ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠬᠠᠢ ᠰᠡᠳᠦᠪᠲᠦ ᠲᠦᠯᠬᠢᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/15
       ᠣᠶᠢᠷ᠎ᠠ ᠶᠢᠨ ᠡᠳᠦᠷ᠂ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠬᠠᠢ ᠰᠡᠳᠦᠪᠲᠦ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠲᠣᠪᠴᠢᠶᠠᠨ ᠤ ᠪᠦᠬᠦ ᠠᠵᠢᠯᠲᠠᠳ ᠬᠤᠷᠠᠯ ᠳᠤ ᠣᠷᠣᠯᠴᠠᠪᠠ᠃
       ᠬᠤᠷᠠᠯ ᠳᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠪᠠ ᠲᠦᠷᠥ ᠶᠢᠨ ᠪᠠᠶᠢᠭᠤᠯᠭ᠎ᠠ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠳᠦᠷᠢᠮ︾ ︽ᠨᠠᠮ ᠤᠨ ᠬᠤᠷᠢᠶ᠎ᠠ ︵ᠨᠠᠮ ᠤᠨ ᠳᠤᠭᠤᠶᠢᠯᠠᠩ︶ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠲᠣᠭᠲᠠᠭᠠᠯ︾ ᠢ ᠨᠠᠶᠢᠳᠠᠪᠤᠷᠢᠵᠢᠭᠤᠯᠬᠤ ᠵᠡᠷᠭᠡ ᠨᠠᠮ ᠤᠨ ᠳᠣᠲᠣᠭᠠᠳᠤ ᠶᠢᠨ ᠬᠠᠥᠯᠢ ᠲᠣᠭᠲᠠᠭᠠᠯ ᠪᠠ ᠬᠠᠥᠯᠢ ᠳᠦᠷᠢᠮ ᠢ ᠰᠤᠷᠤᠯᠴᠠᠨ᠂ ᠣᠳᠣᠬᠠᠨ ᠤ ᠨᠠᠮ ᠤᠨ ᠪᠠᠶᠢᠭᠤᠯᠤᠯᠲᠠ ᠶᠢᠨ ᠠᠵᠢᠯ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠠᠰᠠᠭᠤᠳᠠᠯ ᠢ ᠬᠢᠨᠠᠮᠠᠭᠠᠢ ᠵᠠᠳᠠᠯᠵᠤ ᠰᠠᠨᠠᠯ ᠰᠠᠨᠠᠭᠤᠯᠭ᠎ᠠ ᠳᠤᠷᠠᠳᠪᠠ᠃        ᠬᠤᠷᠠᠯ ᠠᠴᠠ ᠵᠢᠭᠠᠬᠤ ᠳᠠᠭᠠᠨ᠂ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠲᠤᠬᠠᠶᠢᠯᠠᠭᠰᠠᠨ ᠠᠵᠢᠯ ᠢᠶᠠᠨ ᠠᠬᠢᠭᠤᠯᠬᠤ ᠶᠡᠷᠦᠩᠬᠡᠢ ᠭᠠᠷᠳᠠᠴᠠ ᠪᠣᠯᠭᠠᠬᠤ ᠶᠢ ᠴᠢᠬᠤᠯᠠᠴᠢᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠲᠣᠬᠢᠶᠠᠯ ᠪᠣᠯᠭᠠᠵᠤ᠂ ᠦᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠲᠡᠷᠢᠭᠦᠨ ᠤ ᠬᠢ ᠶᠢ ᠲᠡᠮᠡᠴᠡᠨ ᠰᠢᠯᠢᠳᠡᠭ ᠪᠣᠯᠬᠤ ᠪᠠᠷ ᠴᠢᠷᠮᠠᠶᠢᠬᠤ ᠤᠷᠮ᠎ᠠ ᠵᠣᠷᠢᠭ ᠢ ᠭᠦᠢᠴᠡᠳ ᠳᠠᠶᠢᠴᠢᠯᠠᠵᠤ᠂ ᠨᠠᠮ ᠤᠨ ᠡᠭᠦᠷ ᠤᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠤᠨ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠥᠪ ᠴᠢᠭᠯᠡᠯ ᠢᠶᠠᠷ ᠠᠬᠢᠭᠤᠯᠬᠤ ᠶᠢ ᠪᠣᠳᠠᠲᠠᠢ ᠰᠠᠶᠢᠲᠤᠷ ᠠᠳᠬᠤᠬᠤ ᠬᠡᠷᠡᠭᠲᠡᠢ ᠭᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号