ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠠᠪᠤᠳᠠᠯ ᠢ ᠡᠷᠭᠢᠯᠡᠭᠦ ᠭᠡᠰᠢᠭᠦᠳ ᠤᠨ ᠬᠤᠷᠠᠯ ᠤᠨ ᠠᠯᠪᠠᠨ ᠵᠠᠷᠯᠠᠯ ︵2 ᠳ᠋ᠤᠭᠠᠷ ᠲᠣᠭᠠᠲᠤ︶
ᠨᠡᠶᠢᠲᠡᠯᠡᠭᠰᠡᠨ ᠴᠠᠭ᠄
2022/12/2
       ᠵᠢᠶᠠᠩ ᠽᠧ ᠮᠢᠨ ᠨᠥᠬᠦᠷ ᠤᠨ ᠨᠠᠮ ᠪᠠ ᠲᠦᠷᠦ ᠶᠢᠨ ᠲᠡᠦᠬᠡᠨ ᠬᠥᠭᠵᠢᠯᠲᠡ ᠳᠤᠮᠳᠠᠬᠢ ᠣᠨᠴᠠᠭᠠᠢ ᠭᠠᠪᠢᠶ᠎ᠠ ᠵᠢᠳᠬᠦᠯ ᠵᠢᠴᠢ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠦᠨᠳᠦᠰᠦᠯᠡᠵᠦ᠂ ᠡᠳᠦᠭᠡ ᠲᠣᠭᠲᠠᠭᠠᠬᠤ ᠨᠢ᠄        ︵ᠨᠢᠭᠡ︶ 12 ᠰᠠᠷ᠎ᠠ ᠶᠢᠨ 6 ᠤ ᠦᠳᠡ ᠶᠢᠨ ᠡᠮᠦᠨᠡᠬᠢ 10 ᠴᠠᠭ ᠲᠤ᠂ ᠨᠠᠮ ᠤᠨ ᠲᠥᠪ ᠬᠤᠷᠢᠶ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠦᠪᠡᠳᠡᠭᠰᠢ ᠶᠡᠭᠡ ᠪᠠᠷ ᠬᠢᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠭᠠᠰᠢᠭᠤᠳᠠᠯ ᠤᠨ ᠶᠡᠭᠡ ᠬᠤᠷᠠᠯ ᠤᠨ ᠠᠬᠤᠢ ᠲᠠᠯᠠᠪᠠᠢ ᠶᠢᠨ ᠰᠢᠭᠤᠳ ᠨᠡᠪᠲᠡᠷᠡᠭᠦᠯᠭᠡ ᠶᠢ ᠭᠥᠯᠢᠶᠡᠨ ᠠᠪᠴᠤ ᠦᠵᠡᠵᠦ ᠰᠣᠨᠣᠰᠬᠤ ᠬᠡᠷᠡᠭᠲᠡᠢ᠃        ︵ᠬᠤᠶᠠᠷ︶ ᠭᠠᠰᠢᠭᠤᠳᠠᠯ ᠤᠨ ᠶᠡᠭᠡ ᠬᠤᠷᠠᠯ ᠤᠨ ᠲᠤᠬᠠᠢ ᠶᠢᠨ ᠡᠳᠦᠷ᠂ ᠪᠦᠭᠦ ᠤᠯᠤᠰ ᠪᠠ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠪᠠ ᠺᠤᠨᠰᠦ᠋ᠯ ᠤᠨ ᠭᠠᠵᠠᠷ ᠵᠢᠴᠢ ᠭᠠᠳᠠᠭᠠᠳᠤ ᠳᠤ ᠰᠠᠭᠤᠭ᠎ᠠ ᠪᠤᠰᠤᠳ ᠪᠠᠶᠢᠭᠤᠯᠤᠮᠵᠢ ᠤᠯᠤᠰ ᠤᠨ ᠲᠤᠭ ᠢ ᠬᠠᠭᠠᠰ ᠪᠠᠭᠤᠯᠭᠠᠨ ᠭᠠᠰᠢᠭᠤᠳᠠᠵᠤ᠂ ᠣᠯᠠᠨ ᠨᠡᠶᠢᠲᠡ ᠶᠢᠨ ᠵᠤᠭ᠎ᠠ ᠴᠡᠩᠭᠡᠯ ᠤᠨ ᠠᠵᠢᠯᠯᠠᠭ᠎ᠠ ᠶᠢ ᠨᠢᠭᠡ ᠡᠳᠦᠷ ᠵᠣᠭᠰᠣᠭᠠᠨ᠎ᠠ᠃        ︵ᠭᠤᠷᠪᠠ︶ 12 ᠰᠠᠷ᠎ᠠ ᠶᠢᠨ 6 ᠤ ᠦᠳᠡ ᠶᠢᠨ ᠡᠮᠦᠨ᠎ᠡ ᠭᠠᠰᠢᠭᠤᠳᠠᠯ ᠤᠨ ᠶᠡᠭᠡ ᠬᠤᠷᠠᠯ ᠳᠤ ᠨᠠᠮᠠᠨᠴᠢᠯᠠᠨ ᠭᠠᠰᠢᠭᠤᠳᠠᠬᠤ ᠦᠶ᠎ᠡ ᠳᠤ᠂ ᠪᠦᠭᠦ ᠤᠯᠤᠰ ᠤᠨ ᠠᠷᠠᠳ ᠲᠦᠮᠡᠨ 3 ᠮᠢᠨᠦ᠋ᠲ ᠨᠠᠮᠠᠨᠴᠢᠯᠠᠨ ᠭᠠᠰᠢᠭᠤᠳᠠᠵᠤ᠂ ᠠᠯᠢᠪᠠ ᠠᠭᠤᠷ ᠤᠨ ᠱᠤᠤᠭᠢᠯ ᠪᠠᠶᠢᠬᠤ ᠭᠠᠵᠠᠷ ᠪᠦᠭᠦᠨ 3 ᠮᠢᠨᠦ᠋ᠲ ᠳᠤᠤᠭᠠᠷᠭᠠᠵᠤ᠂ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ 3 ᠮᠢᠨᠦ᠋ᠲ ᠳᠤᠤᠭᠠᠷᠭᠠᠨ᠎ᠠ᠃        ︵ᠳᠥᠷᠪᠡ︶ ᠴᠢᠨᠳᠠᠷ ᠠᠴᠠ ᠰᠠᠯᠬᠤ ᠶᠣᠰᠣᠯᠠᠯ ᠬᠢᠬᠦ ᠦᠭᠡᠢ᠃        ᠡᠭᠦᠨ ᠤ ᠲᠤᠯᠠ ᠣᠨᠴᠠᠭᠠᠶᠢᠯᠠᠨ ᠵᠠᠷᠯᠠᠪᠠ᠃          ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠠᠪᠤᠳᠠᠯ ᠢ ᠡᠷᠭᠢᠯᠡᠭᠦ ᠭᠡᠰᠢᠭᠦᠳ ᠤᠨ ᠬᠤᠷᠠᠯ                             2022 ᠣᠨ ᠤ 12 ᠰᠠᠷ᠎ᠠ ᠶᠢᠨ 1 ᠤ ᠡᠳᠦᠷ
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号