ᠮᠠᠨ ᠤ ᠬᠤᠰᠢᠭᠤ ᠡᠪᠡᠰᠦ ᠪᠣᠷᠳᠤᠭ᠎ᠠ ᠭᠦᠢᠴᠡᠳ ᠨᠦᠬᠡᠴᠡᠯᠡᠵᠦ ᠮᠠᠯ ᠰᠦᠷᠦᠭ ᠤᠨ ᠮᠡᠨᠳᠦ ᠡᠪᠦᠯᠵᠢᠵᠦ ᠬᠠᠪᠤᠷᠵᠢᠬᠤ ᠳᠤ ᠪᠠᠲᠤᠯᠠᠭ᠎ᠠ ᠬᠠᠩᠭᠠᠵᠤ ᠪᠣᠢ
ᠨᠡᠶᠢᠲᠡᠯᠡᠭᠰᠡᠨ ᠴᠠᠭ᠄
2022/12/15
       ᠥᠨᠥ ᠵᠢᠯ ᠮᠠᠨ ᠤ ᠬᠤᠰᠢᠭᠤ ᠮᠠᠯ ᠰᠦᠷᠦᠭ ᠢᠶᠠᠨ ᠮᠡᠨᠳᠦ ᠡᠪᠦᠯᠵᠢᠭᠦᠯᠵᠦ ᠬᠠᠪᠤᠷᠵᠢᠭᠤᠯᠬᠤ ᠠᠵᠢᠯ ᠢ ᠢᠳᠡᠪᠬᠢᠲᠡᠢ ᠶᠠᠪᠤᠭᠳᠠᠭᠤᠯᠬᠤ ᠶᠢᠨ ᠲᠦᠯᠦᠭᠡ᠂ ᠣᠯᠠᠨ ᠵᠦᠢᠯ ᠤᠨ ᠠᠷᠭ᠎ᠠ ᠪᠠᠷᠢᠯ ᠢᠶᠠᠷ ᠡᠪᠡᠰᠦ ᠪᠣᠷᠳᠤᠭ᠎ᠠ ᠨᠦᠬᠡᠴᠡᠯᠡᠬᠦ ᠠᠵᠢᠯ ᠢ ᠴᠢᠩᠭᠠᠳᠬᠠᠵᠤ᠂ ᠮᠠᠯᠴᠢᠨ ᠲᠦᠮᠡᠨ ᠢ ᠬᠦᠲᠦᠯᠦᠨ ᠵᠢᠯᠣᠭᠤᠳᠴᠤ ᠦᠪᠡᠷ ᠤᠨ ᠴᠢᠳᠠᠯ ᠤᠨ ᠬᠢᠷᠢ ᠪᠠᠷ ᠢᠶᠠᠨ ᠡᠪᠡᠰᠦ ᠪᠣᠷᠳᠤᠭ᠎ᠠ ᠬᠠᠳᠤᠵᠤ ᠬᠤᠷᠢᠶᠠᠬᠤ᠂ ᠬᠤᠳᠤᠯᠳᠤᠨ ᠠᠪᠬᠤ᠂ ᠮᠠᠯ ᠤᠨ ᠲᠤᠭ᠎ᠠ ᠲᠣᠯᠣᠭᠠᠢ ᠪᠠᠨ ᠴᠦᠬᠡᠳᠬᠡᠬᠦ ᠵᠡᠷᠭᠡ ᠠᠷᠭ᠎ᠠ ᠬᠡᠮᠵᠢᠶ᠎ᠡ ᠠᠪᠴᠤ᠂ ᠮᠠᠯᠵᠢᠬᠤ ᠦᠢᠯᠡᠳᠪᠦᠷᠢᠯᠡᠯ ᠤᠨ ᠪᠡᠯᠡᠳᠬᠡᠯ ᠠᠵᠢᠯ ᠢᠶᠠᠨ ᠱᠠᠯᠠᠪᠳᠠᠨ ᠬᠢᠵᠦ᠂ ᠮᠠᠯ ᠰᠦᠷᠦᠭ ᠤᠨ ᠡᠪᠦᠯ ᠬᠠᠪᠤᠷ ᠢ ᠮᠡᠨᠳᠦ ᠥᠩᠭᠡᠷᠡᠭᠦᠯᠬᠦ ᠪᠠᠶᠢᠳᠠᠯ ᠳᠤ ᠴᠢᠭᠯᠡᠭᠦᠯᠦᠨ᠂ 50 ᠲᠦᠮᠡᠨ ᠲᠣᠨ ᠡᠪᠡᠰᠦ ᠪᠣᠷᠳᠤᠭ᠎ᠠ ᠨᠦᠬᠡᠴᠡᠯᠡᠵᠦ᠂ 110 ᠲᠦᠮᠡᠨ ᠲᠣᠯᠣᠭᠠᠢ ᠮᠠᠯ ᠰᠦᠷᠦᠭ ᠤᠨ ᠮᠡᠨᠳᠦ ᠡᠪᠦᠯᠵᠢᠯᠡᠵᠦ ᠬᠠᠪᠤᠷᠵᠢᠬᠤ ᠳᠤ ᠪᠠᠲᠤᠯᠠᠭ᠎ᠠ ᠬᠠᠩᠭᠠᠪᠠ᠃
       ᠪᠣᠭᠳᠠᠠᠭᠤᠯᠠ ᠰᠣᠮᠣ ᠶᠢᠨ ᠭᠠᠩᠭᠠᠲᠤ ᠭᠠᠴᠠᠭᠠᠨ ᠤ ᠮᠠᠯᠴᠢᠨ ᠴᠠᠩ ᠯᠢᠨ ᠤ ᠬᠢ ᠪᠣᠯ ᠮᠠᠯ ᠠᠵᠤ ᠠᠬᠤᠢ ᠶᠢᠨ ᠣᠷᠣᠯᠭ᠎ᠠ ᠪᠠᠷ ᠠᠮᠢᠳᠤᠷᠠᠯ ᠤᠨ ᠭᠤᠣᠯ ᠣᠷᠣᠯᠭ᠎ᠠ ᠪᠠᠨ ᠪᠣᠯᠭᠠᠭᠰᠠᠨ ᠮᠠᠯᠵᠢᠬᠤ ᠡᠷᠦᠬᠡ ᠪᠣᠯᠣᠨ᠎ᠠ᠃ ᠴᠠᠩ ᠯᠢᠨ ᠦᠪᠡᠷ ᠤᠨ 8612 ᠮᠦ ᠨᠤᠲᠤᠭ ᠳᠡᠭᠡᠷ᠎ᠡ ᠪᠠᠨ ᠵᠠᠭᠤ ᠭᠠᠷᠤᠢ ᠬᠤᠨᠢ ᠳᠠᠯᠠᠭᠠᠳ ᠦᠬᠡᠷ ᠮᠠᠯᠵᠢᠵᠤ ᠪᠣᠢ᠃ ᠡᠳᠡᠨᠡᠶᠢᠬᠢᠨ ᠨᠢᠳᠣᠨᠣᠨ ᠵᠢᠯ ᠤᠨ ᠦᠯᠡᠳᠡᠭᠰᠡᠨ 100 ᠭᠠᠷᠤᠢ ᠪᠣᠭᠤᠯᠲᠠ ᠪᠣᠷᠳᠤᠭ᠎ᠠ ᠳᠡᠭᠡᠷ᠎ᠡ ᠪᠠᠨ ᠲᠠᠪᠤᠨ ᠵᠠᠭᠤᠨ ᠵᠢᠩ ᠤᠨ 900 ᠭᠠᠷᠤᠢ ᠪᠣᠭᠤᠯᠲᠠ ᠪᠣᠷᠳᠤᠭ᠎ᠠ ᠬᠠᠳᠤᠵᠤ᠂ ᠮᠠᠯ ᠰᠦᠷᠦᠭ ᠤᠨ ᠮᠡᠨᠳᠦ ᠡᠪᠦᠯᠵᠢᠵᠦ ᠬᠠᠪᠤᠷᠵᠢᠬᠤ ᠳᠤ ᠪᠠᠲᠤᠯᠠᠭ᠎ᠠ ᠲᠡᠭᠦᠯᠳᠡᠷ ᠪᠠᠶᠢᠯ᠎ᠠ᠃
       ᠮᠠᠨ ᠤ ᠬᠤᠰᠢᠭᠤ ᠰᠡᠷᠭᠡᠶᠢᠯᠡᠬᠦ ᠪᠠᠷ ᠭᠤᠣᠯ ᠪᠣᠯᠭᠠᠵᠤ᠂ ᠮᠠᠯᠴᠢᠳ ᠤᠨ ᠪᠡᠯᠡᠳᠬᠡᠯ ᠲᠠᠢ ᠪᠠᠷ ᠭᠠᠮᠰᠢᠭ ᠢ ᠰᠡᠷᠭᠡᠶᠢᠯᠡᠬᠦ ᠦᠵᠡᠯ ᠤᠬᠠᠮᠰᠠᠷ ᠢ ᠪᠣᠢ ᠪᠣᠯᠭᠠᠨ᠂ ᠡᠪᠡᠰᠦ ᠪᠣᠷᠳᠤᠭ᠎ᠠ ᠨᠦᠬᠡᠴᠡᠯᠡᠬᠦ ᠶᠢ ᠴᠢᠩᠭᠠᠳᠬᠠᠵᠤ᠂ ᠮᠠᠯ ᠤᠨ ᠭᠠᠷᠭᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠮᠠᠯ ᠰᠦᠷᠦᠭ ᠤᠨ ᠥᠨᠥ ᠵᠢᠯ ᠤᠨ ᠡᠪᠦᠯ ᠢᠷᠡᠬᠦ ᠵᠢᠯ ᠤᠨ ᠬᠠᠪᠤᠷ ᠤᠨ ᠲᠦᠯ ᠲᠣᠰᠬᠤ ᠳᠤ ᠪᠠᠲᠤᠯᠠᠭ᠎ᠠ ᠬᠠᠩᠭᠠᠪᠠ᠃ ᠡᠭᠦᠨ ᠤ ᠬᠠᠮᠲᠤ ᠴᠠᠭ ᠠᠭᠤᠷ ᠤᠨ ᠵᠢᠱᠢᠯᠲᠡ ᠶᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠮᠠᠯ ᠤᠨ ᠬᠢᠵᠢᠭ ᠢ ᠰᠡᠷᠭᠡᠶᠢᠯᠡᠬᠦ ᠠᠵᠢᠯ ᠢ ᠴᠢᠩᠭᠠᠳᠬᠠᠨ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠭᠠᠮᠰᠢᠭ ᠢ ᠠᠷᠭᠠᠴᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠡᠷᠲᠡ ᠠᠴᠠ ᠭᠠᠷᠳᠠᠨ ᠬᠢᠵᠦ᠂ ᠮᠠᠯ ᠠᠵᠤ ᠠᠬᠤᠢ ᠶᠢᠨ ᠦᠷᠬᠦᠯᠵᠢᠯᠡᠨ ᠲᠣᠭᠲᠠᠭᠤᠨ ᠪᠦᠭᠡᠳ ᠡᠷᠡᠭᠦᠯ ᠢᠶᠠᠷ ᠬᠦᠭᠵᠢᠬᠦ ᠶᠢ ᠪᠠᠲᠤᠯᠠᠪᠠ᠃
       ᠵᠢᠱᠢᠯᠲᠡ ᠪᠠᠷ ᠥᠨᠥ ᠵᠢᠯ ᠬᠤᠰᠢᠭᠤᠨ ᠤ ᠡᠯ᠎ᠡ ᠪᠠᠯᠭᠠᠰᠤᠨ ᠳᠤ ᠡᠪᠦᠯᠵᠢᠬᠦ ᠮᠠᠯ ᠨᠡᠶᠢᠲᠡ 110 ᠲᠦᠮᠡᠨ ᠲᠣᠯᠣᠭᠠᠢ ᠪᠠᠶᠢᠵᠤ᠂ ᠪᠦᠬᠦ ᠬᠤᠰᠢᠭᠤᠨ ᠤ ᠡᠯ᠎ᠡ ᠰᠣᠮᠣ ᠪᠠᠯᠭᠠᠰᠤ ᠨᠢᠭᠡᠨᠲᠡ 47 ᠲᠦᠮᠡᠨ ᠭᠠᠷᠤᠢ ᠲᠣᠨ ᠡᠪᠡᠰᠦ ᠪᠣᠷᠳᠤᠭ᠎ᠠ ᠨᠦᠬᠡᠴᠡᠯᠡᠨ᠂ ᠬᠤᠰᠢᠭᠤᠨ ᠤ ᠬᠤᠶᠢᠳᠤ ᠬᠡᠰᠡᠭ ᠤᠨ ᠨᠤᠲᠤᠭ ᠪᠡᠯᠴᠢᠭᠡᠷ ᠠᠴᠠ ᠥᠨᠥ ᠵᠢᠯ ᠤᠨ ᠡᠪᠡᠰᠦ ᠬᠠᠳᠤᠭᠰᠠᠨ ᠬᠡᠮᠵᠢᠶ᠎ᠡ 2 ᠲᠦᠮᠡᠨ ᠲᠣᠨ ᠳᠤ ᠬᠦᠷᠴᠦ᠂ ᠣᠳᠣᠬᠠᠨ ᠳᠤ ᠬᠤᠰᠢᠭᠤᠨ ᠤ ᠭᠠᠮᠰᠢᠭ ᠢ ᠡᠰᠡᠷᠭᠦᠴᠡᠬᠦ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠪᠣᠷᠳᠤᠭ᠎ᠠ ᠨᠦᠬᠡᠴᠡᠯᠡᠬᠦ ᠬᠦᠮᠦᠷᠭᠡ ᠳᠤ 0.8 ᠲᠦᠮᠡᠨ ᠲᠣᠨ ᠡᠪᠡᠰᠦ ᠪᠣᠷᠳᠤᠭ᠎ᠠ ᠨᠦᠬᠡᠴᠡᠯᠡᠵᠦ᠂ ᠦᠯᠡᠳᠡᠭᠰᠡᠨ 1.2 ᠲᠦᠮᠡᠨ ᠲᠣᠨ ᠡᠪᠡᠰᠦ ᠪᠣᠷᠳᠤᠭ᠎ᠠ ᠶᠢ ᠡᠯ᠎ᠡ ᠰᠣᠮᠣ ᠪᠠᠯᠭᠠᠰᠤᠨ ᠤ ᠪᠣᠳᠠᠲᠠᠢ ᠪᠠᠶᠢᠳᠠᠯ ᠢ ᠦᠨᠳᠦᠰᠦᠯᠡᠨ ᠬᠤᠪᠢᠶᠠᠷᠢᠯᠠᠵᠤ ᠥᠭᠪᠡ᠃                                     ᠰᠤᠷᠪᠤᠯᠵᠢᠯᠠᠭᠴᠢ᠄ ᠤᠶᠠᠬᠠᠨ  ᠸᠠᠩ ᠢᠦᠢ  ᠲᠢᠶᠠᠨ ᠬᠤᠤ ᠯᠢᠨ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号