11 ᠰᠠᠷ᠎ᠠ ᠶᠢᠨ 30 ᠤ ᠡᠳᠦᠷ᠂ ᠮᠠᠨ ᠤ ᠬᠤᠰᠢᠭᠤ ᠭᠤᠣᠯᠳᠠᠯᠭ᠎ᠠ ᠲᠠᠢ ᠣᠷᠣᠨ ᠬᠡᠪᠴᠢᠶᠡᠨ ︵ᠠᠯᠳ᠋ᠬᠠᠮᠡᠭᠡᠯ | ᠪᠠᠯᠭᠠᠰᠤᠨ ᠲᠣᠭᠤᠷᠢᠭ︶ ᠤ ᠭᠤᠷᠪᠠᠳᠤᠭᠠᠷ ᠡᠭᠡᠯᠵᠢ ᠵᠢᠴᠢ ᠪᠤᠰᠤᠳ ᠭᠠᠵᠠᠷ ᠣᠷᠣᠨ ᠤ ᠬᠤᠶᠠᠳᠤᠭᠠᠷ ᠡᠭᠡᠯᠵᠢ ︵6 | ᠰᠤᠮᠤ ᠪᠠᠯᠭᠠᠰᠤ᠂ ᠠᠯᠳ᠋ᠬᠠᠮᠡᠭᠡᠯ ᠪᠠᠯᠭᠠᠰᠤ ᠶᠢᠨ ᠡᠷᠬᠢᠨ ᠲᠣᠭᠤᠷᠢᠨ ᠤ ᠭᠠᠴᠠᠭ᠎ᠠ︶ ᠶᠢᠨ ᠪᠥᠭᠡᠮ ᠬᠦᠴᠢᠯ ᠤᠨ | ᠪᠠᠶᠢᠴᠠᠭᠠᠯᠲᠠ ᠥᠷᠨᠢᠭᠦᠯᠵᠦ᠂ ᠨᠡᠶᠢᠲᠡ 35663 ᠬᠥᠮᠥᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠠᠷᠭ᠎ᠠ | ᠴᠢᠨᠠᠷᠲᠠᠢ 3 ᠬᠥᠮᠥᠨ ︵ᠲᠥᠪᠯᠡᠷᠡᠭᠦᠯᠦᠨ ᠲᠤᠰᠠᠭᠠᠷᠯᠠᠵᠤ ᠬᠠᠮᠢᠶᠠᠷᠤᠨ ᠡᠵᠡᠮᠳᠡᠬᠦ ᠬᠥᠮᠥᠰ ᠤᠨ ᠳᠣᠲᠣᠷ᠎ᠠ ᠠᠴᠠ | ᠰᠢᠭᠰᠢᠨ ᠭᠠᠷᠭᠠᠪᠠ︶ ᠢ ᠪᠠᠶᠢᠴᠠᠭᠠᠨ ᠭᠠᠷᠭᠠᠵᠤ᠂ ᠪᠤᠰᠤᠳ ᠨᠢ ᠴᠥᠮ ᠪᠢᠯᠢᠭ ᠴᠢᠨᠠᠷᠲᠠᠢ ᠪᠣᠯᠣᠭᠰᠠᠨ ᠪᠠᠶᠢᠨ᠎ᠠ᠃ | ᠣᠳᠣᠬᠠᠨ ᠳᠤ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠶᠡᠷᠦᠩᠬᠡᠢ ᠳᠡᠭᠡᠨ ᠡᠵᠡᠮᠳᠡᠵᠦ ᠪᠣᠯᠬᠤ | ᠪᠣᠯᠪᠠᠴᠤ᠂ ᠲᠦᠭᠰᠢᠭᠦᠷᠢ ᠮᠥᠨ ᠣᠷᠣᠰᠢᠭᠰᠠᠭᠠᠷ ᠪᠠᠶᠢᠨ᠎ᠠ᠃ ᠥᠷᠭᠡᠨ ᠣᠯᠠᠨ ᠰᠠᠭᠤᠭᠠᠯᠢ ᠠᠷᠠᠳ ᠡᠷᠬᠡᠪᠰᠢ | ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠂ ᠠᠷᠠᠳ ᠢᠷᠭᠡᠳ ᠤᠨ ᠡᠭᠦᠷᠭᠡ ᠬᠠᠷᠢᠭᠤᠴᠠᠯᠭ᠎ᠠ ᠪᠠᠨ | ᠰᠠᠶᠢᠲᠤᠷ ᠭᠦᠢᠴᠡᠳᠬᠡᠵᠦ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ | ᠱᠠᠭᠠᠷᠳᠠᠯᠭ᠎ᠠ ᠶᠣᠰᠣᠭᠠᠷ᠂ ᠲᠣᠭᠲᠠᠭᠰᠠᠨ ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠪᠠᠨ ᠬᠢᠵᠦ | ᠳᠠᠭᠤᠰᠬᠠᠨ᠂ ᠲᠣᠰ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠬᠦ ᠶᠢ ᠪᠠᠷᠢᠮᠲᠠᠯᠠᠨ᠂ ᠪᠦᠭᠡᠮᠨᠡᠷᠡᠨ ᠴᠤᠭᠯᠠᠷᠠᠬᠤ ᠦᠭᠡᠢ᠂ | 2 ᠮᠧᠲᠷ ᠤᠨ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠵᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠺᠣᠳ᠋ ᠰᠢᠯᠭᠠᠬᠤ | ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠢᠳᠡᠪᠬᠢᠲᠡᠢ ᠬᠠᠮᠵᠢᠯᠴᠠᠨ᠂ ᠴᠤᠤᠷᠬᠠᠯ ᠲᠠᠯᠪᠢᠬᠤ ᠦᠭᠡᠢ᠂ | ᠴᠤᠤᠷᠬᠠᠯ ᠢᠲᠡᠭᠡᠬᠦ ᠦᠭᠡᠢ᠂ ᠴᠤᠤᠷᠬᠠᠯ ᠳᠠᠮᠵᠢᠭᠤᠯᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠯᠬᠠᠪᠴᠢ ᠶᠢ ᠬᠠᠮᠲᠤ ᠪᠠᠷ ᠪᠠᠶᠢᠭᠤᠯᠬᠤ ᠶᠢ ᠬᠦᠰᠡᠵᠦ ᠪᠠᠶᠢᠨ᠎ᠠ᠃ | | | ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2022 ᠣᠨ ᠤ 12 ᠰᠠᠷ᠎ᠠ ᠶᠢᠨ 1 ᠤ ᠡᠳᠦᠷ |