ᠪᠣᠭᠳᠠᠠᠭᠤᠯᠠ ᠰᠣᠮᠣ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/15
       ᠣᠶᠢᠷ᠎ᠠ ᠳᠤ᠂ ᠪᠣᠭᠳᠠᠠᠭᠤᠯᠠ ᠰᠣᠮᠣ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠣᠮᠣᠨ ᠤ ᠤᠳᠤᠷᠢᠳᠬᠤ ᠪᠠᠭ ᠤᠨ ᠭᠡᠰᠢᠭᠦᠨ᠂ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠱᠦᠵᠢ ᠵᠢᠴᠢ ᠬᠠᠮᠢᠶᠠᠲᠠᠢ ᠠᠵᠢᠯᠲᠠᠳ ᠬᠤᠷᠠᠯ ᠳᠤ ᠣᠷᠣᠯᠴᠠᠪᠠ᠃ ᠬᠤᠷᠠᠯ ᠳᠤ ᠣᠳᠣᠬᠠᠨ ᠤ ᠪᠦᠬᠦ ᠰᠣᠮᠣ ᠶᠢᠨ ᠬᠡᠪᠴᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠵᠠᠳᠠᠯᠤᠨ ᠰᠣᠳᠣᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ᠃
       ᠬᠤᠷᠠᠯ ᠠᠴᠠ ᠴᠢᠩᠭᠠᠳᠬᠠᠬᠤ ᠳᠠᠭᠠᠨ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠪᠦᠭᠡᠳ ᠪᠤᠳᠤᠯᠢᠶᠠᠨᠲᠠᠢ ᠪᠠᠶᠢᠵᠤ᠂ ᠪᠦᠬᠦ ᠰᠣᠮᠣ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠵᠢᠯ ᠢ ᠰᠠᠶᠢᠲᠤᠷ ᠬᠢᠵᠦ᠂ ᠲᠣᠣᠷᠵᠢᠭᠤᠯᠤᠭᠰᠠᠨ ᠬᠠᠮᠢᠶᠠᠷᠤᠯᠲᠠ ᠶᠣᠰᠣᠭᠠᠷ᠂ ᠭᠡᠷ ᠲᠡᠭᠡᠨ ᠲᠤᠰᠠᠭᠠᠷᠯᠠᠭᠰᠠᠳ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ ᠪᠠᠶᠢᠭ᠎ᠠ ᠬᠦᠮᠦᠰ ᠤᠨ ᠬᠠᠮᠢᠶᠠᠷᠤᠯᠲᠠ᠂ ᠠᠮᠢᠳᠤᠷᠠᠯ ᠤᠨ ᠪᠣᠳᠠᠰ ᠤᠨ ᠪᠠᠲᠤᠯᠠᠭ᠎ᠠ ᠵᠡᠷᠭᠡ ᠠᠵᠢᠯ ᠢ ᠤᠯᠠᠮ ᠴᠢᠨᠠᠭᠰᠢᠳᠠ ᠰᠠᠶᠢᠲᠤᠷ ᠠᠳᠬᠤᠵᠤ᠂ ᠤᠬᠠᠭᠤᠯᠭ᠎ᠠ ᠬᠦᠮᠦᠵᠢᠯ ᠢ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠲᠦᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠤᠬᠠᠭᠤᠯᠵᠤ᠂ ᠣᠯᠠᠨ ᠲᠦᠮᠡᠨ ᠤ ᠬᠢᠵᠢᠭ ᠤᠨ ᠪᠠᠶᠢᠳᠠᠯ ᠢ ᠵᠥᠪ ᠢᠶᠠᠷ ᠣᠶᠢᠯᠠᠭᠠᠬᠤ ᠰᠢᠯᠢᠳᠡᠭ ᠰᠠᠶᠢᠨ ᠠᠮᠢᠳᠤᠷᠠᠯ ᠤᠨ ᠲᠠᠳᠬᠠᠯ ᠲᠠᠢ ᠪᠣᠯᠬᠤ ᠶᠢ ᠬᠦᠲᠦᠯᠦᠨ ᠵᠢᠯᠣᠭᠤᠳᠴᠤ᠂ ︽ᠴᠤᠤᠷᠬᠠᠯ ᠢᠲᠡᠭᠡᠬᠦ ᠦᠭᠡᠢ᠂ ᠴᠤᠤᠷᠬᠠᠯ ᠳᠠᠮᠵᠢᠭᠤᠯᠬᠤ ᠦᠭᠡᠢ︾ ᠰᠡᠷᠭᠡᠶᠢᠯᠡᠨ ᠡᠵᠡᠮᠳᠡᠬᠦ ᠶᠢᠨ ᠰᠢᠨᠵᠢᠯᠡᠬᠦ ᠤᠬᠠᠭᠠᠨᠴᠢ ᠴᠢᠨᠠᠷ ᠢ ᠦᠨᠡᠨᠬᠦ ᠳᠡᠭᠡᠭᠰᠢᠯᠡᠭᠦᠯᠵᠦ ᠣᠯᠠᠨ ᠢᠶᠠᠷ ᠢᠶᠠᠨ ᠰᠡᠷᠭᠡᠶᠢᠯᠡᠨ ᠣᠯᠠᠨ ᠢᠶᠠᠷ ᠢᠶᠠᠨ ᠡᠵᠡᠮᠳᠡᠬᠦ ᠰᠢᠯᠢᠳᠡᠭ ᠰᠠᠶᠢᠨ ᠠᠵᠢᠯ ᠤᠨ ᠪᠠᠶᠢᠳᠠᠯ ᠢ ᠪᠣᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号