ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ ᠴᠢᠬᠤᠯᠠᠴᠢᠯᠠᠭᠰᠠᠨ ᠨᠢ ᠪᠦᠯᠬᠦᠮᠳᠡᠨ ᠲᠡᠮᠡᠴᠡᠬᠦ ᠶᠢ ᠪᠠᠷᠢᠮᠲᠠᠯᠠᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/12/30
     ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 12 ᠰᠠᠷ᠎ᠠ ᠶᠢᠨ 26 ᠠᠴᠠ 27 ᠤ ᠡᠳᠦᠷ ᠪᠤᠯᠲᠠᠯ᠎ᠠ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ᠂ ᠨᠠᠮ ᠤᠨ ᠭᠡᠰᠢᠭᠦᠨ ᠺᠠᠳ᠋ᠷᠴᠤᠳ ᠢ ᠪᠦᠯᠬᠦᠮᠳᠡᠭᠦᠯᠦᠨ ᠳᠠᠭᠠᠭᠤᠯᠵᠤ ᠪᠠᠶᠢᠭᠠᠳ ᠬᠦᠴᠦᠯᠡᠨ ᠴᠢᠷᠮᠠᠶᠢᠵᠤ ᠭᠠᠪᠢᠶ᠎ᠠ ᠵᠢᠳᠬᠦᠯ ᠪᠠᠶᠢᠭᠤᠯᠬᠤ ᠵᠣᠷᠢᠭ ᠰᠠᠨᠠᠭ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠭᠤᠣᠯ ᠰᠡᠳᠦᠪ ᠢᠶᠠᠨ ᠪᠤᠯᠭᠠᠵᠥ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠵᠢᠯ ᠲᠠᠢ ᠤᠶᠠᠯᠳᠤᠭᠤᠯᠵᠤ᠂ ᠲᠦᠷᠦᠭᠦᠯᠡᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ᠂ ᠲᠦᠷᠦᠭᠦᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ᠂ ᠲᠦᠷᠦᠭᠦᠯᠡᠨ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠲᠦᠷᠦᠭᠦᠯᠡᠨ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ᠂ ᠲᠦᠷᠦᠭᠦᠯᠡᠨ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠲᠦᠷᠦᠭᠦᠯᠡᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠠᠮᠵᠢᠯᠲᠠ ᠪᠦᠳᠦᠮᠵᠢ ᠪᠠᠨ ᠳ᠋ᠦᠩᠨᠡᠵᠦ᠂ ᠳᠤᠲᠠᠭᠤᠳᠠᠯ ᠢᠶᠠᠨ ᠪᠠᠶᠢᠴᠠᠭᠠᠨ ᠳᠡᠯᠭᠡᠵᠦ᠂ ᠨᠠᠮᠴᠢ ᠴᠢᠨᠠᠷ ᠤᠨ ᠵᠠᠳᠠᠯᠤᠯᠲᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃      ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ᠃      ᠬᠤᠷᠠᠯ ᠠᠴᠠ ᠡᠮᠦᠨ᠎ᠡ᠂ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠢ ᠪᠡᠯᠡᠳᠬᠡᠯ ᠬᠢᠪᠡ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠤ᠂ ᠶᠠᠷᠢᠶᠠᠨ ᠤ ᠬᠥᠲᠥᠯᠪᠦᠷᠢ ᠶᠢ ᠲᠤᠭᠤᠷᠪᠢᠪᠠ᠃ ᠬᠤᠷᠠᠯ ᠳᠡᠭᠡᠷ᠎ᠡ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠨᠢᠭᠡᠳ ᠨᠢᠭᠡ ᠪᠠᠷ ᠦᠭᠡ ᠬᠡᠯᠡᠵᠦ᠂ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ᠂ ︽ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ ᠲᠤᠬᠠᠢ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠣᠭᠲᠠᠭᠠᠯ ᠤᠳ︾᠂ ︽ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠥᠪ ᠤᠨ ᠨᠠᠢᠮᠠᠨ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠦᠯᠲᠡ ᠶᠢᠨ ᠨᠠᠷᠢᠨ ᠳᠦᠷᠢᠮ︾ ᠲᠠᠢ ᠬᠠᠷᠭᠤᠭᠤᠯᠵᠤ᠂ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠭᠦᠨᠵᠡᠭᠡᠢ ᠵᠠᠳᠠᠯᠵᠤ᠂ ᠦᠨᠡᠨ ᠢᠶᠠᠨ ᠳᠡᠯᠭᠡᠨ ᠶᠠᠷᠢᠵᠤ᠂ ᠦᠨᠡᠨᠴᠢ ᠪᠠᠷ ᠬᠠᠨᠳᠤᠵᠤ᠂ ᠠᠭᠤᠷ ᠠᠮᠢᠰᠬᠤᠯ ᠲᠥᠪ ᠴᠢᠩᠭ᠎ᠠ ᠬᠥᠭᠵᠢᠶᠡᠨᠲᠡᠢ ᠪᠠᠶᠢᠵᠤ᠂ ᠵᠢᠱᠢᠭᠰᠡᠨ ᠦᠷ᠎ᠡ ᠪᠦᠲᠦᠮᠵᠢ ᠣᠯᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠤᠨ ᠶᠠᠷᠢᠶ᠎ᠠ ᠨᠢ 6 ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠪᠡ᠃      ᠨᠢᠭᠡ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠢ ᠲᠠᠨᠢᠯᠲᠠ ᠨᠡᠩ ᠭᠦᠨᠵᠡᠭᠡᠶᠢᠷᠡᠵᠦ᠂ ᠤᠬᠠᠮᠰᠠᠷ ᠠᠴᠠ ᠪᠠᠨ ᠪᠦᠭᠦ ᠲᠠᠯ᠎ᠠ ᠪᠠᠷ ᠰᠤᠷᠤᠯᠴᠠᠬᠤ᠂ ᠪᠦᠭᠦ ᠲᠠᠯ᠎ᠠ ᠪᠠᠷ ᠡᠵᠡᠮᠳᠡᠬᠦ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠦᠨᠡᠨ ᠬᠦ ᠬᠦᠴᠦ ᠣᠷᠣᠭᠤᠯᠤᠨ ᠪᠣᠳᠠᠲᠤ ᠪᠦᠲᠦᠮᠵᠢ ᠭᠠᠷᠭᠠᠬᠤ ᠬᠡᠷᠡᠭᠲᠡᠢ᠃ ᠬᠤᠶᠠᠷ ᠲᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠤᠨ ᠲᠤᠬᠠᠢ ᠣᠶᠢᠯᠠᠭᠠᠯᠲᠠ ᠨᠠᠩ ᠭᠦᠨᠵᠡᠭᠡᠶᠢᠷᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠦᠶ᠋ᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠢ᠃ ᠭᠤᠷᠪᠠ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠯᠤᠰ ᠭᠡᠳᠦ ᠶᠢᠨ ᠵᠢᠯᠤᠭᠤᠳᠬᠤ ᠠᠴᠢ ᠬᠤᠯᠪᠣᠭᠳᠠᠯ ᠤᠨ ᠲᠤᠬᠠᠢ ᠲᠠᠨᠢᠯᠲᠠ ᠨᠡᠩ ᠭᠦᠨᠵᠡᠭᠡᠶᠢᠷᠡᠵᠦ᠂ ᠦᠨᠡᠨ ᠬᠦ ᠡᠭᠦᠨ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠳᠥᠷᠪᠡ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ᠂ ᠴᠢᠬᠤᠯᠠ ᠶᠡᠭᠡ ᠵᠠᠷᠴᠢᠮ ᠪᠣᠯᠣᠨ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠤᠬᠠᠢ ᠲᠠᠨᠢᠯᠲᠠ ᠨᠡᠩ ᠭᠦᠨᠵᠡᠭᠡᠶᠢᠷᠡᠵᠦ᠂ ᠪᠡᠷᠬᠡ ᠬᠠᠲᠠᠭᠤᠵᠢᠯᠲᠠᠢ ᠬᠦᠨᠳᠦ ᠨᠦᠰᠡᠷ ᠡᠭᠦᠷᠭᠡ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠳᠤ ᠬᠠᠨᠳᠤᠨ᠂ ᠵᠣᠷᠢᠭᠲᠠᠢ ᠲᠡᠮᠡᠴᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠲᠠᠪᠤ ᠳᠤ᠂ ᠤᠳᠤᠷᠢᠳᠬᠤ ᠺᠠᠳ᠋ᠷ ᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠯ᠎ᠠ ᠪᠠᠷ ᠬᠢ ᠵᠦᠭᠯᠡᠭᠦᠷ ᠤᠨ ᠦᠢᠯᠡᠳᠦᠯ ᠤᠨ ᠲᠤᠬᠠᠢ ᠲᠠᠨᠢᠯᠲᠠ ᠨᠡᠩ ᠭᠦᠨᠵᠡᠭᠡᠶᠢᠷᠡᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠤ ᠴᠢᠩᠭ᠎ᠠ ᠪᠠᠶᠢᠵᠤ᠂ ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠵᠤ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠪᠦᠭᠦ ᠨᠠᠮ ᠳᠤ ᠳᠠᠭᠤᠷᠢᠶᠠᠯ ᠪᠤᠯᠬᠤ ᠬᠡᠷᠡᠭᠲᠡᠢ᠃ ᠵᠢᠷᠭᠤᠭ᠎ᠠ ᠳᠤ᠂ ᠶᠡᠭᠡ ᠨᠠᠮ ᠳᠤ ᠯᠡ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠣᠯᠣᠨ ᠡᠷᠡᠰ ᠪᠠᠲᠤ ᠴᠢᠨᠠᠷ ᠢ ᠪᠠᠷᠢᠮᠲᠠᠯᠠᠬᠤ ᠲᠤᠬᠠᠢ ᠲᠠᠨᠢᠯᠲᠠ ᠨᠡᠩ ᠭᠦᠨᠵᠡᠭᠡᠶᠢᠷᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ᠃      ᠬᠤᠷᠠᠯ ᠠᠴᠠ᠂ ᠡᠨᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷᠡᠬᠢ ᠲᠦᠢᠯ ᠤᠨ ᠴᠢᠬᠤᠯᠠ ᠨᠢᠭᠡ ᠵᠢᠯ ᠮᠥᠨ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠲᠥᠰᠥᠪ ᠢ ᠵᠢᠷᠤᠭᠯᠠᠪᠠ᠃ ᠰᠠᠯᠬᠢ ᠶᠡᠭᠡ ᠳᠠᠪᠠᠯᠭᠠᠨ ᠰᠢᠷᠦᠭᠦᠨ ᠳᠡᠯᠡᠬᠡᠢ ᠶᠢᠨ ᠣᠷᠴᠢᠨ ᠲᠣᠭᠤᠷᠢᠨ ᠪᠣᠯᠣᠨ ᠪᠡᠷᠬᠡ ᠬᠠᠲᠠᠭᠤᠵᠢᠯᠲᠠᠢ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠡᠷᠴᠢᠮ ᠢᠶᠠᠨ ᠴᠢᠩᠭᠠᠷᠠᠭᠤᠯᠵᠤ᠂ ᠵᠢᠱᠢᠯᠲᠡ ᠠᠴᠠ ᠳᠠᠪᠠᠭᠰᠠᠨ ᠬᠦᠴᠦᠨ ᠵᠦᠢᠯ ᠤᠨ ᠳᠠᠭᠠᠷᠢᠯᠲᠠ ᠶᠢ ᠠᠷᠭᠠᠴᠠᠭᠠᠵᠤ᠂ ᠠᠵᠤ ᠠᠬᠤᠢ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠪᠠ᠃ ᠪᠦᠭᠦ ᠵᠢᠯ ᠤᠨ ᠠᠵᠤ ᠠᠬᠤᠢ ᠨᠡᠮᠡᠭᠳᠡᠯ ᠢᠶᠠᠨ ᠪᠠᠲᠤᠯᠠᠵᠤ᠂ ᠠᠵᠢᠯ ᠣᠯᠭᠤᠯᠲᠠ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠪᠠᠷᠠᠭᠠᠨ ᠤ ᠦᠨ᠎ᠡ ᠲᠣᠭᠲᠠᠭᠤᠨ ᠪᠠᠶᠢᠵᠤ᠂ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠶᠢᠨ ᠪᠠᠶᠢᠳᠠᠯ ᠨᠡᠯᠢᠶᠡᠳ ᠰᠠᠶᠢᠨ ᠪᠠᠶᠢᠨ᠎ᠠ᠃ ᠠᠮᠤ ᠪᠤᠳᠠᠭᠠᠨ ᠤ ᠤᠨᠠᠯᠲᠠ ᠨᠠᠢᠮᠠᠨ ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠪᠠ ᠠᠷᠠᠳ ᠤᠨ ᠠᠮᠢᠳᠤᠷᠠᠯ ᠢ ᠪᠦᠲᠦᠮᠵᠢᠲᠡᠢ ᠪᠠᠲᠤᠯᠠᠪᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠪᠡ᠃ ᠡᠳᠡᠭᠡᠷ ᠠᠮᠵᠢᠯᠲᠠ ᠪᠦᠲᠦᠮᠵᠢ ᠨᠢ ᠮᠠᠰᠢ ᠭᠢᠯᠪᠠᠷ ᠪᠤᠰᠤ᠂ ᠬᠤᠪᠢ ᠳᠠᠭᠢᠨ ᠨᠠᠨᠳᠢᠩᠨᠠᠭᠤᠰᠢᠲᠠᠢ ᠶᠤᠮ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠳ᠂ ︽ᠬᠤᠶᠠᠷ ᠢ ᠲᠣᠭᠲᠠᠭᠠᠭᠰᠠᠨ︾ ᠨᠢ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠭᠡᠳᠡᠭ ᠢ ᠨᠢᠭᠡ ᠵᠢᠯ ᠤᠨ ᠲᠤᠷᠰᠢᠬᠢ ᠦᠢᠯᠡᠳᠦᠯᠭᠡ ᠳᠠᠬᠢᠨᠲᠠ ᠭᠡᠷᠡᠴᠢᠯᠡᠪᠡ᠃ ᠰᠢᠨ᠎ᠡ ᠠᠶᠠᠨ ᠳᠤ᠂ ᠪᠦᠭᠦ ᠨᠠᠮ ᠢᠶᠠᠷ ᠢᠶᠠᠨ ᠡᠷᠬᠡᠪᠰᠢ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠣᠳᠣᠯᠭ᠎ᠠ ᠪᠣᠯᠣᠨ ᠠᠵᠢᠯ ᠤᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠢᠷᠡᠬᠦ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ᠪᠦᠯᠬᠦᠮᠳᠡᠨ ᠲᠡᠮᠡᠴᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠠᠶᠢᠨ ᠰᠠᠶᠢᠬᠠᠨ ᠡᠭᠢᠯᠡᠯᠲᠡ ᠶᠢ ᠴᠢᠷᠮᠠᠶᠢᠨ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠵᠡᠭᠡᠪᠡ᠃      ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠤᠨ ᠬᠠᠷᠢᠴᠠᠭᠤᠯᠤᠨ ᠪᠠᠶᠢᠴᠠᠭᠠᠵᠤ ᠶᠠᠷᠢᠭᠰᠠᠨ ᠶᠠᠷᠢᠶ᠎ᠠ ᠶᠢ ᠨᠢᠭᠡᠳ ᠨᠢᠭᠡ ᠪᠠᠷ ᠦᠨᠡᠯᠡᠵᠦ᠂ ᠨᠢᠭᠡᠳ ᠨᠢᠭᠡ ᠪᠠᠷ ᠱᠠᠭᠠᠷᠳᠠᠯᠭ᠎ᠠ ᠳᠤᠷᠠᠳᠤᠭᠰᠠᠨ ᠪᠥᠭᠡᠳ ᠳ᠋ᠦᠩᠨᠡᠯᠲᠡ ᠬᠢᠪᠡ᠃ ᠲᠡᠷᠡ᠂ ᠡᠨᠡ ᠤᠳᠠᠭ᠎ᠠ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠮᠠᠰᠢ ᠰᠠᠶᠢᠨ ᠬᠢᠵᠦ ᠂ ᠮᠠᠰᠢ ᠶᠡᠭᠡ ᠠᠮᠵᠢᠯᠲᠠ ᠪᠦᠲᠦᠮᠵᠢ ᠣᠯᠵᠠᠢ᠂ ᠤᠯᠠᠨ ᠢᠶᠠᠷ ᠢᠶᠠᠨ ᠰᠡᠳᠬᠢᠯ ᠢᠶᠠᠨ ᠳᠡᠯᠭᠡᠵᠦ᠂ ᠦᠵᠡᠯ ᠰᠠᠨᠠᠭ᠎ᠠ ᠪᠠᠨ ᠰᠣᠯᠢᠯᠴᠠᠵᠤ᠂ ᠠᠰᠠᠭᠤᠳᠠᠯ ᠢ ᠪᠠᠶᠢᠴᠠᠭᠠᠨ ᠦᠵᠡᠵᠦ᠂ ᠴᠢᠭᠯᠡᠯ ᠢ ᠲᠣᠳᠣᠷᠬᠠᠶᠢᠯᠠᠵᠤ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠦᠯᠬᠦᠮᠳᠡᠯ ᠢ ᠴᠢᠩᠭᠠᠳᠬᠠᠬᠤ᠂ ᠠᠵᠢᠯ ᠢᠶᠠᠨ ᠰᠠᠶᠢᠵᠢᠷᠠᠭᠤᠯᠬᠤ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠦ᠂ ᠲᠥᠪ ᠤᠨ ᠤᠳᠤᠷᠢᠳᠬᠤ ᠬᠠᠮᠲᠤ ᠶᠢᠨ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ᠂ ᠲᠥᠪᠯᠡᠷᠡᠩᠭᠦᠢ ᠬᠦᠴᠦᠨ ᠢ ᠴᠢᠩᠭᠠᠳᠬᠠᠬᠤ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠠᠤᠭ᠎ᠠ ᠲᠥᠰᠥᠪ ᠢ ᠵᠢᠷᠤᠭᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠶᠢᠯᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠠᠬᠢ ᠪᠦᠭᠦ ᠨᠠᠮ ᠤᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠵᠤ᠂ ᠪᠦᠭᠦ ᠲᠠᠯ᠎ᠠ ᠪᠠᠷ ᠡᠵᠡᠮᠰᠢᠵᠦ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠰᠠᠶᠢᠲᠤᠷ ᠲᠦᠷᠦᠭᠦᠯᠡᠨ᠂ ᠦᠯᠢᠭᠡᠷ ᠳᠠᠭᠤᠷᠢᠶᠠᠯ ᠪᠣᠯᠵᠤ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠤᠯᠠᠨ ᠤ ᠬᠦᠰᠡᠯ ᠢ ᠬᠥᠰᠡᠷᠳᠡᠭᠦᠯᠬᠦ ᠦᠭᠡᠢ ᠪᠠᠶᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠪᠣᠯ ᠪᠣᠯᠪᠠᠰᠤᠷᠠᠩᠭᠤᠢ ᠮᠠᠷᠺᠰ ᠤᠨ ᠦᠵᠡᠯ ᠤᠨ ᠲᠦᠷᠦ ᠪᠠᠷᠢᠭᠴᠢ ᠨᠠᠮ ᠤᠨ ᠴᠢᠬᠤᠯᠠ ᠶᠡᠭᠡ ᠨᠠᠮ ᠪᠠᠶᠢᠭᠤᠯᠬᠤ ᠵᠠᠷᠴᠢᠮ ᠮᠥᠨ᠃ ᠮᠠᠨ ᠤ ᠡᠶᠢᠮᠦ ᠨᠢᠭᠡᠨ ᠶᠡᠭᠡ ᠨᠠᠮ᠂ ᠡᠶᠢᠮᠦ ᠨᠢᠭᠡᠨ ᠶᠡᠭᠡ ᠤᠯᠤᠰ ᠬᠡᠷᠪᠡ ᠨᠠᠮ ᠤᠨ ᠲᠥᠪ ᠬᠤᠷᠢᠶ᠎ᠠ ᠴᠢᠩᠭ᠎ᠠ ᠬᠦᠴᠦᠲᠡᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠡᠷᠡᠭᠵᠢᠭᠦᠯᠬᠦ ᠦᠭᠡᠢ ᠪᠣᠯ ᠳᠠᠷᠤᠢ ᠲᠤᠰ ᠲᠤᠰ ᠲᠠᠭᠠᠨ ᠲᠤᠭ ᠪᠣᠰᠬᠠᠵᠤ᠂ ᠪᠤᠳᠤᠬᠰᠠᠨ ᠢᠶᠠᠷ ᠢᠶᠠᠨ ᠬᠢᠬᠦ ᠪᠠᠶᠢᠳᠠᠯ ᠭᠠᠷᠴᠤ᠂ ᠶᠠᠮᠠᠷ ᠴᠤ ᠶᠠᠪᠤᠳᠠᠯ ᠢ ᠪᠦᠲᠦᠭᠡᠵᠦ ᠴᠢᠳᠠᠬᠤ ᠦᠭᠡᠢ ᠪᠣᠯᠣᠨ᠎ᠠ᠃ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠪᠣᠯ ᠬᠡᠶᠢᠰᠪᠦᠷᠢ ᠪᠢᠰᠢ ᠬᠠᠷᠢᠨ ᠪᠣᠳᠠᠲᠠᠢ ᠪᠠᠶᠢᠳᠠᠭ᠂ ᠡᠩ ᠲᠡᠷᠢᠭᠦᠨ ᠳᠤ ᠨᠠᠮ ᠤᠨ ᠲᠥᠪ ᠬᠤᠷᠢᠶᠠᠨ ᠤ ᠡᠷᠬᠡ ᠰᠦᠷ ᠢ ᠡᠷᠡᠰ ᠬᠠᠮᠠᠭᠠᠯᠠᠬᠤ ᠳᠡᠭᠡᠷ᠎ᠡ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠬᠤ᠂ ︽ᠲᠦᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠣᠳᠠᠲᠤ ᠠᠵᠢᠯᠯᠠᠭ᠎ᠠ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ᠃ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠤ ᠭᠡᠳ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠨᠢᠭᠡᠳᠦᠯᠲᠡᠢ ᠵᠢᠯᠣᠭᠤᠳᠤᠯᠭ᠎ᠠ ᠶᠢᠨ ᠨᠠᠶᠢᠷᠠᠯ ᠬᠥᠭᠵᠢᠮ ᠳᠤᠮᠳᠠ ᠬᠠᠮᠲᠤ ᠶᠢᠨ ᠭᠦᠭ ᠢ ᠪᠦᠷᠢᠯᠳᠦᠭᠦᠯᠵᠦ᠂ ᠶᠠᠭᠠᠬᠢᠭᠰᠠᠨ ᠴᠤ ᠬᠤᠭᠤᠯᠠᠢ ᠰᠣᠯᠣᠭᠠᠶᠢᠷᠠᠵᠤ᠂ ᠭᠦᠭ ᠢᠶᠠᠨ ᠠᠯᠳᠠᠵᠤ ᠪᠤᠯᠬᠤ ᠦᠭᠡᠢ︔ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠥᠮ ᠨᠠᠮ ᠤᠨ ᠲᠤᠭ ᠢᠶᠠᠷ ᠲᠤᠭ ᠪᠤᠯᠭᠠᠬᠤ᠂ ᠨᠠᠮ ᠤᠨ ᠴᠢᠭᠯᠡᠯ ᠢᠶᠠᠷ ᠴᠢᠭᠯᠡᠯ ᠪᠤᠯᠭᠠᠬᠤ᠂ ᠨᠠᠮ ᠤᠨ ᠵᠣᠷᠢᠯᠲᠠ ᠪᠠᠷ ᠵᠣᠷᠢᠯᠲᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠠᠨᠠᠭᠠᠴᠢᠯᠠᠭᠰᠠᠨ ᠵᠦᠢᠯ ᠢ ᠡᠷᠡᠰ ᠴᠤᠤᠷᠢᠶᠠᠲᠤᠨ ᠲᠠᠭᠠᠵᠤ᠂ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠵᠦᠢᠯ ᠢ ᠡᠷᠡᠰ ᠵᠢᠷᠤᠮᠯᠠᠨ ᠭᠦᠢᠴᠡᠳᠬᠡᠵᠦ᠂ ᠨᠠᠮ ᠤᠨ ᠲᠥᠪ ᠬᠤᠷᠢᠶᠠᠨ ᠤ ᠴᠠᠭᠠᠵᠠᠯᠠᠭᠰᠠᠨ ᠵᠦᠢᠯ ᠢ ᠶᠠᠭᠠᠬᠢᠭᠰᠠᠨ ᠴᠤ ᠬᠢᠬᠦ ᠦᠭᠡᠢ ᠪᠠᠶᠢᠵᠤ᠂ ᠦᠷᠭᠦᠯᠵᠢ ᠪᠠᠷᠢᠮᠵᠢᠶᠠᠯᠠᠨ ᠬᠠᠷᠭᠤᠭᠤᠯᠵᠤ᠂ ᠠᠯᠳᠠᠭ᠎ᠠ ᠪᠤᠷᠤᠭᠤ ᠪᠠᠨ ᠴᠠᠭ ᠲᠤᠬᠠᠢ ᠳᠤᠨᠢ ᠵᠠᠯᠠᠷᠠᠭᠤᠯᠬᠤ ᠭᠡᠷᠡᠭᠲᠡᠢ︔ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠥᠮ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠲᠠᠢ ᠰᠡᠳᠬᠢᠯ ᠵᠣᠷᠢᠭ ᠨᠢᠭᠡᠲᠡᠢ ᠪᠠᠶᠢᠵᠤ᠂ ᠨᠠᠮ ᠢᠶᠠᠨ ᠬᠠᠶᠢᠷᠠᠯᠠᠵᠤ᠂ ᠴᠠᠭ ᠢᠮᠠᠭᠲᠠ ᠨᠠᠮ ᠤᠨ ᠢᠶᠠᠨ ᠲᠥᠯᠥᠭᠡ ᠰᠠᠨᠠᠭᠠᠰᠢᠷᠠᠵᠤ᠂ ᠨᠠᠮ ᠢᠶᠠᠨ ᠡᠷᠡᠰ ᠬᠠᠮᠠᠭᠠᠯᠠᠵᠤ᠂ ᠪᠦᠭᠦ ᠬᠦᠴᠦᠨ ᠢᠶᠠᠷ ᠢᠶᠠᠨ ᠨᠠᠮ ᠢᠶᠠᠨ ᠮᠠᠨᠳᠤᠭᠤᠯᠬᠤ ᠬᠡᠷᠡᠭᠲᠡᠢ᠃ ᠠᠵᠢᠯ ᠤᠨ ᠳᠤᠮᠳᠠᠬᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠶᠡᠭᠡ ᠵᠦᠢᠯᠡᠰ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠠᠴᠠ ᠵᠢᠭᠠᠪᠤᠷᠢ ᠠᠪᠴᠤ ᠨᠠᠮ ᠲᠥᠪ ᠬᠤᠷᠢᠶ᠎ᠠ ᠳᠤ ᠮᠡᠳᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠤᠷᠢᠳ ᠡᠮᠦᠨ᠎ᠡ ᠪᠠᠶᠢᠭ᠎ᠠ ᠦᠭᠡᠢ ᠪᠦᠲᠦᠭᠡᠯᠴᠢ ᠴᠢᠨᠠᠷᠲᠠᠢ ᠦᠢᠯᠡᠰ ᠮᠥᠨ᠂ ᠪᠢᠳᠡ ᠰᠦᠪᠡᠭᠴᠢᠯᠡᠯᠲᠡ ᠬᠢᠵᠦ ᠰᠢᠨ᠎ᠡ ᠶᠢ ᠡᠭᠦᠳᠭᠦ ᠴᠢᠬᠤᠯᠠᠲᠠᠢ ᠶᠤᠮ᠃ ᠡᠨᠡ ᠨᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠤᠳᠤᠷᠢᠳᠬᠤ ᠺᠠᠳ᠋ᠷᠴᠤᠳ ᠤᠨ ᠬᠡᠪ ᠪᠣᠯᠪᠠᠰᠤᠷᠠᠯ ᠴᠢᠳᠠᠪᠤᠷᠢ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠤ᠂ ᠮᠠᠨ ᠤ ᠤᠶᠤᠨ ᠰᠠᠨᠠᠭᠠᠨ ᠤ ᠳᠦᠷᠰᠦ ᠪᠠᠶᠢᠳᠠᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠤᠯᠤᠰ ᠲᠦᠷᠦ ᠶᠢᠨ ᠲᠣᠪᠴᠢᠶᠠᠨ ᠤ ᠨᠥᠬᠦᠳ ᠲᠤ ᠠᠪᠴᠤ ᠬᠡᠯᠡᠪᠡᠯ᠂ ᠬᠠᠮᠤᠭ ᠤᠨ ᠴᠢᠬᠤᠯᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠣᠯ ᠳᠠᠷᠤᠢ ᠤᠯᠤᠰ ᠲᠦᠷᠦ ᠶᠢᠨ ᠴᠢᠳᠠᠪᠤᠷᠢ ᠪᠣᠯᠣᠨ᠎ᠠ᠂ ᠮᠠᠷᠺᠰ ᠤᠨ ᠦᠵᠡᠯ ᠤᠨ ᠤᠯᠤᠰ ᠲᠥᠷᠥᠴᠢᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠭᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠥᠭᠵᠢᠯᠲᠡ ᠶᠢᠨ ᠶᠡᠭᠡ ᠬᠠᠨᠳᠤᠰᠢ ᠶᠡᠭᠡ ᠲᠠᠯ᠎ᠠ ᠶᠢ ᠰᠤᠳᠤᠯᠤᠨ ᠮᠠᠭᠠᠳᠯᠠᠬᠤ ᠳᠠᠭᠠᠨ ᠴᠢᠳᠠᠮᠠᠭᠠᠢ ᠪᠠᠶᠢᠵᠤ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠶᠢ ᠰᠦᠪᠡᠭᠴᠢᠯᠡᠬᠦ ᠳᠡᠭᠡᠨ ᠴᠢᠳᠠᠮᠠᠭᠠᠢ ᠪᠠᠶᠢᠵᠤ᠂ ᠠᠷᠠᠳ ᠲᠦᠮᠡᠨ ᠳᠤ ᠪᠤᠶᠠᠨ ᠦᠢᠯᠡᠳᠴᠦ᠂ ᠠᠷᠠᠳ ᠤᠨ ᠰᠡᠳᠬᠢᠯ ᠢ ᠣᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠱᠠᠭᠠᠷᠳᠠᠯᠭ᠎ᠠ ᠶᠣᠰᠣᠭᠠᠷ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠰᠢ ᠶᠢᠨ ᠫᠢᠩ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠵᠢᠷᠤᠭ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠳᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠱᠠᠭᠠᠷᠳᠠᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷ ᠨᠠᠮ ᠤᠨ ᠲᠥᠯᠥᠭᠡ ᠪᠡᠶ᠎ᠡ ᠪᠠᠷ ᠢᠶᠠᠨ ᠣᠷᠣᠯᠴᠠᠵᠤ᠂ ᠥᠷᠯᠥᠭᠡ ᠦᠳᠡᠰᠢ ᠶᠢ ᠲᠡᠮᠡᠴᠡᠨ ᠠᠵᠢᠯᠯᠠᠵᠤ᠂ ᠴᠠᠭ ᠢᠮᠠᠭᠲᠠ ᠰᠡᠳᠬᠢᠯ ᠠᠮᠤᠷ ᠪᠠᠶᠢᠵᠤ ᠦᠯᠦ ᠴᠢᠳᠠᠬᠤ ᠬᠠᠷᠢᠭᠤᠴᠠᠯᠭᠠᠲᠤ ᠰᠡᠳᠬᠢᠯᠭᠡ᠂ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠪᠠᠷ ᠨᠠᠮ ᠪᠣᠯᠣᠨ ᠠᠷᠠᠳ ᠲᠦᠮᠡᠨ ᠤ ᠲᠥᠯᠥᠭᠡ ᠲᠤᠰᠢᠶᠠᠯ ᠢᠶᠠᠨ ᠰᠠᠶᠢᠲᠤᠷ ᠭᠦᠢᠴᠡᠳᠬᠡᠵᠦ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ᠃ ᠠᠵᠢᠯ ᠬᠢᠵᠦ ᠦᠢᠯᠡᠰ ᠪᠣᠰᠬᠠᠬᠤ ᠳᠤ ᠠᠰᠢᠭᠲᠠᠢ ᠰᠠᠶᠢᠨ ᠰᠠᠶᠢᠬᠠᠨ ᠣᠷᠴᠢᠨ ᠢ ᠢᠳᠡᠪᠬᠢᠲᠡᠢ ᠪᠤᠢ ᠪᠤᠯᠭᠠᠵᠤ᠂ ᠵᠣᠷᠢᠭᠲᠠᠢ ᠪᠠᠷ ᠡᠭᠦᠷᠭᠡᠯᠡᠭᠴᠢ ᠳᠤ ᠬᠠᠷᠢᠭᠤᠴᠠᠯᠭ᠎ᠠ ᠲᠠᠢ ᠬᠠᠨᠳᠤᠵᠤ᠂ ᠬᠠᠷᠢᠭᠤᠴᠠᠯᠭ᠎ᠠ ᠡᠭᠦᠷᠭᠡᠯᠡᠭᠴᠢ ᠳᠤ ᠬᠠᠷᠢᠭᠤᠴᠠᠵᠤ᠂ ᠠᠵᠢᠯ ᠬᠢᠭᠴᠢ ᠳᠤ ᠲᠦᠰᠢᠭ ᠪᠣᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠴᠢᠳᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠺᠠᠳ᠋ᠷ ᠢ ᠴᠢᠳᠠᠮᠠᠭᠠᠢ ᠪᠠᠷ ᠢᠯᠡᠷᠡᠭᠦᠯᠵᠦ᠂ ᠬᠥᠮᠥᠵᠢᠭᠦᠯᠵᠦ᠂ ᠬᠡᠷᠡᠭᠯᠡᠵᠦ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠬᠠᠷᠰᠢᠯᠠᠬᠤ ᠡᠯ᠎ᠡ ᠵᠦᠢᠯ ᠤᠨ ᠬᠦᠴᠦᠨ ᠵᠦᠢᠯ ᠢ ᠬᠦᠴᠦᠯᠡᠨ ᠠᠷᠢᠯᠭᠠᠵᠤ᠂ ᠳᠤᠷᠠᠲᠠᠶ᠎ᠠ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠬᠡᠪ ᠵᠠᠩᠰᠢᠯ ᠪᠤᠯᠭᠠᠬᠤ ᠬᠡᠷᠡᠭᠲᠡᠢ᠃ ᠡᠷᠬᠡᠪᠰᠢ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠢᠳᠡᠪᠬᠢᠲᠡᠢ ᠠᠷᠭᠠᠴᠠᠭᠠᠵᠤ᠂ ᠰᠢᠷᠭᠠᠭᠤ ᠲᠡᠮᠡᠴᠡᠯ ᠳᠤ ᠲᠦᠰᠢᠭᠯᠡᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠲᠦᠷᠦᠭᠦᠯᠡᠨ ᠰᠢᠰᠲ᠋ᠧᠮᠳᠦ ᠦᠵᠡᠯᠲᠡ ᠪᠠᠨ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠡᠵᠡᠮᠳᠡᠬᠦ ᠳᠡᠭᠡᠨ ᠴᠢᠳᠠᠮᠠᠭᠠᠢ ᠪᠠᠶᠢᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠳᠠᠭᠠᠨ ᠴᠢᠳᠠᠮᠠᠭᠠᠢ ᠪᠠᠶᠢᠵᠤ᠂ ︽ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠳᠠᠭᠠᠨ ᠴᠢᠳᠠᠮᠠᠭᠠᠢ ᠪᠠᠶᠢᠬᠤ ᠬᠡᠷᠡᠭᠲᠡᠢ᠃ ᠪᠦᠭᠦ ᠤᠯᠤᠰ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ ᠦᠵᠡᠯ ᠰᠠᠨᠠᠭ᠎ᠠ ᠶᠢ ᠪᠠᠲᠤ ᠪᠤᠢ ᠪᠤᠯᠭᠠᠵᠤ᠂ ᠤᠬᠠᠮᠰᠠᠷ ᠠᠴᠠ ᠪᠠᠨ ᠶᠡᠭᠡ ᠲᠠᠯ᠎ᠠ ᠶᠢ ᠪᠣᠳᠣᠯᠬᠢᠯᠠᠨ ᠠᠵᠢᠯᠯᠠᠵᠤ᠂ ᠪᠠᠭ᠎ᠠ ᠶᠣᠰᠣ ᠨᠢ ᠶᠡᠭᠡ ᠶᠣᠰᠣ ᠪᠠᠨ ᠳᠠᠭᠠᠬᠤ᠂ ᠣᠷᠣᠨ ᠨᠤᠲᠤᠭ ᠤᠨ ᠠᠰᠢᠭ ᠲᠤᠰᠠ ᠨᠢ ᠤᠯᠤᠰ ᠤᠨ ᠪᠦᠬᠦᠯᠢ ᠴᠣᠭᠴᠠ ᠶᠢᠨ ᠠᠰᠢᠭ ᠲᠤᠰᠠ ᠶᠢ ᠳᠠᠭᠠᠬᠤ ᠶᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠲᠡᠦᠬᠡ ᠶᠢᠨ ᠰᠡᠳᠬᠢᠬᠦᠢ᠂ ᠬᠤᠪᠢᠰᠤᠩᠭᠤᠢ ᠰᠡᠳᠬᠢᠬᠦᠢ᠂ ᠰᠢᠰᠲ᠋ᠧᠮᠲᠦ ᠰᠡᠳᠬᠢᠬᠦᠢ᠂ ᠰᠢᠨ᠎ᠡ ᠶᠢ ᠡᠭᠦᠳᠭᠦ ᠰᠡᠳᠬᠢᠬᠦᠢ᠂ ᠬᠠᠤᠯᠢᠵᠢᠯ ᠤᠨ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠷᠢᠳᠠᠴᠢ ᠴᠢᠨᠠᠷᠲᠠᠢ ᠪᠠᠷ ᠰᠡᠳᠭᠢᠭᠦ᠂ ᠪᠦᠭᠦ ᠲᠠᠯ᠎ᠠ ᠶᠢᠨ ᠴᠢᠨᠠᠷᠲᠠᠢ ᠪᠠᠷ ᠲᠥᠯᠥᠪᠯᠡᠬᠦ᠂ ᠪᠦᠬᠦᠯᠢ ᠴᠣᠭᠴᠠ ᠶᠢᠨ ᠴᠢᠨᠠᠷᠲᠠᠢ ᠪᠠᠷ ᠡᠯ᠎ᠡ ᠵᠦᠢᠯ ᠤᠨ ᠠᠵᠢᠯ ᠦᠢᠯᠡᠰ ᠢ ᠠᠬᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠶᠡᠭᠡ ᠲᠠᠩᠰᠠ ᠪᠤᠳᠤᠬᠤ᠂ ᠠᠯᠤᠰ ᠭᠡᠳᠤ ᠶᠢᠨ ᠲᠠᠩᠰᠠ ᠪᠤᠳᠤᠬᠤ ᠶᠢ ᠪᠠᠷᠢᠮᠲᠠᠯᠠᠵᠤ᠂ ᠪᠠᠭ᠎ᠠ ᠠᠰᠢᠭ ᠢ ᠪᠣᠳᠣᠯᠬᠢᠯᠠᠬᠤ ᠦᠭᠡᠢ᠂ ᠪᠠᠭ᠎ᠠ ᠤᠬᠠᠭᠠᠨ ᠭᠠᠷᠭᠠᠬᠤ ᠦᠭᠡᠢ ᠪᠠᠶᠢᠵᠤ᠂ ᠬᠤᠪᠢᠨᠴᠢᠷ ᠦᠵᠡᠯ᠂ ᠲᠠᠷᠠᠬᠠᠢ ᠦᠵᠡᠯ᠂ ᠳᠤᠷ᠎ᠠ ᠵᠣᠷᠢᠭ ᠤᠨ ᠦᠵᠡᠯ᠂ ᠥᠪᠡᠷᠮᠡᠲᠡᠭᠡᠢ ᠦᠵᠡᠯ ᠢ ᠤᠬᠠᠮᠰᠠᠷ ᠠᠴᠠ ᠪᠠᠨ ᠰᠡᠷᠭᠡᠶᠢᠯᠡᠨ ᠡᠰᠡᠷᠭᠦᠴᠡᠵᠦ᠂ ᠨᠢᠭᠡ ᠣᠷᠣᠨ ᠳᠤ ᠥᠩᠭᠡ ᠭᠡᠷᠡᠯ ᠨᠡᠮᠡᠷᠢᠯᠡᠬᠦ ᠮᠥᠷᠲᠡᠭᠡᠨ ᠪᠠᠰᠠ ᠪᠦᠭᠦ ᠲᠠᠯ᠎ᠠ ᠳᠤ ᠥᠩᠭᠡ ᠭᠡᠷᠡᠯ ᠨᠡᠮᠡᠷᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠵᠡᠷᠭᠡ ᠶᠢᠨ ᠺᠠᠳ᠋ᠷ ᠤᠨ ᠰᠤᠷᠲᠠᠯ ᠪᠣᠯ ᠶᠡᠷᠦ ᠠᠴᠠ ᠨᠠᠮ ᠤᠨ ᠰᠤᠷᠲᠠᠯ ᠪᠣᠯᠣᠨ ᠨᠡᠶᠢᠭᠡᠮ ᠤᠨ ᠬᠡᠪ ᠰᠤᠷᠲᠠᠯ ᠢ ᠬᠥᠲᠥᠯᠥᠨ ᠳᠠᠭᠠᠭᠤᠯᠬᠤ ᠴᠢᠬᠤᠯᠠ ᠵᠦᠭᠯᠡᠭᠦᠷ ᠪᠣᠯᠣᠭᠰᠠᠭᠠᠷ ᠢᠷᠡᠵᠠᠢ᠂ ᠠᠷᠠᠳ ᠤᠯᠠᠨ ᠤ ᠨᠠᠮ ᠤᠨ ᠰᠤᠷᠲᠠᠯ ᠢ ᠠᠵᠢᠭᠯᠠᠬᠤ ᠴᠢᠬᠤᠯᠠ ᠴᠣᠩᠬᠤᠪᠴᠢ ᠮᠥᠨ᠃ ᠲᠥᠪ ᠤᠨ ᠤᠯᠤᠰ ᠲᠦᠷᠦ ᠶᠢᠨ ᠲᠣᠪᠴᠢᠶᠠᠨ ᠤ ᠨᠥᠬᠦᠳ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠥᠪ ᠤᠨ ᠨᠠᠢᠮᠠᠨ ᠲᠣᠭᠲᠠᠭᠠᠯ ᠤᠨ ᠬᠡᠷᠡᠭᠵᠢᠭᠦᠯᠬᠦ ᠨᠠᠷᠢᠨ ᠳᠦᠷᠢᠮ ᠲᠠᠢ ᠬᠠᠷᠭᠤᠭᠤᠯᠵᠤ᠂ ᠨᠢᠭᠡᠳ ᠨᠢᠭᠡ ᠵᠤᠷᠪᠤᠰ ᠢᠶᠠᠷ ᠴᠢᠩᠭ᠎ᠠ ᠪᠠᠷᠢᠮᠵᠢᠶᠠᠯᠠᠨ ᠬᠠᠷᠭᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠷᠬᠠᠭ ᠭᠡᠮ ᠢ ᠭᠤᠣᠯᠳᠠᠯᠭ᠎ᠠ ᠲᠠᠢ ᠵᠠᠯᠠᠷᠠᠭᠤᠯᠵᠤ᠂ ᠨᠠᠮ ᠤᠨ ᠰᠢᠯᠢᠳᠡᠭ ᠰᠤᠷᠲᠠᠯ ᠢ ᠲᠦᠷᠦᠭᠦᠯᠡᠨ ᠪᠠᠳᠠᠷᠠᠭᠤᠯᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠢᠯᠡᠭᠦᠬᠡᠨ ᠣᠴᠢᠵᠤ᠂ ᠬᠦᠴᠢᠷᠳᠡᠯ ᠤᠯᠠᠨ᠂ ᠤᠯᠠᠨ ᠲᠦᠮᠡᠨ ᠤ ᠰᠠᠨᠠᠯ ᠲᠥᠪᠯᠡᠷᠡᠭᠰᠡᠨ᠂ ᠠᠵᠢᠯ ᠰᠠᠶᠢᠨ ᠶᠠᠪᠤᠭᠳᠠᠵᠤ ᠳᠡᠶᠢᠯᠭᠦ ᠦᠭᠡᠢ ᠭᠠᠵᠠᠷ ᠲᠤ ᠢᠯᠡᠭᠦᠬᠡᠨ ᠣᠴᠢᠵᠤ᠂ ᠪᠣᠳᠠᠲᠤ ᠪᠠᠶᠢᠳᠠᠯ ᠢ ᠪᠡᠶᠡᠴᠢᠯᠡᠨ ᠪᠠᠶᠢᠴᠠᠭᠠᠵᠤ᠂ ᠪᠢᠯᠵᠤᠤᠬᠠᠢ ᠶᠢ ᠲᠤᠶᠠᠴᠢᠵᠤ᠂ ᠪᠠᠶᠢᠳᠠᠯ ᠢ ᠪᠦᠭᠦ ᠲᠠᠯ᠎ᠠ ᠪᠠᠷ ᠡᠵᠡᠮᠰᠢᠵᠦ᠂ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠢ᠃ ᠣᠷᠴᠢᠨ ᠲᠣᠭᠤᠷᠢᠨ ᠢ ᠪᠤᠢ ᠪᠤᠯᠭᠠᠵᠤ᠂ ᠨᠥᠬᠦᠴᠡᠯ ᠪᠦᠷᠢᠯᠳᠦᠭᠦᠯᠵᠦ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠦᠨᠡᠨ ᠦᠭᠡ ᠭᠡᠯᠡᠭᠦ᠂ ᠰᠡᠳᠬᠢᠯ ᠤᠨ ᠦᠭᠡ ᠪᠠᠨ ᠶᠠᠷᠢᠬᠤ ᠶᠢ ᠵᠣᠷᠢᠭᠵᠢᠭᠤᠯᠬᠤ ᠬᠡᠷᠡᠭᠲᠡᠢ᠃ ᠢᠯᠡᠷᠡᠭᠦᠯᠦᠭᠰᠡᠨ ᠠᠰᠠᠭᠤᠳᠠᠯ ᠤᠨ ᠰᠢᠯᠲᠠᠭᠠᠨ ᠢ ᠵᠠᠳᠠᠯᠵᠤ᠂ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ᠂ ᠬᠠᠨᠳᠤᠯᠭᠠᠲᠤ ᠴᠢᠨᠠᠷᠲᠠᠢ ᠪᠠᠷ ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠮᠠᠨ ᠤ ᠨᠠᠮ ᠢᠮᠠᠭᠲᠠ ᠳᠤᠮᠳᠠᠳᠤ ᠤᠯᠤᠰ ᠤᠨ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠵᠦ᠂ ᠶᠡᠷᠦ ᠠᠴᠠ ᠶᠠᠮᠠᠷᠪᠠ ᠠᠰᠢᠭ ᠲᠤᠰᠠ ᠶᠢᠨ ᠪᠦᠯᠦᠭᠯᠡᠯ᠂ ᠶᠠᠮᠠᠷᠪᠠ ᠡᠷᠬᠡ ᠰᠦᠷᠲᠦ ᠪᠦᠯᠭᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ ᠶᠢᠨ ᠠᠰᠢᠭ ᠲᠤᠰᠠ ᠶᠢ ᠲᠥᠯᠥᠭᠡᠯᠡᠳᠡᠭ ᠦᠭᠡᠢ ᠶᠤᠮ᠃ ᠤᠳᠤᠷᠢᠳᠬᠤ ᠺᠠᠳ᠋ᠷ ᠥᠪᠡᠷ ᠢᠶᠠᠨ ᠣᠷᠦ᠋ᠢᠯᠠᠬᠤ ᠳᠤ ᠡᠩ ᠲᠡᠷᠢᠭᠦᠨ ᠳᠤ ᠥᠪᠡᠷ ᠢᠶᠠᠨ ᠠᠷᠢᠭᠤᠨ ᠴᠢᠬᠡᠴᠢ ᠪᠠᠶᠢᠬᠤ ᠬᠡᠷᠡᠭᠲᠡᠢ᠃ ᠠᠷᠢᠭᠤᠨ ᠴᠢᠬᠡᠴᠢ ᠶᠢᠨ ᠭᠤᠣᠯᠳᠠᠯᠭ᠎ᠠ ᠨᠢ ᠤᠬᠠᠮᠰᠠᠷ ᠲᠤ ᠪᠤᠢ᠂ ᠡᠷᠬᠢᠮ ᠨᠢ ᠤᠳᠠᠭᠠᠨ ᠳᠠᠭᠠᠭᠠᠮᠠᠭᠠᠢ ᠳᠤ ᠪᠤᠢ᠂ ᠬᠦᠴᠢᠷ ᠨᠢ ᠲᠦᠢᠯᠪᠤᠷᠢᠲᠠᠢ ᠪᠠᠶᠢᠬᠤ ᠳᠤ ᠪᠤᠢ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠲᠦᠷᠦᠭᠦᠯᠡᠨ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠵᠤ᠂ ᠲᠦᠷᠦᠭᠦᠯᠡᠨ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠤᠶᠤ ᠭᠤᠣᠯᠯᠠᠨ ᠬᠠᠮᠢᠶᠠᠷᠴᠤ ᠪᠠᠶᠢᠭ᠎ᠠ ᠣᠷᠣᠨ ᠨᠤᠲᠤᠭ ᠤᠨ ᠢᠶᠠᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠲᠥᠪ ᠪᠤᠰᠤ ᠰᠤᠷᠲᠠᠯ ᠪᠣᠯᠣᠨ ᠢᠯᠵᠠᠷᠠᠮᠠᠯ ᠦᠵᠡᠭᠳᠡᠯ ᠲᠠᠢ ᠡᠷᠡᠰ ᠲᠡᠮᠡᠴᠡᠯ ᠬᠢᠵᠦ᠂ ᠠᠷᠢᠭᠤᠨ ᠴᠢᠬᠡᠴᠢ ᠨᠥᠬᠦᠳ ᠤᠨ ᠬᠠᠷᠢᠴᠠᠭ᠎ᠠ᠂ ᠶᠣᠰᠣ ᠳᠦᠷᠢᠮ ᠲᠠᠢ ᠳᠡᠭᠡᠳᠦ ᠳᠣᠣᠷᠠᠳᠤ ᠱᠠᠲᠤᠨ ᠤ ᠬᠠᠷᠢᠴᠠᠭ᠎ᠠ᠂ ᠳᠣᠲᠣᠨᠣ ᠴᠢᠬᠡᠴᠢ ᠨᠢᠭᠡᠳᠦᠯᠲᠡᠢ ᠰᠢᠨ᠎ᠡ ᠮᠠᠶ᠋ᠢᠭ ᠤᠨ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠠᠬᠢᠭᠤᠯᠤᠨ ᠪᠦᠷᠢᠯᠳᠦᠭᠦᠯᠵᠦ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠪᠣᠯᠣᠨ ᠨᠡᠶᠢᠭᠡᠮ ᠤᠨ ᠬᠡᠪ ᠰᠤᠷᠲᠠᠯ ᠤᠨ ᠳᠠᠭᠠᠭᠤᠯᠤᠭᠴᠢ᠂ ᠪᠠᠶᠢᠭᠤᠯᠤᠭᠴᠢ᠂ ᠬᠠᠮᠠᠭᠠᠯᠠᠭᠴᠢ ᠪᠤᠯᠬᠤ ᠬᠡᠷᠡᠭᠲᠡᠢ᠃ ᠡᠭᠦᠨ ᠤ ᠬᠠᠮᠲᠤ᠂ ᠭᠡᠷ ᠤᠨ ᠬᠥᠮᠥᠰ ᠲᠦᠷᠦᠯ ᠰᠠᠳᠤᠨ ᠢᠶᠠᠨ ᠴᠢᠩᠭ᠎ᠠ ᠬᠠᠮᠢᠶᠠᠷᠴᠤ᠂ ᠳᠡᠷᠭᠡᠳᠡᠬᠢ ᠬᠥᠮᠥᠰ ᠳᠡᠷᠭᠡᠳᠡᠬᠢ ᠶᠠᠪᠤᠳᠠᠯ ᠢᠶᠠᠨ ᠰᠠᠶᠢᠲᠤᠷ ᠬᠠᠮᠢᠶᠠᠷᠴᠤ᠂ ᠶᠠᠭᠠᠬᠢᠭᠰᠠᠨ ᠴᠤ ᠲᠡᠳᠡᠨ ᠤ ᠥᠪᠡᠷ ᠤᠨ ᠡᠷᠬᠡ ᠪᠠ ᠨᠥᠯᠥᠭᠡᠯᠡᠬᠦ ᠬᠦᠴᠦᠨ ᠢ ᠴᠢᠨᠢ ᠠᠰᠢᠭᠯᠠᠨ ᠵᠦᠢ ᠪᠤᠰᠤ ᠠᠰᠢᠭ ᠣᠯᠵᠤ ᠪᠤᠯᠬᠤ ᠦᠭᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷ᠎ᠡ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠨᠥᠬᠦᠳ ᠠᠵᠢᠯ ᠢᠶᠠᠨ ᠰᠠᠶᠢᠲᠤᠷ ᠬᠢᠬᠦ ᠲᠤᠬᠠᠢ ᠮᠠᠰᠢ ᠤᠯᠠᠨ ᠰᠠᠶᠢᠨ ᠰᠠᠨᠠᠯ ᠰᠠᠨᠠᠭᠤᠯᠭ᠎ᠠ ᠳᠤᠷᠠᠳᠴᠠᠢ᠃ ᠬᠤᠷᠠᠯ ᠤᠨ ᠲᠠᠷᠠᠭ᠎ᠠ ᠱᠠᠯᠠᠪᠳᠠᠨ ᠰᠤᠳᠤᠯᠵᠤ᠂ ᠠᠷᠭ᠎ᠠ ᠬᠡᠮᠵᠢᠶ᠎ᠡ ᠠᠪᠴᠤ᠂ ᠠᠵᠢᠯ ᠢᠶᠠᠨ ᠰᠠᠶᠢᠵᠢᠷᠠᠭᠤᠯᠤᠨ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号