ᠮᠠᠨ ᠤ ᠬᠤᠰᠢᠭᠤ ᠣᠯᠠᠨ ᠬᠡᠯᠪᠡᠷᠢ ᠪᠠᠷ ᠦᠨᠳᠦᠰᠦᠨ ᠬᠠᠥᠯᠢ ᠶᠢ ᠤᠬᠠᠭᠤᠯᠬᠤ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2022/12/7
       ᠣᠶᠢᠷ᠎ᠠ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠦᠨᠳᠦᠰᠦᠨ ᠬᠠᠥᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠥᠯᠢ ᠶᠢᠨ ᠡᠷᠬᠡ ᠰᠦᠷ ᠢ ᠬᠠᠮᠠᠭᠠᠯᠠᠬᠤ ᠶᠢᠨ ᠲᠦᠯᠦᠭᠡ᠂ ᠮᠠᠨ ᠤ ᠬᠤᠰᠢᠭᠤ ᠣᠯᠠᠨ ᠬᠡᠯᠪᠡᠷᠢ ᠪᠠᠷ ᠦᠨᠳᠦᠰᠦᠨ ᠬᠠᠥᠯᠢ ᠶᠢ ᠤᠬᠠᠭᠤᠯᠬᠤ ᠬᠦᠳᠡᠯᠭᠡᠭᠡᠨ ᠦᠷᠨᠢᠭᠦᠯᠪᠡ᠃
       ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠦᠨᠳᠦᠰᠦᠨ ᠬᠠᠥᠯᠢ ᠶᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠬᠦ ᠶᠢ ᠲᠦᠯᠬᠢᠨ ᠠᠬᠢᠭᠤᠯᠤᠶ᠎ᠠ︾ ᠭᠡᠬᠦ ᠰᠦᠯᠵᠢᠶᠡᠨ ᠳᠡᠭᠡᠷᠡᠬᠢ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠦ᠂ ᠪᠦᠬᠦ ᠬᠤᠰᠢᠭᠤᠨ ᠤ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠦᠴᠢᠷ ᠲᠤ ᠦᠨᠳᠦᠰᠦᠨ ᠬᠠᠥᠯᠢ ᠶᠢ ᠰᠤᠷᠤᠯᠴᠠᠬᠤ ᠬᠠᠯᠠᠭᠤᠨ ᠦᠷᠨᠢᠯᠲᠡ ᠭᠠᠷᠪᠠ᠃
       ᠬᠦᠳᠡᠯᠭᠡᠭᠡᠨ ᠳᠤ ︽ᠢᠨᠲ᠋ᠧᠷ ᠰᠦᠯᠵᠢᠶ᠎ᠡ +︾ ᠶᠢ ᠭᠦᠢᠴᠡᠳ ᠠᠰᠢᠭᠯᠠᠵᠤ᠂ ᠡᠯ᠎ᠡ ᠰᠣᠮᠣ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠨ ᠸᠢᠴᠠᠲ ᠴᠤᠭᠯᠠᠷᠠᠯ᠂ ᠣᠯᠠᠨ ᠨᠡᠶᠢᠲᠡ ᠶᠢᠨ ᠲᠠᠪᠴᠠᠩ ᠢᠶᠠᠷ ᠦᠨᠳᠦᠰᠦᠨ ᠬᠠᠥᠯᠢ᠂ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠤᠬᠠᠭᠤᠯᠵᠤ᠂ ᠦᠨᠳᠦᠰᠦᠨ ᠬᠠᠥᠯᠢ ᠶᠢ ᠤᠬᠠᠭᠤᠯᠬᠤ ᠨᠦᠯᠦᠭᠡᠯᠡᠬᠦ ᠬᠦᠴᠦᠨ ᠢ ᠨᠡᠮᠡᠭᠳᠡᠭᠦᠯᠦᠨ᠂ ᠦᠨᠳᠦᠰᠦᠨ ᠬᠠᠥᠯᠢ ᠶᠢ ᠤᠬᠠᠭᠤᠯᠬᠤ ᠠᠭᠤᠷ ᠠᠮᠢᠰᠬᠤᠯ ᠢ ᠪᠣᠢ ᠪᠣᠯᠭᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号