ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠵᠠᠰᠠᠬᠤ ᠰᠦᠯᠵᠢᠶᠡᠨ ᠳᠡᠭᠡᠷᠡᠬᠢ ᠡᠭᠦᠳᠡᠨ ᠡᠮᠨᠡᠯᠭᠡ ᠶᠢ ᠨᠡᠭᠡᠭᠡᠪᠡ
ᠨᠡᠶᠢᠲᠡᠯᠡᠭᠰᠡᠨ ᠴᠠᠭ᠄
2022/12/19
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠠᠴᠠ ᠣᠶᠢᠯᠠᠭᠠᠭᠰᠠᠨ ᠢᠶᠠᠷ᠂ ᠲᠣᠰ ᠡᠮᠨᠡᠯᠭᠡ ᠶᠢᠨ ᠬᠤᠷᠢᠶ᠎ᠠ 12 ᠳ᠋ᠤᠭᠠᠷ ᠰᠠᠷ᠎ᠠ ᠶᠢᠨ 14 ᠤ ᠡᠳᠦᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠵᠠᠰᠠᠬᠤ ᠰᠦᠯᠵᠢᠶᠡᠨ ᠳᠡᠭᠡᠷᠡᠬᠢ ᠡᠭᠦᠳᠡᠨ ᠡᠮᠨᠡᠯᠭᠡ ᠶᠢ ᠨᠡᠭᠡᠭᠡᠵᠦ᠂ ᠰᠦᠯᠵᠢᠶᠡᠨ ᠳᠡᠭᠡᠷ᠎ᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠵᠣᠷ ᠪᠠ ᠵᠠᠰᠠᠬᠤ ᠵᠣᠷ ᠭᠠᠷᠭᠠᠵᠤ ᠪᠣᠯᠣᠨ᠎ᠠ᠃        ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠶᠢᠨ ᠰᠦᠯᠵᠢᠶᠡᠨ ᠳᠡᠭᠡᠷ᠎ᠡ ᠨᠡᠭᠡᠭᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠵᠠᠰᠠᠬᠤ ᠰᠢᠨ᠎ᠡ ᠡᠭᠦᠳᠡᠨ ᠡᠮᠨᠡᠯᠭᠡ ᠪᠣᠯ ᠪᠠᠴᠢᠮ ᠡᠮᠨᠡᠭᠦᠯᠬᠦ ᠬᠡᠷᠡᠭᠴᠡᠭᠡ ᠱᠠᠭᠠᠷᠳᠠᠯᠭ᠎ᠠ ᠦᠭᠡᠢ ᠣᠯᠠᠨ ᠲᠦᠮᠡᠨ ᠳᠤ ᠨᠡᠭᠡᠭᠡᠵᠦ ᠥᠭᠭᠦᠭᠰᠡᠨ ᠠᠰᠠᠭᠤᠨ ᠡᠮᠴᠢᠯᠡᠭᠦᠯᠵᠦ ᠡᠮ ᠬᠤᠳᠠᠯᠳᠤᠨ ᠠᠪᠬᠤ ᠰᠦᠯᠵᠢᠶᠡᠨ ᠤ ᠠᠷᠭ᠎ᠠ ᠵᠠᠮ ᠮᠥᠨ᠃ ᠬᠥᠮᠥᠰ ᠸᠢᠴᠠᠲ ᠤᠨ ᠵᠢᠵᠢᠭ ᠫᠷᠣᠭ᠍ᠷᠠᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ︾ ᠶᠢ ᠬᠠᠶᠢᠵᠤ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠵᠠᠰᠠᠬᠤ ᠡᠭᠦᠳᠡᠨ ᠡᠮᠨᠡᠯᠭᠡ︾ ᠶᠢᠨ ᠲᠤᠰᠬᠠᠢ ᠪᠤᠯᠤᠩ ᠳᠤ ᠣᠷᠣᠵᠤ᠂ ᠡᠮᠨᠡᠭᠦᠯᠬᠦ ᠡᠮᠴᠢ ᠪᠠᠨ ᠰᠣᠩᠭᠤᠨ ᠰᠦᠯᠵᠢᠶᠡᠨ ᠳᠡᠭᠡᠷ᠎ᠡ ᠠᠴᠠ ᠠᠰᠠᠭᠤᠨ ᠯᠠᠪᠯᠠᠵᠤ ᠪᠣᠯᠣᠨ᠎ᠠ᠃ ᠠᠰᠠᠭᠤᠨ ᠯᠠᠪᠯᠠᠬᠤ ᠳᠤ ᠪᠠᠨ ᠸᠢᠳᠢᠤ᠋ ᠪᠠᠷ᠂ ᠵᠢᠷᠤᠭ ᠦᠰᠦᠭ ᠢᠶᠠᠷ ᠪᠤᠶᠤ ᠳᠠᠭᠤ ᠠᠪᠢᠶ᠎ᠠ ᠪᠠᠷ ᠠᠰᠠᠭᠤᠵᠤ ᠪᠣᠯᠣᠨ᠎ᠠ᠃ ᠠᠰᠠᠭᠤᠨ ᠣᠨᠣᠰᠢᠯᠠᠵᠤ ᠳᠠᠭᠤᠰᠤᠭᠰᠠᠨ ᠤ ᠳᠠᠷᠠᠭ᠎ᠠ ᠵᠠᠷᠤᠳᠠᠯ ᠲᠤᠰᠢᠶᠠᠬᠤ ᠦᠶ᠎ᠡ ᠳᠤ ᠥᠪᠡᠷ ᠢᠶᠠᠨ ᠵᠠᠷᠤᠳᠠᠯ ᠲᠤᠰᠢᠶᠠᠬᠤ ᠪᠤᠶᠤ ᠡᠮ ᠡᠮᠨᠡᠯᠭᠡ ᠶᠢᠨ ᠳᠠᠭᠠᠳᠬᠠᠯ ᠢ ᠬᠡᠷᠡᠭᠯᠡᠵᠦ ᠳ᠋ᠦᠩᠨᠡᠨ ᠪᠣᠳᠣᠬᠤ ᠶᠢ ᠰᠣᠩᠭᠤᠵᠤ᠂ ᠡᠮ ᠤᠨ ᠵᠦᠢᠯ ᠢ ᠡᠮᠨᠡᠯᠭᠡ ᠳᠤ ᠬᠦᠷᠴᠦ ᠥᠪᠡᠷ ᠢᠶᠠᠨ ᠭᠠᠷᠭᠠᠨ ᠠᠪᠬᠤ ᠪᠤᠶᠤ ᠥᠪᠡᠷ ᠢᠶᠠᠨ ᠰᠢᠤᠳᠠᠨ ᠤ ᠵᠠᠷᠤᠳᠠᠯ ᠲᠤᠰᠢᠶᠠᠵᠤ ᠰᠢᠤᠳᠠᠨ ᠢᠶᠠᠷ ᠢᠯᠡᠭᠡᠵᠦ ᠪᠣᠯᠣᠨ᠎ᠠ᠃        14 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠠᠷᠠᠳ ᠯᠢ ᠠᠪᠠᠭ᠋ᠠᠢ ᠭᠡᠷ ᠲᠤ ᠪᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠤ ᠡᠮᠴᠢ ᠲᠠᠢ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠲᠠᠰᠤᠭ ᠢᠶᠠᠷ ᠳᠠᠮᠵᠢᠭᠤᠯᠤᠨ ᠰᠠᠨᠠᠯ ᠢᠶᠠᠨ ᠰᠣᠯᠢᠯᠴᠠᠵᠤ᠂ ᠡᠮᠴᠢ ᠲᠡᠭᠦᠨ ᠤ ᠪᠡᠶ᠎ᠡ ᠶᠢᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠲᠡᠭᠦᠨ ᠳᠤ ᠵᠣᠷ ᠪᠢᠴᠢᠵᠦ ᠥᠭᠴᠡᠢ᠃ ︽ᠭᠠᠷ ᠤᠲᠠᠰᠤ ᠬᠡᠷᠡᠭᠯᠡᠪᠡᠯ ᠮᠠᠰᠢ ᠳᠥᠭᠦᠮ ᠪᠠᠶᠢᠵᠤ᠂ ᠭᠡᠷ ᠲᠤ ᠪᠠᠨ ᠡᠪᠡᠳᠴᠢᠨ ᠢᠶᠠᠨ ᠦᠵᠡᠭᠦᠯᠵᠦ ᠴᠢᠳᠠᠳᠠᠭ ᠪᠣᠯᠬᠤᠷ ᠡᠮᠨᠡᠯᠭᠡ ᠶᠢᠨ ᠬᠤᠷᠢᠶ᠎ᠠ ᠳᠤ ᠣᠴᠢᠬᠤ ᠴᠢᠬᠤᠯᠠ ᠦᠭᠡᠢ᠂ ᠴᠠᠭ ᠬᠦᠴᠦ ᠶᠢ ᠨᠡᠯᠢᠶᠡᠳ ᠠᠷᠪᠢᠯᠠᠬᠤ ᠪᠣᠯᠪᠠ︾ ᠭᠡᠵᠦ ᠯᠢ ᠠᠪᠠᠭ᠋ᠠᠢ ᠸᠢᠳᠢᠤ᠋ ᠪᠠᠷ ᠣᠨᠤᠰᠢᠯᠠᠭᠤᠯᠤᠭᠰᠠᠨ ᠢᠶᠠᠨ ᠶᠠᠷᠢᠵᠤ ᠪᠠᠶᠢᠪᠠ᠃        ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠠᠴᠠ ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠣᠯᠠᠨ ᠤᠳᠠᠭ᠎ᠠ ᠰᠤᠳᠤᠯᠤᠯᠲᠠ ᠭᠡᠷᠡᠴᠢᠯᠡᠯᠲᠡ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠲᠠᠳ ᠡᠮᠨᠡᠯᠭᠡ ᠶᠢᠨ ᠣᠨᠣᠰᠢᠯᠠᠨ ᠡᠮᠴᠢᠯᠡᠬᠦ ᠲᠥᠰᠥᠯ ᠢᠶᠠᠷ ᠯᠠᠪᠯᠠᠯᠲᠠ ᠪᠣᠯᠭᠠᠵᠤ᠂ ᠮᠠᠨ ᠤ ᠣᠷᠣᠨ ᠤ ᠠᠭᠤᠷ ᠠᠮᠢᠰᠬᠤᠯ᠂ ᠬᠥᠮᠥᠨ ᠰᠣᠶᠣᠯ ᠤᠨ ᠣᠷᠴᠢᠨ ᠲᠣᠭᠤᠷᠢᠨ ᠵᠡᠷᠭᠡ ᠣᠨᠴᠠᠯᠢᠭ ᠢ ᠦᠨᠳᠦᠰᠦᠯᠡᠨ᠂ ᠲᠣᠰ ᠤᠳᠠᠭᠠᠨ ᠤ ᠥᠪᠥᠷ ᠮᠣᠩᠭᠤᠯ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠳᠤ ᠴᠢᠭᠯᠡᠭᠦᠯᠦᠭᠰᠡᠨ ᠬᠢᠲᠠᠳ ᠡᠮ ᠡᠮᠨᠡᠯᠭᠡ ᠶᠢᠨ ᠣᠨᠣᠰᠢᠯᠠᠨ ᠡᠮᠴᠢᠯᠡᠬᠦ ᠲᠥᠰᠥᠯ ᠢ ᠳ᠋ᠦᠩᠨᠡᠨ ᠭᠠᠷᠭᠠᠵᠤ᠂ ᠨᠠᠰᠤᠨ ᠳᠤ ᠭᠦᠷᠦᠭᠰᠡᠳ ᠤᠨ 1 ᠳ᠋ᠦ᠋ᠭᠡᠷ ᠲᠣᠭᠠᠲᠤ ᠵᠣᠷ ︵ᠰᠡᠷᠭᠡᠶᠢᠯᠡᠬᠦ ᠵᠣᠷ︶᠂ ᠨᠠᠰᠤᠨ ᠳᠤ ᠭᠦᠷᠦᠭᠰᠡᠳ ᠤᠨ 2 ᠳ᠋ᠤᠭᠠᠷ ᠲᠣᠭᠠᠲᠤ ᠵᠣᠷ ︵ᠵᠠᠰᠠᠬᠤ ᠵᠣᠷ︶᠂ ᠬᠡᠦᠬᠡᠳ ᠤᠨ 1 ᠳ᠋ᠦ᠋ᠭᠡᠷ ᠲᠣᠭᠠᠲᠤ ᠵᠣᠷ ︵ᠰᠡᠷᠭᠡᠶᠢᠯᠡᠬᠦ ᠵᠣᠷ︶ ᠪᠠ ᠬᠡᠦᠬᠡᠳ ᠤᠨ 2 ᠳ᠋ᠤᠭᠠᠷ ᠲᠣᠭᠠᠲᠤ ᠵᠣᠷ ︵ᠵᠠᠰᠠᠬᠤ ᠵᠣᠷ︶ ᠢ ᠲᠣᠭᠲᠠᠭᠠᠵᠤ᠂ ᠡᠲᠡᠭᠡᠷ ᠵᠣᠷ ᠢ ᠴᠥᠮ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠠᠴᠠ ᠬᠤᠳᠠᠯᠳᠤᠨ ᠠᠪᠴᠤ ᠪᠣᠯᠣᠨ᠎ᠠ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠫᠧᠩ ᠵᠢᠶᠠᠨ ᠹᠧᠩ ᠤᠨ ᠲᠠᠨᠢᠯᠴᠠᠭᠤᠯᠤᠭᠰᠠᠨ ᠢᠶᠠᠷ᠂ ᠭᠡᠷ ᠲᠤ ᠪᠠᠨ ᠡᠮᠨᠡᠭᠦᠯᠵᠦ ᠪᠠᠶᠢᠭ᠎ᠠ ᠡᠪᠡᠳᠴᠢᠲᠡᠨ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠭᠦᠳᠡᠨ ᠡᠮᠨᠡᠯᠭᠡ ᠳᠤ ᠬᠦᠷᠴᠦ ᠡᠮᠴᠢᠯᠡᠭᠦᠯᠬᠦ ᠳᠤ ᠪᠠᠨ ᠡᠮᠴᠢ ᠨᠠᠷ ᠡᠪᠡᠳᠴᠢᠲᠡᠨ ᠤ ᠬᠤᠪᠢ ᠬᠥᠮᠥᠨ ᠤ ᠪᠠᠶᠢᠳᠠᠯ ᠢ ᠬᠤᠪᠢᠰᠤᠩᠭᠤᠢ ᠪᠠᠷ ᠡᠮᠨᠡᠨ ᠵᠠᠰᠠᠵᠤ᠂ ᠳᠠᠷᠠᠭ᠎ᠠ ᠨᠢ ᠬᠤᠪᠢ ᠬᠥᠮᠥᠨ ᠤ ᠡᠪᠡᠳᠴᠢᠨ ᠤ ᠪᠠᠶᠢᠳᠠᠯ ᠢ ᠦᠨᠳᠦᠰᠦᠯᠡᠨ᠂ ᠡᠪᠡᠳᠴᠢᠲᠡᠨ ᠳᠤ ᠨᠠᠩ ᠰᠠᠶᠢᠨ ᠣᠨᠣᠰᠢᠯᠠᠨ ᠡᠮᠴᠢᠯᠡᠬᠦ ᠲᠥᠰᠥᠯ ᠭᠠᠷᠭᠠᠵᠤ ᠥᠭᠭᠦᠨ᠎ᠡ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号