ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/15
       12 ᠰᠠᠷ᠎ᠠ ᠶᠢᠨ 13 ᠤ ᠡᠳᠦᠷ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠯᠦᠩ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠶᠢᠩ ᠬᠤ᠋᠂ ᠳ᠋ᠠᠢ ᠶᠢᠨ ᠴᠢᠤᠸᠠᠨ᠂ ᠸᠠᠩ ᠴᠢᠤᠸᠠᠨ᠂ ᠠᠮᠢᠯᠠᠯ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠢᠶᠠᠨ ᠹᠧᠩ ᠯᠢᠨ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠦ᠋ ᠵᠢᠶᠠᠩ ᠬᠤᠩ ᠵᠢᠴᠢ ᠠᠷᠠᠳ ᠤᠨ ᠰᠢᠭᠦᠬᠦ ᠬᠤᠷᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
       ᠬᠤᠷᠠᠯ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠰᠠᠨᠠᠯ ᠰᠠᠨᠠᠭᠤᠯᠭ᠎ᠠ ᠶᠢ ᠪᠠᠲᠤᠯᠠᠵᠤ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠦᠷᠢᠮᠵᠢᠭᠰᠡᠨ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠮᠡᠳᠡᠭᠦᠯᠦᠯᠲᠡ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯᠲᠠᠳ ᠤᠨ ᠣᠷᠣᠨ ᠲᠣᠭᠠᠨ ᠤ ᠳᠦᠷᠢᠮᠲᠦ ᠰᠢᠭᠦᠭᠴᠢ᠂ ᠪᠠᠶᠢᠴᠠᠭᠠᠭᠴᠢ ᠶᠢᠨ ᠡᠭᠦᠷᠭᠡ ᠲᠤᠰᠢᠶᠠᠯ ᠤᠨ ᠦᠨᠡᠯᠡᠯᠲᠡ ᠶᠢᠨ ᠠᠵᠢᠯ ᠢ ᠦᠷᠨᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠠᠵᠢᠯᠲᠠᠨ ᠤ ᠶᠠᠪᠤᠳᠠᠯ ᠤᠨ ᠲᠣᠮᠢᠯᠠᠵᠤ ᠪᠠᠭᠤᠯᠭᠠᠬᠤ ᠵᠦᠢᠯᠡᠰ ᠤᠨ ᠪᠠᠲᠤᠯᠠᠵᠤ᠂ ᠰᠢᠨ᠎ᠡ ᠪᠠᠷ ᠲᠤᠰᠢᠶᠠᠯ ᠳᠤ ᠭᠠᠷᠤᠭᠰᠠᠨ ᠠᠵᠢᠯᠲᠠᠳ ᠦᠨᠳᠦᠰᠦᠨ ᠬᠠᠥᠯᠢ ᠳᠤ ᠲᠠᠩᠭᠠᠷᠢᠭᠯᠠᠵᠤ᠂ ᠰᠢᠨ᠎ᠡ ᠪᠠᠷ ᠲᠤᠰᠢᠶᠠᠯ ᠳᠤ ᠭᠠᠷᠤᠭᠰᠠᠨ ᠠᠵᠢᠯᠲᠠᠳ ᠲᠤ ᠲᠣᠮᠢᠯᠠᠬᠤ ᠪᠢᠴᠢᠭ ᠭᠠᠷᠳᠠᠭᠤᠯᠪᠠ᠃        ᠬᠤᠷᠠᠯ ᠠᠴᠠ ᠴᠢᠩᠭᠠᠳᠬᠠᠬᠤ ᠳᠠᠭᠠᠨ᠂ ᠰᠢᠨ᠎ᠡ ᠪᠠᠷ ᠲᠤᠰᠢᠶᠠᠯ ᠳᠤ ᠭᠠᠷᠤᠭᠰᠠᠨ ᠨᠦᠬᠦᠳ ᠤᠯᠤᠰ ᠲᠦᠷᠥ ᠶᠢᠨ ᠬᠦᠰᠡᠯᠡᠩ ᠢ ᠪᠠᠲᠤᠳᠬᠠᠨ᠂ ᠤᠯᠤᠰ ᠲᠦᠷᠥ ᠶᠢᠨ ᠴᠢᠭᠯᠡᠯ ᠢ ᠵᠥᠪ ᠡᠵᠡᠮᠰᠢᠵᠦ᠂ ᠤᠯᠤᠰ ᠲᠦᠷᠥ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ︽ᠳᠦᠷᠪᠡᠨ ᠤᠬᠠᠮᠰᠠᠷ︾ ᠢ ᠪᠣᠢ ᠪᠣᠯᠭᠠᠨ᠂ ︽ᠳᠦᠷᠪᠡᠨ ᠢᠲᠡᠭᠡᠯ︾ ᠢ ᠪᠠᠲᠤᠳᠬᠠᠵᠤ᠂ ᠴᠢᠳᠠᠪᠤᠷᠢ ᠶᠢᠨ ᠬᠡᠪ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠤᠬᠠᠮᠰᠠᠷ ᠢᠶᠠᠨ ᠴᠢᠩᠭᠠᠳᠬᠠᠨ᠂ ᠠᠷᠠᠳ ᠲᠦᠮᠡᠨ ᠤ ᠣᠯᠭᠤᠭᠰᠠᠨ ᠡᠷᠬᠡ ᠶᠢ ᠰᠠᠶᠢᠲᠤᠷ ᠬᠡᠷᠡᠭᠵᠢᠭᠦᠯᠵᠦ᠂ ᠦᠨᠳᠦᠰᠦᠨ ᠬᠠᠥᠯᠢ ᠪᠠ ᠬᠠᠥᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠤ ᠨᠠᠶᠢᠳᠠᠪᠤᠷᠢᠵᠢᠭᠤᠯᠤᠨ᠂ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠨ᠂ ᠡᠷᠴᠢ ᠵᠣᠷᠢᠭ ᠢᠶᠠᠨ ᠬᠦᠪᠴᠢᠯᠡᠵᠦ᠂ ᠦᠢᠯᠡ ᠠᠵᠢᠯᠯᠠᠭ᠎ᠠ ᠪᠠᠨ ᠨᠢᠭᠡᠳᠬᠡᠨ᠂ ︽ᠬᠤᠶᠠᠷ ᠢ ᠲᠣᠭᠲᠠᠭᠠᠬᠤ︾ ᠰᠢᠢᠳᠪᠦᠷᠢᠲᠦ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃                                   ᠰᠤᠷᠪᠤᠯᠵᠢᠯᠠᠭᠴᠢ᠄ ᠰᠣᠯᠣᠩᠭᠤᠸ᠎ᠠ  ᠸᠠᠩ ᠢᠦᠢ  ᠯᠢᠨ ᠯᠢᠨ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号