ᠠᠯᠳ᠋ᠬᠠᠮᠡᠭᠡᠯ ᠪᠠᠯᠭᠠᠰᠤ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠬᠠᠰᠢᠭᠳᠠᠭᠰᠠᠨ ᠲᠡᠷᠭᠡᠨ ᠳᠤ ᠲᠤᠰᠠᠯᠠᠮᠵᠢ ᠦᠵᠡᠭᠦᠯᠪᠡ
ᠨᠡᠶᠢᠲᠡᠯᠡᠭᠰᠡᠨ ᠴᠠᠭ᠄
2022/12/5
       ᠬᠦᠢᠲᠡᠨ ᠴᠠᠭ ᠠᠭᠤᠷ ᠤᠨ ᠨᠦᠯᠦᠭᠡᠯᠡᠯ ᠢᠶᠠᠷ᠂ ᠣᠶᠢᠷ᠎ᠠ ᠶᠢᠨ ᠡᠳᠦᠷ ᠮᠠᠨ ᠤ ᠬᠤᠰᠢᠭᠤᠨ ᠳᠤ ᠴᠠᠰᠤ ᠰᠢᠭᠤᠷᠭᠠᠨ ᠲᠠᠢ ᠴᠠᠭ ᠠᠭᠤᠷ ᠢᠯᠡᠷᠡᠪᠡ᠃ 12 ᠰᠠᠷ᠎ᠠ ᠶᠢᠨ 2 ᠤᠨ ᠡᠳᠦᠷ᠂ ᠠᠯᠳ᠋ᠬᠠᠮᠡᠭᠡᠯ ᠪᠠᠯᠭᠠᠰᠤ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠠᠷ ᠮᠠᠨᠵᠤᠤᠷ ᠠᠴᠠ ᠰᠢᠨ᠎ᠡ ᠪᠠᠷᠭᠤ ᠪᠠᠷᠠᠭᠤᠨ ᠬᠤᠰᠢᠭᠤ ᠬᠦᠷᠬᠦ ᠵᠠᠰᠠᠮᠠᠯ ᠵᠠᠮ ᠢᠶᠠᠷ ᠴᠠᠭᠳᠠᠬᠤ ᠶᠠᠪᠤᠴᠠ ᠳᠤ᠂ ᠨᠢᠭᠡ ᠠᠴᠢᠶᠠᠨ ᠤ ᠮᠠᠰᠢᠨ ᠴᠠᠰᠤᠨ ᠳᠤ ᠬᠠᠰᠢᠭᠳᠠᠭᠰᠠᠨ ᠢ ᠣᠯᠵᠤ ᠮᠡᠳᠡᠪᠡ᠃
       ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠨᠠᠷ ᠳᠠᠷᠤᠶᠢᠬᠠᠨ ᠠᠪᠤᠷᠠᠨ ᠲᠤᠰᠠᠯᠠᠬᠤ ᠲᠦᠰᠦᠪ ᠲᠣᠭᠲᠠᠭᠠᠨ᠂ ᠬᠤᠷᠠᠭᠰᠠᠨ ᠴᠠᠰᠤ ᠶᠢ ᠴᠡᠪᠡᠷᠯᠡᠨ ᠠᠷᠢᠯᠭᠠᠵᠤ᠂ ᠬᠠᠰᠢᠭᠳᠠᠭᠰᠠᠨ ᠮᠠᠰᠢᠨ ᠢ ᠭᠠᠷᠭᠠᠨ ᠠᠪᠤᠪᠠ᠃
       ᠦᠷᠭᠡᠨ ᠣᠯᠠᠨ ᠵᠢᠯᠣᠭᠤᠴᠢ ᠨᠠᠶᠢᠵᠠ ᠨᠠᠷ ᠭᠠᠳᠠᠭᠰᠢ ᠶᠠᠪᠤᠬᠤ ᠳᠠᠭᠠᠨ ᠴᠠᠭ ᠠᠭᠤᠷ ᠤᠨ ᠬᠤᠪᠢᠷᠠᠯᠲᠠ ᠶᠢ ᠴᠠᠭ ᠢᠮᠠᠭᠲᠠ ᠠᠩᠬᠠᠷᠴᠤ᠂ ᠪᠠᠶᠢᠳᠠᠯ ᠢ ᠰᠠᠶᠢᠨ ᠮᠡᠳᠡᠬᠦ ᠦᠭᠡᠢ ᠵᠠᠮ ᠢᠶᠠᠷ ᠴᠢᠳᠠᠬᠤ ᠶᠢᠨ ᠳᠣᠲᠣᠷ᠎ᠠ ᠰᠦᠨᠢ ᠪᠠᠷ ᠪᠢᠲᠡᠭᠡᠢ ᠶᠠᠪᠤᠬᠤ ᠶᠢ ᠰᠠᠨᠠᠭᠤᠯᠵᠤ ᠪᠠᠶᠢᠨ᠎ᠠ᠃                                  ᠣᠷᠴᠢᠭᠤᠯᠤᠭᠰᠠᠨ ᠨᠢ᠄ ᠰᠣᠯᠣᠩᠭᠤᠸ᠎ᠠ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号