ᠬᠤᠰᠢᠭᠤᠨ ᠤ ᠤᠳᠤᠷᠢᠳᠤᠯᠭ᠎ᠠ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2022/12/16
       12 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳᠠᠯᠠᠶᠢᠪᠠᠲᠤ ᠪᠣᠭᠳᠠᠠᠭᠤᠯᠠ ᠰᠣᠮᠣ᠂ ᠪᠣᠶᠢᠷ ᠰᠣᠮᠣᠨ ᠳᠤ ᠭᠦᠨᠵᠡᠭᠡᠶᠢᠷᠡᠨ᠂ ᠦᠨᠳᠦᠰᠦᠨ ᠱᠠᠲᠤᠨ ᠤ ᠰᠤᠷᠲᠠᠯ ᠤᠬᠠᠭᠤᠯᠭ᠎ᠠ᠂ ᠰᠣᠶᠣᠯ ᠵᠢᠭᠤᠯᠴᠢᠯᠠᠯ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠵᠡᠷᠭᠡ ᠠᠵᠢᠯ ᠳᠤ ᠪᠣᠳᠠᠲᠠᠢ ᠪᠠᠶᠢᠴᠠᠭᠠᠨ ᠰᠣᠳᠣᠯᠣᠯᠲᠠ ᠬᠢᠪᠡ᠃
       ᠳᠠᠯᠠᠶᠢᠪᠠᠲᠤ ᠪᠣᠭᠳᠠᠠᠭᠤᠯᠠ ᠰᠣᠮᠣ ᠶᠢᠨ ᠭᠧᠨᠽᠢ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠴᠢᠯᠦᠭᠡᠲᠦ ᠳᠡᠯᠭᠡᠭᠦᠷ᠂ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠦᠷᠲᠡᠭᠡ᠂ ᠤᠯᠠᠭᠠᠨ ᠪᠠᠬᠢᠯᠡᠯᠲᠡ ᠶᠢᠨ ᠡᠷᠦᠬᠡ ᠵᠢᠴᠢ ᠪᠤᠶᠢᠷ ᠰᠣᠮᠣ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ︵ᠦᠷᠲᠡᠭᠡ︶ ᠲᠤ ᠬᠦᠷᠴᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ ᠤᠨ ᠠᠵᠢᠯᠯᠠᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ᠂ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠵᠡᠷᠭᠡ ᠠᠵᠢᠯ ᠤᠨ ᠲᠤᠬᠠᠢ ᠡᠯ᠎ᠡ ᠰᠣᠮᠣ ᠶᠢᠨ ᠺᠠᠳ᠋ᠷ ᠠᠵᠢᠯᠲᠠᠨ ᠲᠠᠢ ᠭᠦᠨᠵᠡᠭᠡᠢ ᠶᠠᠷᠢᠯᠴᠠᠵᠠᠢ᠃
       ᠳᠠᠯᠠᠶᠢᠪᠠᠲᠤ ᠴᠢᠬᠤᠯᠠᠴᠢᠯᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠬᠦᠴᠦᠨ ᠢᠶᠠᠷ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠶᠢᠯᠠᠭᠠᠭᠳᠠᠬᠤᠨ ᠤ ᠲᠠᠯ᠎ᠠ ᠪᠠᠷ ᠰᠢᠨ᠎ᠡ ᠶᠢ ᠡᠭᠦᠳᠬᠦ᠂ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠬᠦ᠂ ᠦᠨᠳᠦᠰᠦᠨ ᠱᠠᠲᠤᠨ ᠤ ᠠᠵᠢᠯ ᠤᠨ ᠰᠢᠨ᠎ᠡ ᠶᠢ ᠡᠭᠦᠳᠬᠦ ᠳᠡᠭᠡᠷ᠎ᠡ ᠬᠦᠴᠦ ᠲᠠᠯᠪᠢᠵᠤ᠂ ᠠᠵᠢᠯ ᠤᠨ ᠰᠡᠳᠬᠢᠴᠡ ᠪᠠᠨ ᠰᠢᠨᠡᠳᠬᠡᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠭᠤᠣᠯ ᠰᠠᠭᠤᠷᠢᠨ︾ ᠢ ᠴᠢᠩᠭ᠎ᠠ ᠰᠠᠬᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠲᠡᠭ  ᠤᠨ ᠦᠵᠡᠯᠲᠡ ᠶᠢ ᠢᠳᠡᠪᠬᠢᠲᠡᠢ ᠦᠢᠯᠡᠳᠦᠯᠭᠡᠵᠢᠭᠦᠯᠦᠨ᠂ ᠭᠤᠣᠯ ᠬᠥᠭ ᠠᠶᠠᠰ ᠢ ᠴᠤᠤᠷᠢᠶᠠᠳᠤᠭᠤᠯᠵᠤ᠂ ᠨᠠᠮ ᠪᠠ ᠠᠷᠠᠳ ᠲᠦᠮᠡᠨ ᠳᠤ ᠰᠠᠶᠢᠲᠤᠷ ᠦᠢᠯᠡᠴᠢᠯᠡᠬᠦ ᠬᠡᠷᠡᠭᠲᠡᠢ᠃ ᠣᠷᠣᠰᠢᠨ ᠰᠠᠭᠤᠬᠤ ᠣᠷᠴᠢᠨ ᠲᠣᠭᠤᠷᠢᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠰᠢᠯᠢᠳᠡᠭ ᠰᠠᠶᠢᠨ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠠᠶᠢᠭᠤᠯᠵᠤ᠂ ᠲᠤᠰ ᠭᠠᠵᠠᠷ ᠣᠷᠣᠨ ᠤ ᠬᠦᠭᠵᠢᠯᠲᠡ ᠳᠤ ᠲᠣᠬᠢᠷᠠᠭᠰᠠᠨ ᠲᠦᠷᠦᠯ ᠵᠦᠢᠯ ᠢ ᠰᠠᠶᠢᠲᠤᠷ ᠲᠦᠰᠦᠪᠯᠡᠨ᠂ ᠣᠨᠴᠠᠯᠢᠭᠲᠤ ᠰᠣᠶᠣᠯ ᠵᠢᠭᠤᠯᠴᠢᠯᠠᠯ ᠤᠨ ᠠᠮᠢ ᠠᠬᠤᠢ ᠶᠢᠨ ᠬᠡᠯᠪᠡᠷᠢ ᠶᠢ ᠡᠭᠦᠳᠴᠦ᠂ ᠮᠠᠨ ᠤ ᠬᠤᠰᠢᠭᠤᠨ ᠤ ᠴᠢᠨᠠᠷᠯᠢᠭ ᠬᠦᠭᠵᠢᠯᠲᠡ ᠶᠢ ᠨᠡᠩ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
                                 ᠰᠤᠷᠪᠤᠯᠵᠢᠯᠠᠭᠴᠢ᠄ ᠴᠢᠨ ᠷᠦᠩ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号