ᠪᠥᠬᠡᠪᠠᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/14
       12 ᠰᠠᠷ᠎ᠠ ᠶᠢᠨ 13 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠪᠥᠬᠡᠪᠠᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠵᠦᠢᠯᠡᠰ ᠢ ᠰᠤᠳᠤᠯᠤᠨ ᠬᠢᠨᠠᠨ ᠵᠥᠪᠯᠡᠪᠡ᠃ ᠳᠠᠰᠢᠵᠠᠮᠰᠤ᠂ ᠯᠢ ᠭᠤᠸᠠᠩ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃        ᠬᠤᠷᠠᠯ ᠠᠴᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠠᠵᠢᠯ ᠤᠨ ᠬᠡᠷᠡᠭᠵᠢᠭᠦᠯᠬᠦ ᠲᠥᠰᠥᠯ ︵ᠬᠢᠨᠠᠨ ᠵᠥᠪᠯᠡᠬᠦ ᠨᠣᠣᠷᠠᠭ︶︾ ︽ᠰᠢᠨ᠎ᠡ ᠪᠠᠷᠭᠤ ᠪᠠᠷᠠᠭᠤᠨ ᠬᠤᠰᠢᠭᠤᠨ ᠤ ᠡᠮᠴᠢᠯᠡᠭᠡᠨ ᠤ ᠡᠬᠢ ᠪᠠᠶᠠᠯᠢᠭ ᠤᠨ ᠪᠡᠯᠡᠳᠬᠡᠯ ᠠᠵᠢᠯ ᠢ ᠰᠠᠶᠢᠲᠤᠷ ᠬᠢᠬᠦ ᠲᠥᠰᠥᠯ ︵ᠬᠢᠨᠠᠨ ᠵᠥᠪᠯᠡᠬᠦ ᠨᠣᠣᠷᠠᠭ︶︾ ᠢ ᠰᠤᠳᠤᠯᠤᠨ ᠬᠢᠨᠠᠨ ᠵᠥᠪᠯᠡᠪᠡ᠃
       ᠪᠥᠬᠡᠪᠠᠶᠠᠷ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢᠭᠡᠨᠲᠡ ᠰᠢᠨ᠎ᠡ ᠱᠠᠲᠤᠨ ᠳᠤ ᠣᠷᠣᠪᠠ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠢᠴᠡᠳ ᠲᠠᠨᠢᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠨ᠂ ᠡᠯ᠎ᠡ ᠵᠦᠢᠯ ᠤᠨ ᠰᠢᠯᠢᠳᠡᠭᠵᠢᠭᠦᠯᠦᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠶᠠᠷ ︽ᠲᠥᠰᠥᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠴᠢᠨᠠᠷ ᠰᠠᠶᠢᠲᠠᠢ ᠨᠢᠭᠡᠳᠦᠯᠲᠡᠢ ᠲᠥᠯᠥᠪᠯᠡᠬᠦ ᠬᠡᠷᠡᠭᠲᠡᠢ ᠭᠡᠪᠡ᠃        ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠪᠥᠬᠡᠪᠠᠶᠠᠷ ᠴᠢᠩᠭᠠᠳᠬᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠵᠦ᠂ ︽ᠪᠠᠶᠢᠯᠳᠤᠭᠠᠨ︾ ᠬᠢᠬᠦ ᠪᠠᠶᠢᠳᠠᠯ ᠢᠶᠠᠨ ᠢᠮᠠᠭᠲᠠ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠪᠠᠶᠢᠳᠠᠯ ᠪᠠ ᠰᠢᠨ᠎ᠡ ᠲᠢᠳᠢᠮᠯᠢᠭ ᠸᠢᠷᠦ᠋ᠰ ᠤᠨ ᠣᠨᠳᠣᠣᠰᠢᠯ ᠤᠨ ᠰᠢᠨ᠎ᠡ ᠣᠨᠴᠠᠯᠢᠭ ᠲᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ︽ᠠᠷᠪᠠᠨ ᠵᠤᠷᠪᠤᠰ︾ ᠤᠨ ᠠᠷᠭ᠎ᠠ ᠬᠡᠮᠵᠢᠶ᠎ᠡ ᠶᠢ ᠨᠡᠩ ᠥᠨᠳᠥᠷ ᠵᠣᠭᠰᠣᠴᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨᠴᠢ ᠨᠠᠷᠢᠯᠢᠭ ᠣᠨᠣᠪᠴᠢᠲᠠᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ︽ᠪᠣᠳᠠᠲᠠᠢ ᠶᠢ ᠡᠷᠬᠢᠮᠯᠡᠬᠦ︾ ᠰᠤᠷᠲᠠᠯ ᠢ ᠪᠠᠷᠢᠮᠲᠠᠯᠠᠨ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠡᠮᠴᠢᠯᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢ ᠴᠢᠩᠭᠠᠳᠬᠠᠨ ᠲᠡᠭᠦᠯᠳᠡᠷᠵᠢᠭᠦᠯᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠴᠢᠯᠡᠭᠡᠨ ᠤ ᠠᠪᠤᠷᠠᠨ ᠵᠠᠰᠠᠬᠤ ᠪᠠ ᠡᠳᠦᠷ ᠲᠤᠲᠤᠮ ᠤᠨ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠭᠤᠣᠯᠳᠠᠯᠭ᠎ᠠ ᠲᠠᠢ ᠪᠠᠶᠢᠭᠤᠯᠤᠮᠵᠢ ᠪᠠ ᠲᠠᠯᠠᠪᠤᠷ ᠭᠠᠵᠠᠷ ᠤᠨ ᠰᠡᠷᠭᠡᠶᠢᠯᠡᠯᠲᠡ ᠶᠢ ᠴᠢᠩᠭᠠᠳᠬᠠᠵᠤ᠂ ᠭᠤᠣᠯᠳᠠᠯᠭ᠎ᠠ ᠲᠠᠢ ᠭᠤᠭᠴᠤᠭ᠎ᠠ ᠶᠢᠨ ᠭᠤᠣᠯᠳᠠᠯᠭ᠎ᠠ ᠲᠠᠢ ᠬᠥᠮᠥᠰ ᠢ ᠴᠢᠩᠭ᠎ᠠ ᠠᠩᠬᠠᠷᠴᠤ᠂ ᠬᠡᠦᠬᠡᠳ ᠪᠠ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠠᠵᠢᠯ ᠢ ᠢᠳᠡᠪᠬᠢᠲᠡᠢ ᠰᠠᠶᠢᠲᠤᠷ ᠬᠢᠵᠦ᠂ ᠡᠪᠡᠳᠴᠢᠨ ᠢ ᠡᠰᠡᠷᠭᠦᠴᠡᠬᠦ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠤᠬᠠᠭᠤᠯᠤᠨ ᠳᠠᠶᠢᠴᠢᠯᠠᠬᠤ ᠪᠠᠨ ᠴᠢᠩᠭᠠᠳᠬᠠᠵᠤ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠲᠥᠷᠥ ᠶᠢᠨ ᠪᠣᠳᠣᠯᠭ᠎ᠠ ᠶᠢ ᠵᠥᠪ ᠲᠠᠨᠢᠭᠤᠯᠵᠤ᠂ ᠬᠢᠵᠢᠭ ᠤᠨ ᠪᠠᠶᠢᠳᠠᠯ ᠳᠤ ᠬᠠᠨᠳᠤᠭᠤᠯᠤᠨ᠂ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ ᠨᠢ ᠨᠡᠮᠡᠭᠳᠡᠭᠦᠯᠵᠦ᠂ ᠥᠪᠡᠷ ᠤᠨ ᠢᠶᠠᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠷᠢᠮᠲᠠᠯᠠᠨ᠂ ᠲᠡᠮᠡᠴᠡᠯ ᠤᠨ ᠴᠢᠳᠠᠪᠤᠷᠢ ᠪᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠵᠣᠬᠢᠶᠠᠨ ᠪᠠᠶᠢᠭᠤᠯᠤᠯᠲᠠ ᠪᠠ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠨᠢᠭᠡ ᠬᠤᠪᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号