ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ︾ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠤ ᠠᠮᠤᠷ ᠲᠣᠭᠲᠠᠭᠤᠨ ᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2022/12/5
       ᠣᠶᠢᠷ᠎ᠠ ᠶᠢᠨ ᠡᠳᠦᠷ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ︾ ᠶᠢᠨ ᠬᠡᠯᠪᠡᠷᠢ ᠪᠠᠷ ᠳᠠᠮᠵᠢᠨ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠠᠬᠢ ᠬᠠᠩᠭᠠᠯᠭ᠎ᠠ ᠶᠢ ᠪᠠᠲᠤᠯᠠᠬᠤ ᠭᠤᠣᠯ ᠴᠣᠭᠴᠠ ᠶᠢᠨ ᠣᠶᠣᠨᠴᠢ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤᠮᠳᠠᠭᠠᠨ ᠬᠤᠳᠠᠯᠳᠤᠭ᠎ᠠ ᠳᠡᠯᠭᠡᠭᠦᠷ᠂ ᠡᠮ ᠤᠨ ᠳᠡᠯᠭᠡᠭᠦᠷ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠠᠨᠳᠤᠭᠤᠯᠵᠤ ᠬᠢᠨᠠᠨ ᠡᠵᠡᠮᠰᠢᠯ ᠬᠢᠪᠡ᠃
       ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠳᠤ ᠬᠠᠥᠯᠢ ᠬᠡᠷᠡᠭᠵᠢᠭᠦᠯᠬᠦ ᠠᠵᠢᠯᠲᠠᠳ ︽ᠢᠨᠲ᠋ᠧᠷ ᠰᠦᠯᠵᠢᠶ᠎ᠡ + ᠢᠯᠡ ᠭᠠᠯ ᠲᠣᠭᠤᠭᠠᠨ ᠤ ᠦᠷᠦᠭᠡ︾ ᠶᠢᠨ ᠬᠡᠯᠪᠡᠷᠢ ᠶᠢ ᠠᠪᠴᠤ᠂ ᠲᠣᠭᠤᠭᠠᠨ ᠭᠡᠷ ᠤᠨ ᠠᠷᠢᠭᠤᠨ ᠴᠡᠪᠡᠷ ᠢ ᠪᠠᠲᠤᠯᠠᠨ᠂ ᠡᠯ᠎ᠡ ᠬᠤᠳᠠᠯᠳᠤᠭ᠎ᠠ ᠳᠡᠯᠭᠡᠭᠦᠷ ᠪᠠ ᠡᠮ ᠤᠨ ᠵᠦᠢᠯ ᠤᠨ ᠡᠵᠡᠩᠨᠡᠯᠲᠡ ᠶᠢᠨ ᠨᠢᠭᠡᠴᠡ ᠶᠢᠨ ︽ᠢᠨᠲ᠋ᠧᠷ ᠰᠦᠯᠵᠢᠶ᠎ᠡ + APP︾ ᠶᠢ ᠠᠰᠢᠭᠯᠠᠨ᠂ ᠡᠯ᠎ᠡ ᠬᠤᠳᠠᠯᠳᠤᠭ᠎ᠠ ᠳᠡᠯᠭᠡᠭᠦᠷ ᠤᠨ APP ᠳᠡᠭᠡᠷᠡᠬᠢ ᠪᠠᠷᠠᠭ᠎ᠠ ᠲᠠᠸᠠᠷ ᠤᠨ ᠦᠨ᠎ᠡ ᠬᠠᠩᠰᠢ ᠶᠢ ᠠᠳᠠᠯᠢ ᠲᠦᠷᠦᠯ ᠤᠨ ᠪᠠᠷᠠᠭ᠎ᠠ ᠲᠠᠸᠠᠷ ᠤᠨ ᠦᠨ᠎ᠡ ᠬᠠᠩᠰᠢ ᠲᠠᠢ ᠬᠠᠷᠢᠴᠠᠭᠤᠯᠵᠤ᠂ ᠬᠤᠳᠠᠯᠳᠤᠭ᠎ᠠ ᠳᠡᠯᠭᠡᠭᠦᠷ ᠤᠨ ᠦᠨ᠎ᠡ ᠬᠠᠩᠰᠢ ᠲᠣᠭᠲᠠᠭᠤᠨ ᠢ ᠪᠠᠲᠤᠯᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号