ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/12/5
       ᠣᠶᠢᠷ᠎ᠠ ᠶᠢᠨ ᠡᠳᠦᠷ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠯ᠎ᠡ ᠰᠠᠯᠠᠭ᠎ᠠ ᠮᠦᠴᠢᠷ ᠤᠨ ᠲᠤᠰᠠᠯᠠᠬᠤ ᠴᠠᠭᠳᠠᠭ᠎ᠠ ᠨᠠᠷ ᠢ ᠵᠣᠬᠢᠶᠠᠨ ᠪᠠᠶᠢᠭᠤᠯᠵᠤ᠂ ᠦᠪᠡᠷ ᠢᠶᠠᠨ ᠰᠤᠷᠤᠯᠴᠠᠬᠤ ᠬᠡᠯᠪᠡᠷᠢ ᠪᠠᠷ ᠰᠤᠷᠤᠯᠴᠠᠯᠭ᠎ᠠ ᠶᠢᠨ ᠬᠦᠴᠦᠷᠬᠡᠭ ᠤᠯᠤᠰ᠂ ᠳᠤᠮᠳᠠᠳᠤ ᠤᠯᠤᠰ ᠤᠨ ᠴᠠᠭᠳᠠᠭᠠᠨ ᠤ ᠰᠦᠯᠵᠢᠶ᠎ᠡ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠨ᠎ᠡ ᠵᠠᠭᠤᠴᠢᠯᠠᠭᠤᠷ ᠤᠨ ᠣᠯᠠᠨ ᠨᠡᠶᠢᠲᠡ ᠪᠠᠷ ᠲᠠᠪᠴᠠᠩ ᠢᠶᠠᠷ ᠳᠠᠮᠵᠢᠨ᠂ ︽ᠠᠷᠠᠳ ᠤᠨ ᠴᠠᠭᠳᠠᠭ᠎ᠠ ᠨᠠᠮ ᠢᠶᠠᠨ ᠳᠠᠭᠠᠵᠤ᠂ ᠰᠢᠨ᠎ᠡ ᠠᠶᠠᠨ ᠵᠠᠮ ᠢᠶᠠᠷ ᠤᠷᠤᠭᠰᠢᠯᠠᠶ᠎ᠠ︾ ᠭᠡᠬᠦ ᠳᠣᠲᠣᠭᠠᠳᠤ ᠶᠢ ᠬᠠᠮᠠᠭᠠᠯᠠᠬᠤ ᠪᠠᠭᠠᠲᠤᠷ ᠵᠢᠱᠢᠶᠡᠴᠢ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠬᠤ ︽ᠡᠭᠦᠯᠡᠨ ᠲᠠᠪᠴᠠᠩ︾ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠬᠦᠯᠢᠶᠡᠨ ᠠᠪᠴᠤ ᠦᠵᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠪᠠ᠃
       ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠬᠦᠯᠢᠶᠡᠨ ᠠᠪᠴᠤ ᠦᠵᠡᠭᠰᠡᠨ ᠤ ᠳᠠᠷᠠᠭ᠎ᠠ᠂ ᠣᠯᠠᠨ ᠢᠶᠠᠷ ᠢᠶᠠᠨ᠂ ᠠᠷᠠᠳ ᠤᠨ ᠴᠠᠭᠳᠠᠭ᠎ᠠ ᠪᠣᠯᠣᠭᠰᠠᠨ ᠤ ᠬᠤᠪᠢ ᠳᠤ᠂ ᠳᠠᠷᠠᠭᠠᠴᠢ ᠶᠢᠨ ᠠᠵᠢᠯ ᠳᠤᠮᠳᠠ ᠪᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠠᠭᠤᠤ ᠶᠡᠭᠡ ᠬᠦᠭᠵᠢᠯᠲᠡ ᠶᠢᠨ ᠠᠬᠢᠴᠠ ᠳᠤ ᠤᠬᠠᠮᠰᠠᠷ ᠠᠴᠠ ᠪᠠᠨ ᠠᠭᠤᠰᠤᠯᠴᠠᠵᠤ᠂ ᠨᠠᠮ ᠤᠨ ᠦᠭᠡ ᠶᠢ ᠰᠣᠨᠣᠰᠣᠨ᠂ ᠨᠠᠮ ᠢᠶᠠᠨ ᠳᠠᠭᠠᠵᠤ᠂ ᠤᠯᠤᠰ ᠲᠦᠷᠥ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ ᠪᠠ ᠠᠷᠠᠳ ᠲᠦᠮᠡᠨ ᠤ ᠠᠮᠤᠷ ᠲᠠᠶᠢᠪᠤᠩ ᠪᠠᠶᠢᠬᠤ ᠶᠢ ᠪᠠᠲᠤᠯᠠᠬᠤ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠨ ᠭᠦᠢᠴᠡᠳᠭᠡᠨ᠎ᠡ ᠭᠡᠵᠦ ᠢᠯᠡᠷᠬᠡᠶᠢᠯᠡᠵᠡᠭᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号