ᠰᠢ ᠶᠢᠨ ᠫᠢᠩ ᠤᠷᠤᠰ ᠤᠨ ᠨᠢᠭᠡᠳᠦᠭᠰᠡᠨ ᠤᠷᠤᠰ ᠨᠠᠮ ᠤᠨ ᠲᠡᠷᠢᠭᠦᠯᠡᠭᠴᠢ ᠮᠦᠢᠳ᠋ᠸᠧᠢᠵᠢᠶᠧᠹ ᠲᠠᠢ ᠠᠭᠤᠯᠵᠠᠪᠠ
ᠨᠡᠶᠢᠲᠡᠯᠡᠭᠰᠡᠨ ᠴᠠᠭ᠄
2022/12/23
     12 ᠰᠠᠷ᠎ᠠ ᠶᠢᠨ 21 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠢᠯᠭ᠎ᠠ ᠪᠠᠷ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ ᠤᠷᠤᠰ ᠤᠨ ᠨᠢᠭᠡᠳᠦᠭᠰᠡᠨ ᠤᠷᠤᠰ ᠨᠠᠮ ᠤᠨ ᠲᠡᠷᠢᠭᠦᠯᠡᠭᠴᠢ ᠮᠦᠢᠳ᠋ᠸᠧᠢᠵᠢᠶᠧᠹ ᠲᠠᠢ ᠠᠭᠤᠯᠵᠠᠪᠠ᠃      ᠰᠢ ᠶᠢᠨ ᠫᠢᠩ ᠶᠡᠷᠦᠩᠬᠡᠶᠢᠯᠡᠭᠴᠢ ᠫᠦᠲ᠋ᠢᠨ ᠳᠤ ᠳᠣᠲᠣᠨᠣ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠬᠤ ᠶᠢ ᠳᠠᠮᠵᠢᠭᠤᠯᠬᠤ ᠪᠣᠯᠪᠠᠤ ᠭᠡᠵᠦ ᠮᠦᠢᠳ᠋ᠸᠧᠢᠵᠢᠶᠧᠹ ᠲᠤ ᠨᠠᠶᠢᠳᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠭᠤᠣᠯ ᠡᠭᠦᠷᠭᠡ ᠶᠢ ᠲᠣᠳᠣᠷᠬᠠᠶᠢᠯᠠᠪᠠ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠪᠥᠭᠡᠳ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯ ᠴᠡᠴᠡᠭᠯᠡᠯ ᠳᠤ ᠨᠡᠩ ᠤᠯᠠᠨ ᠠᠵᠠ ᠲᠣᠭᠢᠶᠠᠯ ᠬᠠᠩᠭᠠᠬᠤ ᠳᠤ ᠵᠣᠷᠢᠭ ᠲᠡᠭᠦᠯᠳᠡᠷ᠂ ᠢᠲᠡᠭᠡᠯ ᠳᠦᠭᠦᠷᠡᠩ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠨᠢᠭᠡᠳᠦᠭᠰᠡᠨ ᠣᠷᠣᠰ ᠨᠠᠮ ᠣᠷᠳᠣ ᠬᠤᠭᠤᠴᠠᠭ᠎ᠠ ᠪᠠᠷ ᠲᠣᠭᠲᠠᠴᠠ ᠶᠢᠨ ᠴᠢᠨᠠᠷᠲᠠᠢ ᠶᠠᠪᠤᠯᠴᠠᠭ᠎ᠠ ᠥᠷᠨᠢᠭᠦᠯᠵᠦ᠂ ᠳᠤᠮᠳᠠᠳᠤ ᠣᠷᠣᠰ ᠤᠨ ᠤᠯᠤᠰ ᠲᠥᠷᠥ ᠶᠢᠨ ᠢᠲᠡᠭᠡᠯᠴᠡᠭᠡ ᠶᠢ ᠪᠠᠬᠢᠵᠢᠭᠦᠯᠬᠦ᠂ ᠬᠤᠶᠠᠷ ᠤᠯᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠬᠤ᠂ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠢᠯᠡᠷᠡᠭᠦᠯᠭᠦ ᠥᠪᠡᠷᠮᠢᠴᠡ ᠠᠷᠭ᠎ᠠ ᠵᠠᠮ ᠪᠠ ᠲᠠᠪᠴᠠᠩ ᠪᠣᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠣᠷᠣᠰ ᠤᠨ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ ᠠᠶᠠᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠣᠳᠣᠬᠠᠨ ᠳᠤ᠂ ᠳᠤᠮᠳᠠᠳᠤ ᠣᠷᠣᠰ ᠤᠨ ᠲᠥᠷᠥ ᠪᠠᠷᠢᠭᠴᠢ ᠨᠠᠮ ᠤᠨ ᠶᠠᠪᠤᠯᠴᠠᠭ᠎ᠠ ︽ᠭᠤᠷᠪᠠᠳᠠᠭᠢ 10 ᠵᠢᠯ︾ ᠳᠤ ᠣᠷᠣᠵᠤ ᠪᠠᠶᠢᠨ᠎ᠠ᠃ ᠬᠤᠶᠠᠷ ᠨᠠᠮ ᠦᠷᠭᠦᠯᠵᠢᠯᠡᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠲᠣᠭᠤᠷᠢᠨ ᠳᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠠᠬᠢᠭᠤᠯᠵᠤ᠂ ᠲᠦᠷᠦ ᠶᠢᠨ ᠨᠠᠮ ᠤᠨ ᠳᠡᠯᠡᠬᠡᠢ ᠳ᠋ᠠᠬᠢᠨ ᠤ ᠤᠯᠠᠨ ᠲᠠᠯᠠᠲᠤ ᠬᠠᠮᠲᠤᠷᠠᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦ ᠪᠠᠷᠢᠭᠴᠢ ᠨᠠᠮ ᠤᠨ ᠪᠠᠶᠢᠭᠤᠯᠤᠯᠲᠠ ᠶᠢᠨ ᠲᠤᠬᠠᠢ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠵᠤ᠂ ᠳᠤᠮᠳᠠᠳᠤ ᠤᠷᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠡᠷᠭᠦᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠥᠩᠭᠡᠷᠡᠭᠰᠡᠨ 10 ᠵᠢᠯ ᠳᠤ᠂ ᠳᠤᠮᠳᠠᠳᠤ ᠤᠷᠤᠰ ᠤᠨ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠤ ᠰᠢᠯᠭᠠᠯᠲᠠ ᠶᠢ ᠳᠠᠭᠠᠭᠠᠵᠤ᠂ ᠢᠮᠠᠭᠲᠠ ᠡᠷᠡᠭᠦᠯ ᠲᠣᠭᠲᠠᠭᠤᠨ ᠥᠨᠳᠥᠷ ᠲᠦᠪᠰᠢᠨ ᠲᠠᠢ ᠪᠠᠷ ᠬᠥᠭᠵᠢᠪᠡ᠃ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠬᠦ ᠪᠣᠯ ᠬᠤᠶᠠᠷ ᠲᠠᠯ᠎ᠠ ᠪᠠᠷ ᠢᠶᠠᠨ ᠥᠪᠡᠷ ᠥᠪᠡᠷ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠵᠤ ᠭᠠᠷᠭᠠᠭᠰᠠᠨ ᠠᠯᠤᠰ ᠭᠡᠳᠦ ᠶᠢᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠤᠷᠤᠰ ᠤᠨ ᠬᠢᠨ ᠲᠠᠢ ᠬᠠᠮᠲᠤ ᠪᠠᠷ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠬᠠᠷᠢᠯᠴᠠᠭ᠎ᠠ ᠶᠢ ᠲᠠᠰᠤᠷᠠᠯᠳᠠ ᠦᠭᠡᠢ ᠠᠬᠢᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠭᠦᠭᠵᠢᠭᠦ ᠶᠢ ᠬᠠᠮᠲᠤ ᠪᠠᠷ ᠠᠬᠢᠭᠤᠯᠤᠨ᠎ᠠ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠦᠺᠷᠠᠶᠢᠨ ᠤ ᠬᠢᠮᠤᠷᠠᠯ ᠤᠨ ᠠᠰᠠᠭᠤᠳᠠᠯ ᠳᠡᠭᠡᠷ᠎ᠡ᠂ ᠳᠤᠮᠳᠠᠳᠤ ᠤᠯᠤᠰ ᠢᠮᠠᠭᠲᠠ ᠤᠴᠢᠷ ᠶᠠᠪᠤᠳᠠᠯ ᠤᠨ ᠲᠤᠰ ᠪᠡᠶ᠎ᠡ ᠶᠢᠨ ᠬᠢᠨᠢ ᠵᠥᠪ ᠪᠤᠷᠤᠭᠤ ᠶᠢ ᠦᠨᠳᠦᠰᠦᠯᠡᠵᠦ ᠥᠪᠡᠷ ᠤᠨ ᠵᠣᠭᠰᠣᠯᠲᠠ ᠪᠣᠯᠣᠨ ᠲᠦᠷᠦ ᠶᠢᠨ ᠪᠣᠳᠣᠯᠭ᠎ᠠ ᠪᠠᠨ ᠲᠣᠭᠲᠠᠭᠠᠵᠤ᠂ ᠪᠤᠰᠤᠳᠴᠢ ᠲᠥᠪ ᠭᠤᠣᠯᠴᠢ ᠵᠣᠭᠰᠣᠯᠲᠠ ᠶᠢ ᠪᠠᠷᠢᠮᠲᠠᠯᠠᠵᠤ᠂ ᠢᠳᠡᠪᠬᠢᠲᠡᠢ ᠪᠠᠷ ᠢᠳᠬᠠᠨ ᠡᠪᠰᠡᠭᠦᠯᠵᠦ ᠬᠡᠯᠡᠯᠴᠡᠭᠡ ᠬᠢᠬᠦ ᠶᠢ ᠠᠬᠢᠭᠤᠯᠪᠠ᠃ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠤᠬᠠᠭᠠᠯᠢᠭ ᠬᠦᠯᠢᠴᠡᠩᠭᠦᠢ ᠪᠠᠶᠢᠵᠤ᠂ ᠪᠦᠭᠦ ᠲᠠᠯ᠎ᠠ ᠶᠢᠨ ᠶᠠᠷᠢᠯᠴᠠᠭ᠎ᠠ ᠥᠷᠨᠢᠭᠦᠯᠵᠦ᠂ ᠤᠯᠤᠰ ᠲᠦᠷᠦ ᠶᠢᠨ ᠠᠷᠭ᠎ᠠ ᠭᠡᠯᠪᠡᠷᠢ ᠪᠠᠷ ᠠᠮᠤᠷ ᠲᠦᠪᠰᠢᠨ ᠤ ᠬᠦᠷᠢᠶᠡᠨ ᠳᠠᠬᠢ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠵᠡᠢ᠃ ᠮᠦᠢᠳ᠋ᠸᠧᠢᠵᠢᠶᠧᠹ ᠡᠩ ᠲᠡᠷᠢᠭᠦᠨ ᠳᠤ ᠶᠡᠷᠦᠩᠬᠡᠶᠢᠯᠡᠭᠴᠢ ᠫᠦᠲ᠋ᠢᠨ ᠤ ᠲᠡᠷᠢᠭᠦᠯᠡᠭᠴᠢ ᠰᠢ ᠶᠢᠨ ᠫᠢᠩ ᠳᠤ ᠢᠯᠡᠭᠡᠭᠰᠡᠨ ᠨᠡᠷ᠎ᠡ ᠬᠠᠲᠠᠭᠰᠠᠨ ᠵᠠᠬᠢᠳᠠᠯ ᠢ ᠳᠠᠮᠵᠢᠭᠤᠯᠵᠤ᠂ ᠫᠦᠲ᠋ᠢᠨ ᠤ ᠰᠢ ᠶᠢᠨ ᠫᠢᠩ ᠳᠤ ᠳᠡᠪᠰᠢᠭᠦᠯᠦᠭᠰᠡᠨ ᠨᠥᠭᠦᠷᠰᠡᠭ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠢ ᠳᠠᠮᠵᠢᠭᠤᠯᠪᠠ᠃      ᠮᠦᠢᠳ᠋ᠸᠧᠢᠵᠢᠶᠧᠹ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠪᠠᠷ ᠳᠠᠬᠢᠨᠲᠠ ᠰᠣᠩᠭᠤᠭᠳᠠᠭᠰᠠᠨ ᠳᠤ ᠬᠠᠯᠠᠭᠤᠨ ᠪᠠᠶᠠᠷ ᠬᠦᠷᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠯᠢ ᠤᠯᠠᠨ ᠴᠢᠬᠤᠯᠠ ᠶᠡᠭᠡ ᠦᠷ᠎ᠡ ᠪᠦᠲᠦᠭᠡᠯ ᠣᠯᠣᠭᠰᠠᠨ ᠳᠤ ᠪᠠᠶᠠᠷ ᠬᠦᠷᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠢ ᠤᠳᠤᠷᠢᠳᠤᠨ ᠨᠡᠩ ᠶᠡᠭᠡ ᠬᠥᠭᠵᠢᠯᠲᠡ ᠣᠯᠵᠤ 14 ᠳ᠋ᠦᠩᠰᠢᠭᠤᠷ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠭᠰᠡᠨ ᠢᠶᠠᠷ ᠪᠠᠷᠠᠬᠤ ᠦᠭᠡᠢ ᠂ ᠪᠦᠭᠦ ᠳᠡᠯᠡᠬᠡᠢ ᠳᠤ ᠴᠦ ᠭᠦᠨ ᠭᠦᠨᠵᠡᠭᠡᠢ ᠤᠳᠬ᠎ᠠ ᠠᠭᠤᠯᠭ᠎ᠠ ᠲᠠᠢ ᠶᠤᠮ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠦᠲᠦᠮᠵᠢᠲᠡᠢ ᠨᠠᠶᠢᠳᠠᠪᠤᠷᠢᠵᠢᠭᠤᠯᠤᠭᠳᠠᠬᠤ ᠶᠢ ᠢᠲᠡᠭᠡᠵᠦ ᠪᠠᠶᠢᠨ᠎ᠠ᠃ ᠨᠢᠭᠡᠳᠦᠭᠰᠡᠨ ᠤᠷᠤᠰ ᠨᠠᠮ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠲᠤᠷᠠᠯᠴᠠᠭ᠎ᠠ ᠪᠣᠯ ᠤᠷᠤᠰ ᠳᠤᠮᠳᠠᠳᠤ ᠶᠢᠨ ᠬᠤᠶᠠᠷ ᠤᠯᠤᠰ ᠤᠨ ᠬᠠᠷᠢᠯᠴᠠᠭᠠᠨ ᠤ ᠴᠢᠬᠤᠯᠠ ᠪᠦᠷᠢᠯᠳᠦᠭᠦᠨ ᠬᠡᠰᠡᠭ ᠮᠥᠨ᠃ ᠣᠶᠢᠷ᠎ᠠ ᠶᠢᠨ ᠵᠢᠯ ᠠᠴᠠ ᠬᠤᠶᠠᠷ ᠨᠠᠮ ᠤᠨ ᠬᠠᠷᠢᠯᠴᠠᠭ᠎ᠠ ᠥᠨᠳᠥᠷ ᠲᠦᠪᠰᠢᠨ ᠪᠦᠬᠦᠢ ᠬᠥᠭᠵᠢᠯᠲᠡ ᠪᠠᠨ ᠪᠠᠲᠤᠯᠠᠵᠤ᠂ ᠬᠤᠶᠠᠷ ᠲᠠᠯ᠎ᠠ ᠪᠠᠷ ᠢᠶᠠᠨ ᠥᠷᠭᠡᠨ ᠳᠡᠯᠭᠡᠷ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠪᠡ᠃ ᠨᠢᠭᠡᠳᠦᠭᠰᠡᠨ ᠤᠷᠤᠰ ᠨᠠᠮ ᠳᠤᠷᠠᠲᠠᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠯᠤᠭ᠎ᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠬᠤ ᠶᠢ ᠴᠢᠩᠭᠠᠳᠬᠠᠵᠤ᠂ ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ᠂ ᠡᠨᠧᠷᠭᠢ᠂ ᠬᠥᠳᠡᠭᠡ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠢᠳᠡᠪᠬᠢᠲᠡᠢ ᠠᠬᠢᠭᠤᠯᠵᠤ᠂ ᠭᠠᠳᠠᠭᠠᠳᠤ ᠶᠢᠨ ᠡᠯ᠎ᠡ ᠵᠦᠢᠯ ᠤᠨ ᠳᠠᠷᠤᠯᠲᠠ ᠪᠣᠯᠣᠨ ᠭᠤᠣᠯᠴᠢ ᠪᠤᠰᠤ ᠠᠷᠭ᠎ᠠ ᠬᠡᠮᠵᠢᠶ᠎ᠡ ᠶᠢ ᠬᠠᠮᠲᠤ ᠪᠠᠷ ᠡᠰᠡᠷᠭᠦᠴᠡᠵᠦ᠂ ᠤᠷᠤᠰ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ᠃ ᠦᠺᠷᠠᠶᠢᠨ ᠤ ᠬᠢᠮᠤᠷᠠᠯ ᠭᠠᠷᠤᠭᠰᠠᠨ ᠨᠢ ᠮᠠᠰᠢ ᠪᠤᠳᠤᠯᠢᠶᠠᠨᠲᠠᠢ ᠰᠢᠯᠲᠠᠭᠠᠨ ᠲᠠᠢ ᠶᠤᠮ᠂ ᠣᠷᠣᠰ ᠳᠤᠷᠠᠲᠠᠶ᠎ᠠ ᠨᠠᠶᠢᠷᠠᠮᠳᠠᠯ ᠤᠨ ᠬᠡᠯᠡᠯᠴᠡᠭᠡ ᠪᠠᠷ ᠳᠠᠮᠵᠢᠨ ᠲᠤᠯᠭᠠᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ ᠭᠡᠵᠦ ᠢᠯᠡᠳᠬᠡᠵᠡᠢ᠃      ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠪᠤᠰᠤᠳ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号