ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ ᠴᠢ᠊ ᠪᠠᠲᠤ ᠯᠢᠦ ᠰᠢᠨ ᠯᠧ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2022/12/19
       12 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ︽ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ︾ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠰᠢᠨ ᠯᠧ ᠬᠤᠷᠠᠯ ᠳᠤ ᠣᠷᠣᠯᠴᠠᠪᠠ᠃        ᠬᠤᠷᠠᠯ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠴᠤ᠂ ᠰᠠᠨᠠᠯ ᠰᠠᠨᠠᠭᠤᠯᠭ᠎ᠠ ᠳᠤᠷᠠᠳᠴᠤ᠂ ᠬᠠᠷᠢᠯᠴᠠᠨ ᠵᠥᠪᠳᠡᠯᠴᠡᠪᠡ᠃        ᠵᠥᠪᠳᠡᠯᠴᠡᠬᠦ ᠪᠠᠷ ᠳᠠᠮᠵᠢᠨ᠂ ᠣᠯᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠶᠢ ᠲᠣᠭᠲᠠᠭᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ ᠭᠡᠵᠦ ᠰᠠᠨᠠᠯ ᠨᠢᠭᠡᠲᠡᠢ ᠦᠵᠡᠵᠡᠭᠡᠪᠡ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号