ᠬᠦᠯᠦᠨ ᠪᠦᠷ ᠬᠤᠳᠠ ᠶᠢᠨ ᠰᠢᠨ᠎ᠠ ᠪᠠᠷᠭᠤ ᠪᠠᠷᠠᠭᠤᠨ ᠬᠤᠰᠢᠭᠤᠨ ᠤ ᠳᠠᠯᠠᠢ ᠰᠤᠮᠤ ᠶᠢᠨ ᠪᠦᠷᠢᠳᠦ | ᠭᠠᠴᠠᠭ᠎ᠠ ᠶᠢᠨ ᠨᠢᠭᠡᠨ ᠬᠡᠤᠬᠡᠨ ᠶᠡᠭᠡ ᠰᠤᠷᠭᠠᠭᠤᠯᠢ ᠠᠴᠠ ᠲᠡᠭᠦᠰᠦᠭᠡᠳ ᠨᠤᠳᠤᠭ ᠲᠠᠭᠠᠨ ᠬᠠᠷᠢᠵᠤ᠂ ᠮᠠᠯ | ᠮᠠᠯᠵᠢᠬᠤ ᠶᠢᠨ ᠵᠡᠷᠭᠡ ᠪᠠᠷ ︽ᠬᠠᠶᠢᠴᠢᠨᠳᠠᠢ ᠶᠤᠭ᠎ᠠ ᠶᠢᠨ ᠮᠠᠯᠵᠢᠯ ᠤᠨ ᠲᠠᠯᠠᠪᠠᠢ︾ ᠶᠢ ᠡᠷᠬᠢᠯᠡᠵᠤ ᠪᠠᠶᠢᠨ᠎ᠠ ᠬᠡᠰᠡᠨ | ᠴᠢᠮᠡᠭᠡ ᠶᠢ ᠲᠤᠭᠤᠯᠤᠭᠠᠳ ᠪᠢᠳᠡ ᠰᠤᠷᠪᠤᠯᠵᠢᠯᠠᠭ᠎ᠠ ᠠᠪᠬᠤ ᠪᠠᠷ ᠭᠡᠷ ᠲᠤᠨᠢ ᠬᠦᠷᠦᠭᠰᠡᠨ ᠶᠤᠮ᠃ ᠡᠨᠡ ᠬᠡᠦᠬᠡᠨ ᠢ | ᠦᠷᠢᠨᠵᠤᠯ ︵ᠦᠷ ᠤᠨ ᠵᠣᠯ︶ ᠭᠡᠳᠡᠭ᠂ ᠬᠢᠲᠠᠳ ᠨᠡᠷ᠎ᠡ ᠨᠢ ᠯᠢ ᠰᠢᠨ᠃ ᠦᠷᠢᠨᠵᠤᠯ ᠨᠢᠭᠤᠷ ᠴᠢᠷᠠᠢ ᠨᠢ ᠤᠳᠠᠭᠠᠨ | ᠡᠳᠦᠷ ᠨᠠᠷᠠ ᠰᠠᠯᠬᠢᠨ ᠳᠤ ᠲᠠᠪᠳᠠᠭᠳᠠᠭᠰᠠᠨ ᠪᠠᠶᠢᠳᠠᠯ ᠬᠠᠷᠠᠭᠳᠠᠬᠤ ᠦᠭᠡᠢ ᠪᠤᠯᠪᠠᠴᠤ ︽ᠤᠳᠤ ᠦᠶ᠎ᠠ ᠶᠢᠨ | ᠮᠠᠯᠵᠢᠯ ᠤᠨ ᠠᠷᠭ᠎ᠠ ᠨᠢ ᠤᠯᠠᠮᠵᠢᠯᠠᠯᠲᠦ ᠮᠠᠯᠵᠢᠯ ᠤᠨ ᠠᠷᠭ᠎ᠠ ᠲᠠᠢ ᠬᠠᠷᠢᠴᠠᠭᠤᠯᠪᠠᠯ ᠬᠦᠮᠦᠨ ᠤ ᠬᠦᠴᠦ ᠪᠠ | ᠦᠪᠡᠷ ᠤᠨ ᠦᠷᠲᠡᠭ ᠪᠦᠷ ᠠᠷᠪᠢᠯᠠᠳᠠᠭ ᠁︾ ᠭᠡᠵᠤ ᠠᠵᠢᠯ ᠢᠶᠠᠨ ᠡᠬᠢᠯᠡᠨ ᠲᠠᠨᠢᠯᠴᠠᠭᠤᠯᠬᠤ ᠳᠤ᠂ ᠲᠡᠭᠦᠨ ᠤ | ᠮᠠᠯᠵᠢᠬᠤ ᠠᠮᠢᠳᠤᠷᠠᠯ ᠳᠠᠭᠠᠨ ᠮᠠᠰᠢ ᠳᠠᠳᠮᠠᠭᠠᠢ᠂ ᠠᠵᠢᠯᠴᠢ ᠤᠬᠠᠭᠠᠯᠢᠭ ᠬᠦᠮᠦᠨ ᠪᠤᠯᠬᠤ ᠨᠢ ᠢᠯᠡᠭᠡᠨ ᠮᠡᠳᠡᠭᠳᠡᠵᠤ | ᠪᠠᠶᠢᠯ᠎ᠠ᠃ | ᠦᠷᠢᠨᠵᠤᠯ 2012 ᠤᠨ ᠳᠤ ᠵᠡᠭᠦᠨ ᠬᠤᠶᠢᠳᠤ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠠᠩᠭ᠍ᠯᠢ | ᠬᠡᠯᠡᠨ ᠤ ᠰᠠᠯᠪᠤᠷᠢ ᠠᠴᠠ ᠲᠡᠭᠦᠰᠴᠠᠢ᠃ ᠤᠯᠠᠩᠭᠢ ᠬᠦᠮᠦᠰ ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ | ᠠᠯᠪᠠᠳᠠᠨ ᠰᠢᠯᠭᠠᠭᠤᠯᠬᠤ᠂ ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠢᠶᠠᠷ ᠰᠢᠯᠭᠠᠭᠤᠯᠬᠤ ᠪᠤᠶᠤ ᠪᠠᠭᠰᠢ ᠶᠢᠨ | ᠰᠢᠯᠭᠠᠯᠳᠠ ᠪᠠᠷ ᠲᠠᠮᠵᠢᠨ ᠲᠤᠭᠳᠠᠪᠤᠷᠢᠳᠠᠢ ᠠᠵᠢᠯ ᠤᠯᠬᠤ᠂ ᠡᠰᠡᠭᠦᠯ᠎ᠡ ᠶᠡᠭᠡ ᠬᠤᠳᠠ ᠳᠤ ᠬᠦᠯ ᠲᠤᠭᠳᠠᠵᠤ ᠠᠵᠢᠯ | ᠦᠢᠯᠡᠰ ᠪᠤᠰᠬᠠᠬᠤ ᠶᠢ ᠬᠦᠭᠡᠭᠡᠴᠡᠯᠳᠦᠳᠡᠭ ᠪᠠᠶᠢᠬᠤ ᠳᠤ ᠦᠷᠢᠨᠵᠤᠯ ᠬᠠᠷᠢᠨ ᠪᠤᠰᠤᠤᠨ ᠠᠴᠠ ︽ᠤᠨᠳᠤᠤ ᠰᠤᠩᠭᠤᠯᠳᠠ︾ | ᠬᠢᠭᠰᠡᠨ ᠪᠢᠯᠡ᠃ | ᠰᠤᠷᠭᠠᠭᠤᠯᠢ ᠲᠡᠭᠦᠰᠦᠭᠰᠡᠨ ᠵᠢᠯ ᠳᠡᠭᠡᠨ ᠦᠷᠢᠨᠵᠤᠯ ᠥᠴᠥᠬᠡᠨ ᠴᠦ ᠲᠠᠲᠠᠭᠠᠯᠵᠠᠯ ᠦᠭᠡᠢ ᠪᠠᠷ | ᠨᠤᠳᠤᠭ ᠲᠠᠭᠠᠨ ᠬᠠᠷᠢᠵᠤ ᠮᠠᠯᠵᠢᠯ ᠤᠨ ᠦᠢᠯᠡᠰ ᠢᠶᠠᠨ ᠬᠦᠭᠵᠢᠭᠦᠯᠬᠦ ᠪᠠᠷ ᠰᠢᠢᠳᠴᠠᠢ᠃ ︽ᠪᠢ ᠪᠠᠭ᠎ᠠ ᠠᠴᠠ ᠪᠠᠨ | ᠮᠠᠯᠵᠢᠬᠤ ᠤᠷᠤᠨ ᠳᠤ ᠲᠦᠷᠦᠵᠤ ᠦᠰᠦᠭᠰᠡᠨ ᠪᠤᠯᠬᠤᠷ ᠮᠠᠯᠵᠢᠯ ᠠᠮᠢᠳᠤᠷᠠᠯ ᠳᠠᠭᠠᠨ ᠬᠠᠶᠢᠷᠠᠲᠠᠢ᠂ ᠳᠠᠷᠠᠭ᠎ᠠ ᠪᠠᠷ ᠠᠪᠤ | ᠡᠵᠢ ᠨᠠᠰᠤ ᠠᠬᠢᠪᠡᠯ ᠮᠠᠯ ᠠᠬᠤᠢ ᠶᠢ ᠬᠠᠮᠢᠶᠠᠷᠬᠤ ᠬᠥᠮᠥᠨ ᠦᠭᠡᠢ ᠪᠤᠯᠤᠨ᠎ᠠ᠂ ᠪᠢ ᠬᠠᠷᠢᠬᠤ ᠦᠭᠡᠢ ᠪᠣᠯ ᠡᠪᠦᠭᠡ | ᠳᠡᠭᠡᠳᠦᠰ ᠤᠨ ᠬᠡᠳᠦᠨ ᠠᠷᠪᠠᠨ ᠵᠢᠯ ᠤᠨ ᠬᠦᠴᠦ ᠬᠥᠯᠥᠰᠦ ᠲᠠᠯᠠᠭᠠᠷ ᠪᠣᠯᠬᠤ ᠮᠠᠭᠠᠳ ᠭᠡᠵᠦ ᠪᠤᠳᠤᠭᠰᠠᠨ ᠡ︾ ᠬᠡᠵᠤ | ᠦᠷᠢᠨᠵᠤᠯ ᠲᠤᠬᠠᠢ ᠶᠢᠨ ᠦᠶ᠎ᠡ ᠶᠢᠨ ᠰᠣᠩᠭᠤᠯᠲᠠ ᠶᠢᠨ ᠢᠶᠠᠨ ᠲᠤᠬᠠᠢ ᠶᠠᠷᠢᠪᠠ᠃ ᠲᠡᠭᠦᠨ ᠤ ᠬᠡᠯᠡᠭᠰᠡᠨ ᠦᠭᠡ ᠨᠢ | ᠮᠠᠰᠢ ᠲᠥᠬᠦᠮ ᠪᠣᠯᠪᠠᠴᠤ ᠦᠭᠡ ᠶᠠᠷᠢᠶᠠᠨ ᠳᠤᠨᠢ ᠨᠤᠲᠤᠭ ᠤᠰᠤ ᠪᠠᠨ ᠬᠠᠶᠢᠷᠠᠯᠠᠨ ᠬᠠᠮᠠᠭᠠᠯᠠᠬᠤ ᠰᠡᠳᠬᠢᠯᠭᠡ | ᠨᠢᠭᠤᠭᠳᠠᠵᠤ ᠪᠠᠶᠢᠯ᠎ᠠ᠃ ᠦᠷᠢᠨᠵᠣᠯ ᠤᠨ ᠡᠵᠢ ᠠᠴᠠ ᠬᠡᠦᠬᠡᠨ ᠤ ᠪᠠᠨ ᠰᠤᠩᠭᠤᠯᠳᠠ ᠳᠤ ᠶᠠᠮᠠᠷ ᠰᠢᠤᠬᠠᠨ ᠪᠤᠳᠤᠯ ᠲᠠᠢ | ᠪᠤᠢ ᠬᠡᠵᠤ ᠠᠰᠠᠭᠤᠭᠰᠠᠨ ᠳᠤ᠂ ᠦᠷᠢᠨᠵᠣᠯ ᠤᠨ ᠡᠵᠢ ᠨᠢ᠄ ︽ᠪᠢ ᠭᠠᠭᠴᠠᠬᠠᠨ ᠬᠡᠤᠬᠡᠨ ᠢᠶᠠᠨ ᠶᠡᠭᠡ ᠰᠤᠷᠭᠠᠭᠤᠯᠢ | ᠲᠡᠭᠦᠰᠪᠡᠯ ᠬᠤᠳᠠ ᠳᠤ ᠠᠵᠢᠯ ᠤᠯᠭᠤᠭᠠᠳ ᠰᠡᠯᠡᠭᠦᠬᠡᠨ ᠠᠮᠢᠳᠤᠷᠠᠭᠤᠯᠬᠤ ᠰᠠᠨᠠᠭᠠᠳᠠᠢ ᠪᠠᠶᠢᠭᠰᠠᠨ ᠡ᠂ ᠭᠡᠪᠡᠴᠦ ᠡᠨᠡ | ᠬᠡᠤᠬᠡᠨ ᠵᠠᠪᠠᠯ ᠬᠦᠳᠡᠭᠡ ᠳᠡᠭᠡᠨ ᠬᠠᠷᠢᠵᠤ ᠢᠷᠡᠨ᠎ᠠ ᠬᠡᠵᠤ ᠵᠤᠷᠢᠭ ᠰᠢᠭᠤᠳᠤᠭᠰᠠᠨ ᠪᠤᠯᠬᠤᠷ ᠬᠡᠦᠬᠡᠨ ᠤ ᠪᠠᠨ | ᠰᠠᠨᠠᠯ ᠢᠶᠠᠷ ᠪᠤᠯᠭᠠᠪᠠ᠃ ᠦᠷᠢᠨᠵᠤᠯ ᠪᠠᠭ᠎ᠠ ᠠᠴᠠ ᠪᠠᠨ ᠰᠤᠷᠭᠠᠭᠤᠯᠢ ᠲᠠᠷᠬᠠᠪᠠᠯ ᠨᠠᠳᠠ ᠶᠢ ᠳᠠᠭᠠᠭᠠᠳ ᠮᠠᠯ | ᠬᠠᠷᠢᠭᠤᠯᠵᠤ ᠮᠠᠯ ᠲᠠᠢ ᠤᠷᠤᠯᠳᠤᠬᠤ ᠲᠤᠷᠠᠳᠠᠢ ᠪᠠᠶᠢᠳᠠᠭ︾ ᠬᠡᠵᠤ ᠡᠷᠬᠢᠴᠡᠭᠦᠯᠦᠨᠠ᠃ ᠤᠤᠯ ᠨᠢ ᠮᠠᠯᠵᠢᠬᠤ | ᠣᠷᠣᠨ ᠳᠤ ᠦᠷᠢᠨᠵᠤᠯ ᠤᠨ ᠰᠠᠯᠵᠤ ᠪᠣᠯᠣᠰᠢ ᠦᠭᠡᠢ ᠰᠡᠳᠬᠢᠯ ᠤᠨ ᠬᠤᠯᠪᠤᠭ᠎ᠠ ᠪᠠᠶᠢᠳᠠᠭ ᠠᠵᠢ᠃ | | | | | ᠮᠠᠯᠵᠢᠬᠤ ᠠᠮᠢᠳᠤᠷᠠᠯ ᠢᠶᠠᠨ ᠠᠩᠬ᠎ᠠ ᠡᠬᠢᠯᠡᠭᠦᠯᠦᠭᠰᠡᠨ ᠲᠦᠷᠦᠭᠦᠦ ᠬᠡᠳᠦᠨ ᠵᠢᠯ ᠳᠤ ᠦᠷᠢᠨᠵᠤᠯ ᠮᠠᠯ | ᠠᠷᠠᠴᠢᠯᠠᠨ ᠲᠡᠵᠢᠭᠡᠬᠦ ᠰᠢᠨ᠎ᠠ ᠮᠡᠷᠭᠡᠵᠢᠯ᠂ ᠮᠠᠯ ᠤᠨ ᠭᠡᠮ ᠬᠢᠵᠢᠭ ᠢ ᠰᠡᠷᠭᠡᠶᠢᠯᠡᠬᠦ᠂ ᠭᠠᠷ ᠭᠡᠭᠡᠯᠳᠤᠬᠦᠯᠭᠡ ᠵᠡᠷᠭᠡ | ᠬᠡᠷᠡᠭᠯᠡᠭᠡᠨ ᠤ ᠮᠡᠷᠭᠡᠵᠢᠯ ᠢ ᠦᠢᠯᠡᠳᠦᠯᠭᠡ ᠪᠠᠷ ᠲᠠᠮᠵᠢᠨ ᠰᠠᠶᠢᠲᠤᠷ ᠡᠵᠡᠮᠰᠢᠭᠰᠡᠨ ᠢᠶᠠᠷ ᠪᠠᠷᠠᠬᠤ ᠦᠭᠡᠢ᠂ ᠪᠠᠶᠢᠭᠠᠯᠢ ᠶᠢᠨ | ᠭᠠᠮᠰᠢᠭ᠂ ᠮᠠᠯ ᠤᠨ ᠦᠨ᠎ᠠ ᠶᠢᠨ ᠪᠠᠭᠤᠷᠠᠯᠳᠠ ᠵᠡᠷᠭᠡ ᠬᠠᠯᠠ ᠶᠢ ᠠᠮᠰᠠᠵᠠᠢ᠃ ᠲᠡᠭᠡᠭᠡᠳ ᠲᠡᠷᠡ ᠤᠯᠠᠮᠵᠢᠯᠠᠯᠲᠦ | ᠮᠠᠯᠵᠢᠯ ᠤᠨ ᠠᠷᠭ᠎ᠠ ᠶᠢᠨ ᠵᠦᠪᠬᠡᠨ ᠮᠠᠯ ᠤᠨ ᠲᠤᠭ᠎ᠠ ᠲᠤᠯᠤᠭᠠᠢ ᠶᠢ ᠬᠦᠭᠡᠭᠡᠴᠡᠯᠳᠤᠵᠤ ᠪᠠᠶᠢᠬᠤ ᠨᠢ ᠮᠠᠯ ᠠᠷᠠᠴᠢᠯᠠᠨ | ᠲᠡᠵᠢᠭᠡᠬᠦ ᠦᠪᠡᠷ ᠤᠨ ᠦᠷᠳᠡᠭ ᠦᠨᠳᠦᠷ᠂ ᠠᠰᠢᠭ ᠤᠷᠤᠯᠭ᠎ᠠ ᠲᠤᠤᠷ᠎ᠠ ᠪᠠᠶᠢᠬᠤ ᠪᠠᠶᠢᠳᠠᠯ ᠳᠤ ᠤᠷᠤᠭᠤᠯᠵᠤ᠂ ᠡᠨᠡ ᠨᠢ | ᠤᠳᠤᠬᠢ ᠨᠡᠶᠢᠭᠡᠮ ᠤᠨ ᠬᠦᠭᠵᠢᠯᠳᠡ ᠶᠢᠨ ᠱᠠᠭᠠᠷᠳᠠᠯᠭ᠎ᠠ ᠲᠠᠢ ᠵᠤᠬᠢᠴᠠᠬᠤ ᠦᠭᠡᠢ ᠪᠣᠯᠣᠭᠰᠠᠨ ᠢ ᠮᠡᠳᠡᠭᠰᠡᠨ ᠮᠦᠷᠳᠡᠭᠡᠨ | ᠡᠨᠡ ᠬᠦ ᠪᠠᠶᠢᠳᠠᠯ ᠢ ᠬᠤᠪᠢᠷᠠᠭᠤᠯᠬᠤ ᠲᠠᠯ᠎ᠠ ᠪᠠᠷ ᠠᠩᠬᠠᠷᠴᠤ᠂ ᠰᠡᠳᠬᠢᠨ ᠰᠦᠪᠡᠭᠴᠢᠯᠡᠵᠤ ᠤᠷᠤᠯᠳᠤᠯᠭ᠎ᠠ ᠭᠢᠭᠰᠡᠭᠡᠷ | ᠢᠷᠡᠵᠠᠢ᠃ | ᠮᠠᠯ ᠤᠨ ᠲᠤᠭ᠎ᠠ ᠲᠤᠯᠤᠭᠠᠢ ᠶᠢ ᠦᠷᠦᠭᠡᠰᠦᠯ ᠢᠶᠠᠷ ᠬᠦᠭᠡᠭᠡᠴᠡᠯᠳᠦᠭᠰᠡᠨ ᠦᠭᠡᠢ᠂ ᠬᠠᠷᠢᠨ ᠮᠠᠯ ᠤᠨ | ᠪᠦᠲᠦᠴᠡ ᠪᠠᠨ ᠲᠣᠬᠢᠷᠠᠭᠤᠯᠤᠨ᠂ ᠮᠠᠯ ᠤᠨ ᠶᠠᠰᠤ ᠴᠢᠨᠠᠷ ᠢ ᠴᠢᠬᠤᠯᠠᠴᠢᠯᠠᠨ᠂ ᠵᠤᠬᠢᠬᠤ ᠬᠡᠪᠴᠢᠶᠡᠵᠢᠭᠰᠡᠨ | ᠡᠵᠡᠩᠨᠡᠯᠲᠡ ᠶᠢ ᠬᠥᠭᠵᠢᠭᠦᠯᠦᠨ᠂ ᠴᠦᠬᠡᠨ ᠮᠠᠯ ᠮᠠᠯᠵᠢᠵᠤ ᠦᠨᠳᠦᠷ ᠦᠷ᠎ᠠ ᠠᠰᠢᠭ ᠡᠭᠦᠳᠬᠦ ᠶᠢ ᠵᠤᠷᠢᠵᠤ ᠶᠠᠪᠤᠭ᠎ᠠ | ᠪᠤᠯᠬᠤᠷ ᠤᠳᠤᠬᠠᠨ ᠳᠤ ᠦᠷᠢᠨᠵᠤᠯ ᠤᠨ ᠬᠢᠨ ᠲᠦᠮᠡ ᠭᠠᠷᠤᠢ ᠮᠦ ᠭᠠᠵᠠᠷ ᠲᠠᠭᠠᠨ ᠵᠠᠭᠤᠭᠠᠳ ᠦᠭᠡᠷ᠂ ᠬᠤᠶᠠᠷ ᠵᠠᠭᠤ | ᠭᠠᠷᠤᠢ ᠬᠤᠨᠢ ᠲᠡᠵᠢᠭᠡᠵᠤ ᠪᠠᠶᠢᠨ᠎ᠠ᠃ ᠡᠨᠡ ᠨᠢ ᠦᠪᠡᠷ ᠤᠨ ᠦᠷᠳᠡᠭ᠂ ᠬᠦᠮᠦᠨ ᠤ ᠬᠦᠴᠦ ᠪᠠᠨ ᠠᠷᠪᠢᠯᠠᠬᠤ ᠪᠠᠷ | ᠪᠠᠷᠠᠬᠤ ᠦᠭᠡᠢ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠳᠤ ᠴᠦ ᠠᠰᠢᠭᠳᠠᠢ᠃ ᠮᠠᠯᠵᠢᠯ ᠤᠨ ᠦᠢᠯᠡᠰ ᠢᠶᠠᠨ | ᠨᠡᠩ ᠰᠠᠶᠢᠨ ᠬᠦᠭᠵᠢᠬᠦᠯᠬᠦ ᠶᠢᠨ ᠲᠦᠯᠦᠭᠡ ᠦᠷᠢᠨᠵᠤᠯ 2015 ᠤᠨ ᠳᠤ ︽ᠬᠠᠶᠢᠴᠢᠨᠳᠠᠢ ᠭᠡᠷ ᠪᠦᠯᠢ ᠶᠢᠨ | ᠮᠠᠯᠵᠢᠯ ᠤᠨ ᠲᠠᠯᠠᠪᠠᠢ︾ ᠶᠢ ᠳᠠᠩᠰᠠᠯᠠᠭᠤᠯᠵᠤ᠂ ᠦᠪᠡᠷ ᠢᠶᠠᠨ ᠶᠤᠭ᠎ᠠ ᠰᠤᠷᠤᠭᠰᠠᠨ ᠤ ᠰᠡᠭᠦᠯᠡᠷ ︽ᠬᠠᠶᠢᠴᠢᠨᠳᠠᠢ | ᠶᠤᠭ᠎ᠠ ᠶᠢᠨ ᠮᠠᠯᠵᠢᠯ ᠤᠨ ᠳᠠᠯᠠᠪᠠᠢ︾ ᠬᠡᠵᠤ ᠨᠡᠷ᠎ᠠ ᠪᠠᠨ ᠬᠠᠯᠠᠵᠤ᠂ ᠥᠪᠡᠷ ᠤᠨ ᠢᠶᠠᠨ ᠪᠡᠯᠴᠢᠭᠡᠷ ᠳᠡᠭᠡᠷ᠎ᠡ ᠪᠠᠨ ᠬᠢᠨᠠᠨ | ᠡᠵᠡᠮᠳᠡᠬᠦ ᠲᠥᠬᠦᠭᠡᠷᠦᠮᠵᠢ ᠤᠭᠰᠠᠷᠠᠵᠤ᠂ ᠬᠡᠵᠢᠶ᠎ᠡ ᠬᠠᠮᠢᠭ᠎ᠠ ᠴᠤ ᠭᠡᠰᠡᠨ ᠦᠭᠡᠢ ᠭᠠᠷ ᠤᠲᠠᠰᠤᠨ ᠳᠡᠭᠡᠷ᠎ᠡ ᠪᠠᠨ | ᠪᠡᠯᠴᠢᠭᠡᠷ ᠪᠣᠯᠣᠨ ᠦᠬᠡᠷ ᠬᠤᠨᠢᠨ ᠤ ᠪᠠᠨ ᠪᠠᠶᠢᠳᠠᠯ ᠢ ᠦᠵᠡᠵᠦ ᠳᠡᠶᠢᠯᠬᠦ ᠪᠤᠯᠵᠠᠢ᠃ 2017 ᠤᠨ ᠳᠤ ᠤᠶᠤᠨᠴᠢ | ᠮᠠᠯᠵᠢᠯ ᠤᠨ ᠲᠠᠯᠠᠪᠠᠢ ᠶᠢᠨ ᠲᠦᠷᠦᠯ ᠵᠦᠢᠯ ᠢᠶᠠᠷ ᠫᠸᠡᠭ ᠰᠠᠷᠠᠪᠴᠢ ᠪᠠᠨ ᠨᠡᠮᠡᠨ ᠪᠠᠷᠢᠵᠤ᠂ ᠰᠠᠭᠤᠷᠢ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠨ ᠤᠯᠠᠮ ᠰᠠᠶᠢᠨ ᠪᠤᠯᠭᠠᠵᠠᠢ᠃ | ᠦᠷᠢᠨᠵᠤᠯ ᠮᠠᠯ ᠠᠷᠠᠴᠢᠯᠠᠨ ᠲᠡᠵᠢᠭᠡᠬᠦ ᠮᠡᠷᠭᠡᠵᠢᠯ ᠢᠶᠠᠨ ᠲᠡᠭᠡᠭᠰᠢᠯᠡᠬᠦᠯᠬᠦ ᠪᠠᠨ ᠠᠩᠬᠠᠷᠬᠤ ᠪᠠᠷ ᠪᠠᠷᠠᠬᠤ | ᠦᠭᠡᠢ᠂ ᠪᠠᠰᠠ ᠮᠠᠯ ᠢᠶᠠᠨ ᠨᠡᠩ ᠦᠨᠳᠦᠷ ᠦᠨ᠎ᠠ ᠪᠠᠷ ᠬᠤᠳᠠᠯᠳᠤᠬᠤ ᠶᠢ ᠴᠦ ᠰᠦᠪᠡᠭᠴᠢᠯᠡᠭᠰᠡᠭᠡᠷ ᠢᠷᠡᠪᠡ᠃ 2017 | ᠤᠨ ᠳᠤ ᠨᠢᠭᠡᠨ ᠵᠠᠪᠰᠢᠶᠠᠨ ᠢᠶᠠᠷ ᠲᠡᠷᠡ ᠪᠡᠭᠡᠵᠢᠩ ᠳᠤ ᠤᠴᠢᠵᠤ ᠶᠤᠭ᠎ᠠ ᠶᠢᠨ ᠪᠤᠯᠪᠠᠰᠤᠷᠠᠯ ᠳᠤ ᠤᠷᠤᠯᠴᠠᠨ᠂ | ᠰᠡᠳᠬᠢᠯ ᠰᠠᠨᠠᠭ᠎ᠠ ᠨᠡᠶᠢᠯᠡᠳᠡᠭ ᠤᠯᠠᠨ ᠰᠠᠶᠢᠨ ᠨᠠᠶᠢᠵᠠ ᠲᠠᠢ ᠪᠤᠯᠪᠠ᠃ ᠡᠳᠡᠭᠡᠷ ᠬᠦᠮᠦᠰ ᠲᠠᠢ ᠬᠠᠷᠢᠯᠴᠠᠬᠤ | ᠶᠠᠪᠤᠴᠠ ᠳᠠᠭᠠᠨ ᠦᠷᠢᠨᠵᠤᠯ᠄ ᠶᠤᠭ᠎ᠠ ᠪᠤᠯᠪᠠᠰᠤᠷᠠᠳᠠᠭ ᠬᠦᠮᠦᠰ ᠪᠤᠯ ᠠᠵᠤ ᠠᠬᠤᠢ ᠶᠢᠨ ᠨᠦᠬᠦᠴᠡᠯ ᠢᠶᠠᠷ ᠵᠦᠭᠡᠷ᠂ | ᠠᠮᠢᠳᠤᠷᠠᠯ ᠳᠠᠭᠠᠨ ᠬᠦᠰᠡᠯ ᠬᠦᠭᠡᠭᠡᠴᠡᠯᠳᠦᠯ ᠲᠠᠢ᠂ ᠴᠤᠯ ᠪᠠᠶᠢᠭᠠᠯᠢᠯᠢᠭ ᠢᠳᠡᠭᠡᠨ ᠢ ᠡᠷᠬᠢᠮᠯᠡᠳᠡᠭ ᠨᠢᠭᠡ ᠪᠦᠯᠦᠭ | ᠬᠦᠮᠦᠰ᠃ ᠬᠡᠪᠡᠴᠦ ᠡᠳᠡᠭᠡᠷ ᠬᠦᠮᠦᠰ ᠤᠨ ᠤᠯᠠᠩᠭᠢ ᠨᠢ ᠶᠡᠭᠡ ᠬᠤᠳᠠ ᠳᠤ ᠠᠮᠢᠳᠤᠷᠠᠵᠤ ᠪᠠᠶᠢᠳᠠᠭ ᠪᠤᠯᠬᠤᠷ ᠴᠤᠯ | ᠪᠠᠶᠢᠭᠠᠯᠢᠯᠢᠭ ᠮᠢᠬ᠎ᠠ ᠤᠯᠵᠤ ᠢᠳᠡᠬᠦ ᠳᠤ ᠬᠦᠴᠢᠷ ᠲᠠᠢ ᠪᠠᠶᠢᠬᠤ ᠶᠢ ᠮᠡᠳᠡᠵᠠᠢ᠃ ᠡᠳᠡᠭᠡᠷ ᠨᠠᠶᠢᠵᠠ ᠨᠢ ᠦᠷᠢᠨᠵᠤᠯ ᠤᠨ | ᠬᠢᠨ ᠤ ᠴᠤᠯ ᠪᠠᠢᠭᠠᠯᠢᠯᠢᠭ ᠦᠬᠡᠷ ᠬᠤᠨᠢᠨ ᠤ ᠮᠢᠬ᠎ᠠ ᠬᠤᠳᠠᠯᠳᠤᠵᠤ ᠪᠠᠶᠢᠬᠤ ᠶᠢ ᠮᠡᠳᠡᠭᠡᠳ ᠲᠡᠭᠦᠨ ᠠᠴᠠ ᠮᠢᠬ᠎ᠠ | ᠵᠠᠬᠢᠶᠠᠯᠠᠵᠤ ᠡᠬᠢᠯᠡᠪᠡ᠃ ᠢᠩᠬᠢᠭᠡᠳ 2018 ᠣᠨ ᠤ ᠡᠪᠦᠯ ᠡᠳᠡᠨᠡᠶᠢᠬᠢᠨ 400 ᠭᠠᠷᠤᠢ ᠬᠤᠨᠢ ᠭᠠᠳᠠᠭᠰᠢ | ᠶᠠᠪᠤᠭᠤᠯᠵᠤ᠂ ᠬᠠᠮᠤᠭ ᠤᠨ ᠬᠤᠯᠠ ᠳᠠᠭᠠᠨ ᠬᠠᠶᠢᠨᠠᠨ ᠳᠤ ᠬᠦᠷᠦᠭᠰᠡᠨ ᠪᠠᠶᠢᠨ᠎ᠠ᠃ ᠤᠳᠦ ᠡᠭᠦᠨ ᠠᠴᠠ ᠰᠡᠭᠦᠯᠡᠷ | ᠶᠤᠭ᠎ᠠ ᠶᠢᠨ ᠬᠠᠮᠳᠤ ᠰᠤᠷᠤᠭᠴᠢ ᠶᠢᠨ ᠮᠠᠯ ᠤᠨ ᠵᠠᠬᠢᠶᠠᠯᠠᠭ᠎ᠠ ᠨᠢ ᠲᠠᠰᠤᠷᠠᠭ᠎ᠠ ᠦᠭᠡᠢ ᠢᠷᠡᠭᠰᠡᠭᠡᠷ᠃ ᠡᠳᠡᠨ ᠤ ᠬᠢᠨ ᠤ | ᠮᠠᠯ ᠢᠶᠠᠨ ᠬᠤᠳᠠᠯᠳᠤᠬᠰᠠᠨ ᠵᠢᠯ ᠤᠨ ᠤᠷᠤᠯᠭ᠎ᠠ ᠨᠢ ᠬᠦᠮᠦᠨ ᠪᠦᠷᠢ ᠠᠷᠪᠡᠨ ᠬᠡᠳᠦᠨ ᠲᠦᠮᠡᠨ ᠲᠦᠭᠦᠷᠢᠭ ᠬᠦᠷᠴᠦ | ᠪᠤᠢ᠃ | ︽ᠬᠤᠶᠢᠰᠢᠳᠠ ᠨᠠᠩ ᠣᠯᠠᠨ ᠰᠢᠨ᠎ᠡ ᠠᠷᠭ᠎ᠠ ᠶᠢ ᠰᠦᠪᠡᠭᠴᠢᠯᠡᠵᠦ᠂ ᠦᠢᠯᠡᠳᠪᠦᠷᠢᠯᠡᠯ ᠡᠵᠡᠩᠨᠡᠯᠲᠡ ᠶᠢᠨ | ᠠᠷᠭ᠎ᠠ ᠬᠡᠯᠪᠡᠷᠢ ᠶᠢ ᠬᠤᠪᠢᠷᠠᠭᠤᠯᠬᠤ ᠪᠠᠷ ᠳᠡᠮᠵᠢᠨ ᠮᠠᠯ ᠰᠦᠷᠦᠭ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠠᠮᠢ | ᠠᠬᠤᠢ ᠶᠢ ᠬᠠᠮᠠᠭᠠᠯᠠᠬᠤ ᠪᠠ ᠣᠷᠣᠯᠭ᠎ᠠ ᠶᠢ ᠨᠡᠮᠡᠭᠳᠡᠭᠦᠯᠬᠦ ᠬᠤᠣᠰ ᠠᠮᠵᠢᠯᠲᠠ ᠣᠯᠬᠤ ᠵᠠᠮ ᠢᠶᠠᠷ ᠵᠠᠮᠨᠠᠬᠤ ᠪᠠᠷ | ᠲᠥᠯᠥᠪᠯᠡᠵᠦ ᠪᠠᠶᠢᠨ᠎ᠠ᠃ ᠡᠭᠦᠨ ᠠᠴᠠ ᠭᠠᠳᠠᠨ᠎ᠠ᠂ ᠬᠤᠵᠢᠮ ᠪᠠᠰᠠ ᠶᠤᠭ᠎ᠠ ᠶᠢ ᠮᠠᠯᠵᠢᠯ ᠠᠮᠢᠳᠤᠷᠠᠯ ᠲᠠᠢ ᠪᠠᠨ | ᠤᠶᠠᠯᠳᠤᠭᠤᠯᠵᠤ ᠦᠢᠯᠡᠰ ᠪᠦᠲᠦᠭᠡᠬᠦ ᠰᠠᠨᠠᠭᠠᠳᠠᠢ᠃ ᠶᠤᠭ᠎ᠠ ᠲᠠᠮᠢᠷ ᠰᠤᠷᠤᠭᠰᠠᠨ ᠬᠦᠮᠦᠰ ᠪᠦᠷ ᠮᠡᠳᠡᠨ᠎ᠡ᠂ ᠶᠤᠭ᠎ᠠ ᠶᠢᠨ | ᠬᠠᠮᠤᠭ ᠤᠨ ᠳᠡᠭᠡᠳᠦ ᠬᠥᠭᠡᠭᠡᠴᠡᠯᠳᠦᠯ ᠪᠤᠶᠤ ᠵᠤᠷᠢᠯᠲᠠ ᠪᠤᠯ᠂ ᠳᠦᠮᠡᠨ ᠪᠤᠳᠠᠰ ᠤᠨ ᠡᠶ᠎ᠡ ᠵᠤᠬᠢᠴᠠᠯ᠂ ᠠᠭᠤᠰᠤᠯᠴᠠᠯ | ᠪᠤᠯᠤᠨ᠎ᠠ᠃ ᠨᠢᠭᠡ ᠵᠦᠢᠯ ᠤᠨ ᠳᠡᠩᠴᠡᠭᠦᠷᠢ ᠶᠢᠨ ᠭᠤᠸ᠎ᠠ ᠰᠠᠶᠢᠬᠠᠨ ᠢ ᠡᠷᠢᠯᠬᠢᠯᠡᠵᠦ᠂ ᠬᠦᠮᠦᠰ ᠤᠨ ᠳᠤᠲᠤᠭᠠᠳᠤ | ᠰᠡᠳᠬᠢᠯ ᠤᠨ ᠳᠠᠷᠤᠯᠲᠠ ᠪᠠᠨ ᠡᠬᠡ ᠪᠠᠶᠢᠭᠠᠯᠢ ᠶᠢᠨ ᠳᠤᠮᠳᠠ ᠰᠠᠷᠨᠢᠭᠤᠯᠤᠨ᠂ ᠨᠡᠩ ᠨᠠᠮ ᠳᠤᠭᠳᠠᠭᠤᠨ ᠤᠪᠤᠷ ᠢᠶᠠᠷ | ᠦᠪᠠᠷ ᠤᠨ ᠪᠡᠶ᠎ᠡ᠂ ᠦᠪᠠᠷ ᠤᠨ ᠠᠮᠢᠳᠤᠷᠠᠯ ᠳᠠᠭᠠᠨ ᠬᠠᠨᠳᠤᠬᠤ ᠶᠠᠪᠤᠳᠠᠯ ᠪᠤᠯᠤᠨ᠎ᠠ᠃ ᠡᠨᠡ ᠨᠢ ᠡᠬᠡ ᠪᠠᠶᠢᠭᠠᠯᠢ ᠶᠢ | ᠳᠡᠭᠡᠳᠦᠯᠡᠨ᠂ ᠠᠮᠢ ᠠᠬᠤᠢ ᠶᠢᠨ ᠳᠡᠩᠴᠡᠭᠦᠷᠢ ᠶᠢ ᠬᠦᠨᠳᠦᠳᠭᠡᠵᠦ᠂ ᠴᠤᠯ ᠪᠠᠶᠢᠭᠠᠯᠢᠯᠢᠭ ᠢᠶᠠᠷ ᠢᠶᠠᠨ ᠪᠠᠶᠢᠳᠠᠭ ᠮᠠᠯᠵᠢᠬᠤ | ᠠᠮᠢᠳᠤᠷᠠᠯ︾ ᠬᠡᠵᠤ ᠦᠷᠢᠨᠵᠤᠯ ᠨᠠᠮᠤᠭᠤᠬᠠᠨ ᠪᠤᠯᠪᠠᠴᠤ ᠬᠤᠯᠠ ᠶᠢᠨ ᠪᠤᠳᠤᠯ ᠲᠠᠢ ᠶᠠᠷᠢᠨ᠎ᠠ᠃ | ᠤᠯᠠᠮᠵᠢᠯᠠᠯᠲᠦ ᠮᠠᠯ ᠠᠵᠤ ᠠᠬᠤᠢ ᠶᠢ ᠤᠳᠤᠬᠢᠴᠢᠯᠠᠭᠰᠠᠨ ᠮᠠᠯ ᠠᠵᠤ ᠠᠬᠤᠢ ᠵᠦᠭ ᠬᠤᠪᠢᠷᠠᠭᠤᠯᠬᠤ | ᠶᠠᠪᠤᠴᠠ ᠳᠤ ᠦᠷᠢᠨᠵᠤᠯ ᠰᠢᠭ᠋ ᠰᠢᠨ᠎ᠠ ᠴᠠᠭ ᠦᠶ᠎ᠠ ᠶᠢᠨ ᠮᠠᠯᠴᠢᠳ ᠪᠤᠯ ᠬᠠᠮᠤᠭ ᠤᠨ ᠭᠤᠤᠯ ᠬᠦᠴᠦᠨ ᠪᠤᠯᠵᠤ | ᠪᠠᠶᠢᠭ᠎ᠠ ᠶᠤᠮ᠃ ᠳᠡᠳᠡ ᠨᠠᠷ ᠰᠢᠭ᠋ ᠨᠤᠲᠤᠭ ᠤᠨ ᠢᠶᠠᠨ ᠠᠯᠤᠰ ᠢᠷᠡᠭᠡᠳᠦᠢ ᠶᠢᠨ ᠲᠦᠯᠦᠭᠡ ᠰᠠᠨᠠᠭᠠᠰᠢᠷᠠᠵᠤ᠂ | ᠦᠪᠡᠷ ᠤᠨ ᠢᠶᠠᠨ ᠬᠦᠰᠡᠯ ᠵᠤᠷᠢᠯᠳᠠ ᠪᠠᠨ ᠨᠤᠳᠤᠭ ᠤᠰᠤ ᠲᠠᠢ ᠪᠠᠨ ᠬᠠᠮᠳᠤᠳᠬᠠᠪᠠᠯ ᠤᠳᠤ ᠦᠶ᠎ᠠ ᠶᠢᠨ ᠮᠠᠯᠵᠢᠬᠤ | ᠤᠷᠤᠨ ᠤᠯᠠᠮ ᠦᠵᠡᠰᠭᠦᠯᠡᠩᠳᠦ ᠰᠠᠶᠢᠬᠠᠨ ᠪᠤᠯᠬᠤ ᠨᠢ ᠯᠠᠪᠳᠠᠢ ᠬᠡᠵᠤ ᠪᠢᠳᠡ ᠢᠳᠡᠭᠡᠵᠤ ᠪᠠᠶᠢᠨ᠎ᠠ᠃ | | |