ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 75 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/12/4
       ᠬᠢᠵᠢᠭ ᠤᠨ ᠪᠠᠶᠢᠳᠠᠯ ᠲᠠᠷᠬᠠᠬᠤ ᠠᠶᠤᠯ ᠲᠦᠭᠰᠢᠭᠦᠷᠢ ᠶᠢ ᠤᠯᠠᠮ ᠴᠢᠨᠠᠭᠰᠢᠳᠠ ᠪᠦᠲᠦᠮᠵᠢᠲᠡᠶ ᠬᠤᠷᠢᠭᠯᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ 2022 ᠣᠨ ᠤ 12 ᠰᠠᠷ᠎ᠠ ᠶᠢᠨ 4 ᠤ ᠡᠳᠦᠷ ᠤᠨ 7 ᠴᠠᠭ ᠠᠴᠠ ᠡᠬᠢᠯᠡᠨ᠂ ᠮᠠᠨ ᠤ ᠬᠤᠰᠢᠭᠤᠨ ᠤ ᠬᠡᠰᠡᠭ ᠣᠷᠣᠨ ᠪᠦᠰᠡ ᠶᠢᠨ ᠲᠦᠭᠰᠢᠭᠦᠷᠢ ᠶᠢᠨ ᠲᠠᠰ ᠲᠤ ᠳᠣᠣᠷᠠᠬᠢ ᠮᠡᠲᠦ ᠲᠣᠬᠢᠷᠠᠭᠤᠯᠤᠯᠲᠠ ᠬᠢᠪᠡ᠄        ᠠᠯᠳ᠋ᠬᠠᠮᠡᠭᠡᠯ ᠪᠠᠯᠭᠠᠰᠤ ᠶᠢᠨ ᠴᠣᠶᠢᠪᠠᠯᠰᠠᠩ ᠰᠠᠭᠤᠭᠠᠯᠢ ᠲᠣᠭᠤᠷᠢᠭ ᠤᠨ ᠭᠤᠷᠪᠠᠳᠤᠭᠠᠷ ᠨᠣᠮᠧᠷᠲᠤ ᠠᠰᠠᠷ ᠢ ᠳᠣᠣᠷ᠎ᠠ ᠵᠡᠷᠭᠡ ᠶᠢᠨ ᠲᠦᠭᠰᠢᠭᠦᠷᠢᠲᠡᠢ ᠣᠷᠣᠨ ᠪᠣᠯᠭᠠᠵᠤ᠂ ︽ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠦ᠂ ᠪᠦᠭᠡᠮᠨᠡᠷᠡᠨ ᠴᠤᠭᠯᠠᠷᠠᠬᠤ ᠠᠴᠠ ᠵᠠᠶᠢᠯᠠᠰᠬᠢᠬᠦ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠮᠠᠨ ᠤ ᠬᠤᠰᠢᠭᠤᠨ ᠤ ᠪᠦᠬᠦ ᠣᠷᠣᠨ ᠪᠦᠰᠡ ᠴᠦᠮ ᠳᠣᠣᠷ᠎ᠠ ᠵᠡᠷᠭᠡ ᠶᠢᠨ ᠲᠦᠭᠰᠢᠭᠦᠷᠢᠲᠡᠢ ᠣᠷᠣᠨ ᠪᠣᠯᠣᠨ ᠬᠤᠪᠢᠷᠠᠪᠠ᠃            ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ               ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                         2022 ᠣᠨ ᠤ 12 ᠰᠠᠷ᠎ᠠ ᠶᠢᠨ 4 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号