ᠮᠠᠨ ᠤ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠢ ᠰᠡᠳᠦᠪᠲᠦ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠺᠠᠳ᠋ᠷ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠵᠢᠴᠢ ᠶᠠᠷᠢᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/16
       12 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠰᠤᠷᠭᠠᠭᠤᠯᠢ ᠶᠢᠨ ᠳᠦᠷᠪᠡᠳᠦᠭᠡᠷ ᠳᠠᠪᠬᠤᠷᠭ᠎ᠠ ᠶᠢᠨ ᠮᠡᠳᠡᠭᠦᠯᠦᠯᠲᠡ ᠶᠢᠨ ᠲᠢᠩᠬᠢᠮ ᠳᠤ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠤᠮᠠᠷᠠᠲᠤ ᠬᠢᠯᠢ ᠶᠢᠨ ᠡᠮᠡᠭᠲᠡᠶᠢᠴᠦᠳ ᠨᠠᠮ ᠢᠶᠠᠨ ᠳᠠᠭᠠᠵᠤ ᠡᠯ᠎ᠡ ᠦᠨᠳᠦᠰᠦᠲᠡᠨ ᠪᠦᠯᠬᠦᠮᠳᠡᠵᠦ ᠨᠢᠭᠡ ᠭᠡᠷ ᠪᠦᠯᠢ ᠮᠡᠲᠦ ᠳᠣᠲᠣᠨᠣ᠂ ᠰᠢᠨ᠎ᠡ ᠠᠶᠠᠨ ᠵᠠᠮ ᠢᠶᠠᠷ ᠵᠣᠷᠢᠭ ᠲᠡᠭᠦᠯᠳᠡᠷ ᠡᠷᠡᠮᠡᠬᠡᠶᠢᠯᠡᠨ ᠤᠷᠤᠭᠰᠢᠯᠠᠶ᠎ᠠ︾ ᠭᠡᠬᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠢ ᠰᠡᠳᠦᠪᠲᠦ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠺᠠᠳ᠋ᠷ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠵᠢᠴᠢ ᠶᠠᠷᠢᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠥ ᠬᠠᠥᠯᠢ ᠴᠠᠭᠠᠵᠠ ᠶᠢᠨ ᠵᠥᠪᠯᠡᠯ ᠤᠨ ᠱᠦᠵᠢ ᠯᠢ ᠭᠤᠸᠠᠩ ᠪᠣᠯᠪᠠᠰᠤᠷᠠᠯ ᠡᠬᠢᠯᠡᠬᠦ ᠶᠣᠰᠣᠯᠠᠯ ᠳᠤ ᠣᠷᠣᠯᠴᠠᠪᠠ᠃
       ᠯᠢ ᠭᠤᠸᠠᠩ ᠴᠢᠩᠭᠠᠳᠬᠠᠬᠤ ᠳᠠᠭᠠᠨ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠨ ᠤ ᠵᠣᠬᠢᠶᠠᠨ ᠪᠠᠶᠢᠭᠤᠯᠤᠯᠲᠠ ᠪᠠ ᠡᠮᠡᠭᠲᠡᠢ ᠺᠠᠳ᠋ᠷ ᠡᠷᠬᠡᠪᠰᠢ ᠤᠯᠤᠰ ᠲᠦᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠥ ᠶᠢᠨ ᠪᠦᠬᠦ ᠲᠠᠯ᠎ᠠ ᠶᠢᠨ ᠬᠠᠷᠠᠭᠠᠰᠤ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠡᠮᠡᠭᠲᠡᠶᠢᠴᠦᠳ ᠬᠡᠦᠬᠡᠳ ᠤᠨ ᠬᠦᠭᠵᠢᠯᠲᠡ ᠶᠢᠨ ᠲᠦᠯᠦᠪᠵᠢᠭᠦᠯᠭᠡ ︵2021- 2030 ᠣᠨ︶ ᠶᠢᠨ ᠬᠠᠷᠠᠯᠲᠠ ᠶᠢ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠬᠤ ᠪᠠᠷ ᠭᠤᠣᠯ ᠰᠢᠵᠢᠮ ᠪᠣᠯᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠡᠮᠡᠭᠲᠡᠶᠢᠴᠦᠳ ᠬᠡᠦᠬᠡᠳ ᠤᠨ ᠬᠦᠭᠵᠢᠯᠲᠡ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠡᠮᠡᠭᠲᠡᠶᠢᠴᠦᠳ ᠬᠡᠦᠬᠡᠳ ᠤᠨ ᠣᠷᠣᠰᠢᠨ ᠲᠣᠭᠲᠠᠨᠢᠬᠤ ᠬᠦᠭᠵᠢᠯᠲᠡ ᠶᠢᠨ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠣᠰᠣᠭᠠᠷ ᠪᠦᠬᠦ ᠲᠠᠯ᠎ᠠ ᠪᠠᠷ ᠪᠠᠷᠢᠮᠵᠢᠶᠠᠯᠠᠵᠤ᠂ ᠡᠮᠡᠭᠲᠡᠶᠢᠴᠦᠳ ᠬᠡᠦᠬᠡᠳ ᠤᠨ ᠬᠠᠥᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠂ ᠡᠮᠡᠭᠲᠡᠶᠢᠴᠦᠳ ᠬᠡᠦᠬᠡᠳ ᠤᠨ ᠲᠤᠯᠭᠠᠮ᠎ᠠ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠮᠡᠭᠲᠡᠶᠢᠴᠦᠳ ᠤᠨ ᠬᠤᠯᠪᠣᠭᠠᠨ ᠤ ᠠᠵᠢᠯ ᠤᠨ ᠡᠭᠦᠷᠭᠡ ᠪᠠ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠦᠨᠡᠨᠬᠦ ᠬᠤᠪᠢᠷᠠᠭᠤᠯᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷᠯᠢᠭ ᠬᠦᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
       ᠪᠣᠯᠪᠠᠰᠤᠷᠠᠯ ᠳᠤ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠤᠷᠠᠨ᠎ᠠ᠂ ᠰᠡᠴᠡᠨ ᠵᠢᠴᠢ ᠦᠪᠦᠷ ᠮᠣᠩᠭᠤᠯ ᠤᠨ ᠱᠢ ᠢ ᠬᠠᠥᠯᠢᠴᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠲᠦᠩ ᠱᠢ ᠬᠤᠩ ︽ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠢ ᠪᠠᠲᠤ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤᠳᠬᠠᠶ᠎ᠠ︾ ︽ᠨᠠᠮ ᠤᠨ ᠬᠤᠷᠢᠳᠤᠭᠠᠷ ᠶᠡᠭᠡ ᠬᠤᠷᠠᠯ ᠤᠨ ᠲᠠᠶᠢᠯᠤᠮᠵᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠠᠥᠯᠢ︾ ᠵᠡᠷᠭᠡ ᠠᠭᠤᠯᠭ᠎ᠠ ᠪᠠᠷ ᠰᠡᠳᠦᠪᠯᠡᠨ ᠬᠢᠴᠢᠶᠡᠯ ᠣᠷᠣᠵᠤ᠂ ᠠᠭᠤᠯᠭ᠎ᠠ ᠪᠠᠷ ᠪᠠᠶᠠᠯᠢᠭ ᠳᠦᠭᠦᠮ ᠣᠶᠢᠯᠠᠭᠠᠮᠵᠢᠲᠠᠢ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠤᠬᠠᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠵᠦ ᠪᠣᠯᠪᠠᠰᠤᠷᠠᠯ ᠳᠤ ᠣᠷᠣᠯᠴᠠᠭᠰᠠᠳ ᠤᠨ ᠰᠠᠶᠢᠨ ᠦᠨᠡᠯᠡᠯᠲᠡ ᠶᠢ ᠣᠯᠪᠠ᠃        ᠲᠤᠰ ᠡᠳᠦᠷ ᠤᠨ ᠦᠳᠡ ᠶᠢᠨ ᠬᠤᠶᠢᠨ᠎ᠠ᠂ ︽ᠤᠮᠠᠷᠠᠲᠤ ᠬᠢᠯᠢ ᠶᠢᠨ ᠡᠮᠡᠭᠲᠡᠶᠢᠴᠦᠳ ᠨᠠᠮ ᠢᠶᠠᠨ ᠳᠠᠭᠠᠵᠤ ᠡᠯ᠎ᠡ ᠦᠨᠳᠦᠰᠦᠲᠡᠨ ᠪᠦᠯᠬᠦᠮᠳᠡᠵᠦ ᠨᠢᠭᠡ ᠭᠡᠷ ᠪᠦᠯᠢ ᠮᠡᠲᠦ ᠳᠣᠲᠣᠨᠣ᠂ ᠰᠢᠨ᠎ᠡ ᠠᠶᠠᠨ ᠵᠠᠮ ᠢᠶᠠᠷ ᠵᠣᠷᠢᠭ ᠲᠡᠭᠦᠯᠳᠡᠷ ᠡᠷᠡᠮᠡᠬᠡᠶᠢᠯᠡᠨ ᠤᠷᠤᠭᠰᠢᠯᠠᠶ᠎ᠠ︾ ᠭᠡᠬᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠢ ᠰᠡᠳᠦᠪᠲᠦ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠺᠠᠳ᠋ᠷ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠵᠢᠴᠢ ᠶᠠᠷᠢᠯᠴᠠᠯᠭ᠎ᠠ ᠶᠢᠨ ᠬᠤᠷᠠᠯ ᠵᠢᠴᠢ ᠮᠡᠳᠡᠯᠭᠡ ᠶᠢᠨ ᠰᠠᠭᠤᠯᠲᠠ ᠬᠠᠷᠢᠭᠤᠯᠲᠠ ᠶᠢᠨ ᠤᠷᠤᠯᠳᠤᠭᠠᠨ ᠶᠠᠪᠤᠭᠳᠠᠭᠤᠯᠪᠠ᠃                                ᠰᠤᠷᠪᠤᠯᠵᠢᠯᠠᠭᠴᠢ᠄ ᠰᠣᠨᠣᠷ  ᠴᠢᠨ ᠷᠦᠩ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号