠡᠪᠴᠢᠶᠡᠨ ︵ᠠᠯᠳ᠋ᠬᠠᠮᠡᠭᠡᠯ ᠪᠠᠯᠭᠠᠰᠤᠨ ᠲᠣᠭᠤᠷᠢᠭ︶᠎ ᠤ ᠭᠤᠷᠪᠠᠳᠤᠭᠠᠷ ᠡᠭᠡᠯᠵᠢ ᠵᠢᠴᠢ ᠪᠤᠰᠤᠳ ᠭᠠᠵᠠᠷ ᠣᠷᠣᠨ ᠤ ᠬᠤᠶᠠᠳᠤᠭᠠᠷ ᠡᠭᠡᠯᠵᠢ ︵6 ᠰᠤᠮᠤ ᠪᠠᠯᠭᠠᠰᠤ᠂ ᠠᠯᠳ᠋ᠬᠠᠮᠡᠭᠡᠯ ᠪᠠᠯᠭᠠᠰᠤ ᠶᠢᠨ ᠡᠷᠬᠢᠨ ᠲᠣᠭᠤᠷᠢᠨ ᠤ ᠭᠠᠴᠠᠭ᠎ᠠ︶᠎ ᠶᠢᠨ ᠪᠥᠭᠡᠮ ᠬᠦᠴᠢᠯ ᠤᠨ ᠪᠠᠶᠢᠴᠠᠭᠠᠯᠲᠠ ᠥᠷᠨᠢᠭᠦᠯᠵᠦ᠂ ᠨᠡᠶᠢᠲᠡ 35663 ᠬᠥᠮᠥᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠠᠷᠭ᠎ᠠ ᠴᠢᠨᠠᠷᠲᠠᠢ 3 ᠬᠥᠮᠥᠨ ︵ᠲᠥᠪᠯᠡᠷᠡᠭᠦᠯᠦᠨ ᠲᠤᠰᠠᠭᠠᠷᠯᠠᠵᠤ ᠬᠠᠮᠢᠶᠠᠷᠤᠨ ᠡᠵᠡᠮᠳᠡᠬᠦ ᠬᠥᠮᠥᠰ ᠤᠨ ᠳᠣᠲᠣᠷ᠎ᠠ ᠠᠴᠠ ᠰᠢᠭᠰᠢᠨ ᠭᠠᠷᠭᠠᠪᠠ︶᠎ ᠢ ᠪᠠᠶᠢᠴᠠᠭᠠᠨ ᠭᠠᠷᠭᠠᠵᠤ᠂ ᠪᠤᠰᠤᠳ ᠨᠢ ᠴᠥᠮ ᠪᠢᠯᠢᠭ ᠴᠢᠨᠠᠷᠲᠠᠢ ᠪᠣᠯᠣᠭᠰᠠᠨ ᠪᠠᠶᠢᠨ᠎ᠠ᠃        ᠣᠳᠣᠬᠠᠨ ᠳᠤ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠶᠡᠷᠦᠩᠬᠡᠢ ᠳᠡᠭᠡᠨ ᠡᠵᠡᠮᠳᠡᠵᠦ ᠪᠣᠯᠬᠤ ᠪᠣᠯᠪᠠᠴᠤ᠂ ᠲᠦᠭᠰᠢᠭᠦᠷᠢ ᠮᠥᠨ ᠣᠷᠣᠰᠢᠭᠰᠠᠭᠠᠷ ᠪᠠᠶᠢᠨ᠎ᠠ᠃ ᠥᠷᠭᠡᠨ ᠣᠯᠠᠨ ᠰᠠᠭᠤᠭᠠᠯᠢ ᠠᠷᠠᠳ ᠡᠷᠬᠡᠪᠰᠢ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠂ ᠠᠷᠠᠳ ᠢᠷᠭᠡᠳ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠲᠣᠭᠲᠠᠭᠰᠠᠨ ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠪᠠᠨ ᠬᠢᠵᠦ ᠳᠠᠭᠤᠰᠬᠠᠨ᠂ ᠲᠣᠰ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠬᠦ ᠶᠢ ᠪᠠᠷᠢᠮᠲᠠᠯᠠᠨ᠂ ᠪᠦᠭᠡᠮᠨᠡᠷᠡᠨ ᠴᠤᠭᠯᠠᠷᠠᠬᠤ ᠦᠭᠡᠢ᠂ 2 ᠮᠧᠲᠷ ᠤᠨ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠵᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠺᠣᠳ᠋ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠢᠳᠡᠪᠬᠢᠲᠡᠢ ᠬᠠᠮᠵᠢᠯᠴᠠᠨ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢᠲᠡᠭᠡᠬᠦ ᠦᠭᠡᠢ᠂ ᠴᠤᠤᠷᠬᠠᠯ ᠳᠠᠮᠵᠢᠭᠤᠯᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠬᠠᠮᠲᠤ ᠪᠠᠷ ᠪᠠᠶᠢᠭᠤᠯᠬᠤ ᠶᠢ ᠬᠦᠰᠡᠵᠦ ᠪᠠᠶᠢᠨ᠎ᠠ᠃               ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                             2022 ᠣᠨ ᠤ 12 ᠰᠠᠷ᠎ᠠ ᠶᠢᠨ 1᠎ ᠤ ᠡᠳᠦᠷ
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ