ᠬᠢᠵᠢᠭ ᠤᠨ ᠪᠠᠶᠢᠳᠠᠯ ᠲᠠᠷᠬᠠᠬᠤ ᠠᠶᠤᠯ ᠲᠦᠭᠰᠢᠭᠦᠷᠢ ᠶᠢ ᠤᠯᠠᠮ ᠴᠢᠨᠠᠭᠰᠢᠳᠠ ᠪᠦᠲᠦᠮᠵᠢᠲᠡᠶ ᠬᠤᠷᠢᠭᠯᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠠᠮᠢ | ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠤᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ 2022 ᠣᠨ ᠤ 12 ᠰᠠᠷ᠎ᠠ ᠶᠢᠨ 4 ᠤ ᠡᠳᠦᠷ ᠤᠨ 7 ᠴᠠᠭ ᠠᠴᠠ ᠡᠬᠢᠯᠡᠨ᠂ ᠮᠠᠨ ᠤ ᠬᠤᠰᠢᠭᠤᠨ ᠤ ᠬᠡᠰᠡᠭ ᠣᠷᠣᠨ ᠪᠦᠰᠡ ᠶᠢᠨ | ᠲᠦᠭᠰᠢᠭᠦᠷᠢ ᠶᠢᠨ ᠲᠠᠰ ᠲᠤ ᠳᠣᠣᠷᠠᠬᠢ ᠮᠡᠲᠦ ᠲᠣᠬᠢᠷᠠᠭᠤᠯᠤᠯᠲᠠ ᠬᠢᠪᠡ᠄ | ᠠᠯᠳ᠋ᠬᠠᠮᠡᠭᠡᠯ ᠪᠠᠯᠭᠠᠰᠤ ᠶᠢᠨ ᠴᠣᠶᠢᠪᠠᠯᠰᠠᠩ ᠰᠠᠭᠤᠭᠠᠯᠢ ᠲᠣᠭᠤᠷᠢᠭ ᠤᠨ ᠭᠤᠷᠪᠠᠳᠤᠭᠠᠷ ᠨᠣᠮᠧᠷᠲᠤ ᠠᠰᠠᠷ ᠢ ᠳᠣᠣᠷ᠎ᠠ ᠵᠡᠷᠭᠡ ᠶᠢᠨ ᠲᠦᠭᠰᠢᠭᠦᠷᠢᠲᠡᠢ ᠣᠷᠣᠨ | ᠪᠣᠯᠭᠠᠵᠤ᠂ ︽ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠦ᠂ ᠪᠦᠭᠡᠮᠨᠡᠷᠡᠨ ᠴᠤᠭᠯᠠᠷᠠᠬᠤ ᠠᠴᠠ ᠵᠠᠶᠢᠯᠠᠰᠬᠢᠬᠦ︾ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠬᠡᠷᠡᠭᠵᠢᠭᠦᠯᠦᠨ᠎ᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠮᠠᠨ ᠤ ᠬᠤᠰᠢᠭᠤᠨ ᠤ ᠪᠦᠬᠦ ᠣᠷᠣᠨ ᠪᠦᠰᠡ ᠴᠦᠮ ᠳᠣᠣᠷ᠎ᠠ ᠵᠡᠷᠭᠡ ᠶᠢᠨ | ᠲᠦᠭᠰᠢᠭᠦᠷᠢᠲᠡᠢ ᠣᠷᠣᠨ ᠪᠣᠯᠣᠨ ᠬᠤᠪᠢᠷᠠᠪᠠ᠃ | | | ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2022 ᠣᠨ ᠤ 12 ᠰᠠᠷ᠎ᠠ ᠶᠢᠨ 4 ᠤ ᠡᠳᠦᠷ |