ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 73 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/12/3
       ᠬᠢᠵᠢᠭ ᠤᠨ ᠪᠠᠶᠢᠳᠠᠯ ᠲᠠᠷᠬᠠᠬᠤ ᠠᠶᠤᠯ ᠲᠦᠭᠰᠢᠭᠦᠷᠢ ᠶᠢ ᠤᠯᠠᠮ ᠴᠢᠨᠠᠭᠰᠢᠳᠠ ᠪᠦᠲᠦᠮᠵᠢᠲᠡᠶ ᠬᠤᠷᠢᠭᠯᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾᠎ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ 2022 ᠣᠨ ᠤ 12 ᠰᠠᠷ᠎ᠠ ᠶᠢᠨ 3᠎ ᠤ ᠡᠳᠦᠷ ᠤᠨ 11 ᠴᠠᠭ ᠠᠴᠠ ᠡᠬᠢᠯᠡᠨ᠂ ᠮᠠᠨ ᠤ ᠬᠤᠰᠢᠭᠤᠨ ᠤ ᠬᠡᠰᠡᠭ ᠣᠷᠣᠨ ᠪᠦᠰᠡ ᠶᠢᠨ ᠲᠦᠭᠰᠢᠭᠦᠷᠢ ᠶᠢᠨ ᠲᠠᠰ ᠲᠤ ᠳᠣᠣᠷᠠᠬᠢ ᠮᠡᠲᠦ ᠲᠣᠬᠢᠷᠠᠭᠤᠯᠤᠯᠲᠠ ᠬᠢᠪᠡ᠄        ᠠᠯᠳ᠋ᠬᠠᠮᠡᠭᠡᠯ ᠪᠠᠯᠭᠠᠰᠤ ᠶᠢᠨ ᠶᠢᠨ ᠮᠠ ᠰᠠᠭᠤᠭᠠᠯᠢ ᠲᠣᠭᠤᠷᠢᠭ ᠤᠨ ᠨᠢᠭᠡᠳᠦᠭᠡᠷ ᠨᠣᠮᠧᠷᠲᠤ ᠠᠰᠠᠷ ᠢ ᠳᠣᠣᠷ᠎ᠠ ᠵᠡᠷᠭᠡ ᠶᠢᠨ ᠲᠦᠭᠰᠢᠭᠦᠷᠢᠲᠡᠢ ᠣᠷᠣᠨ ᠪᠣᠯᠭᠠᠵᠤ᠂ ︽ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠦ᠂ ᠪᠦᠭᠡᠮᠨᠡᠷᠡᠨ ᠴᠤᠭᠯᠠᠷᠠᠬᠤ ᠠᠴᠠ ᠵᠠᠶᠢᠯᠠᠰᠬᠢᠬᠦ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠪᠣᠰᠣᠳ ᠲᠦᠭᠰᠢᠭᠦᠷᠢᠲᠡᠢ ᠣᠷᠣᠨ ᠤ ᠳᠡᠰ ᠢ ᠬᠤᠪᠢᠷᠠᠭᠤᠯᠬᠤ ᠦᠭᠡᠢ᠃        ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠪᠦᠬᠦ ᠬᠤᠰᠢᠭᠤᠨ ᠤ ᠦᠨᠳᠦᠷ ᠵᠡᠷᠭᠡ ᠶᠢᠨ ᠲᠦᠭᠰᠢᠭᠦᠷᠢᠲᠡᠢ ᠣᠷᠣᠨ ᠨᠢ ᠳᠣᠣᠷᠠᠬᠢ ᠮᠡᠲᠦ᠄        1. ᠠᠯᠳ᠋ᠬᠠᠮᠡᠭᠡᠯ ᠪᠠᠯᠭᠠᠰᠤ ᠶᠢᠨ ᠴᠣᠶᠢᠪᠠᠯᠰᠠᠩ ᠰᠠᠭᠤᠭᠠᠯᠢ ᠲᠣᠭᠤᠷᠢᠭ ᠤᠨ ᠭᠤᠷᠪᠠᠳᠤᠭᠠᠷ ᠨᠣᠮᠧᠷᠲᠤ ᠠᠰᠠᠷ            ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ               ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                         2022 ᠣᠨ ᠤ 12 ᠰᠠᠷ᠎ᠠ ᠶᠢᠨ 3᠎ ᠤ ᠡᠳᠦᠷ
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ