ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2022/12/8
       ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠢ ᠴᠢᠩᠭᠠᠳᠬᠠᠵᠤ᠂ ᠺᠠᠳ᠋ᠷ ᠠᠵᠢᠯᠲᠠᠨ ᠤ ᠡᠬᠡ ᠣᠷᠣᠨᠴᠢ ᠰᠡᠳᠬᠢᠯᠭᠡ ᠶᠢ ᠨᠡᠮᠡᠭᠳᠡᠭᠦᠯᠬᠦ ᠶᠢᠨ ᠲᠦᠯᠦᠭᠡ᠂ ᠣᠶᠢᠷ᠎ᠠ ᠳᠤ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠴᠠ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠡᠷᠭᠡ ᠣᠯᠠᠨ ᠲᠦᠮᠡᠨᠴᠢ ᠪᠦᠯᠬᠦᠮ ᠢ ᠵᠣᠬᠢᠶᠠᠨ ᠪᠠᠶᠢᠭᠤᠯᠵᠤ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠰᠠᠭᠤᠷᠢᠨ ᠭᠠᠵᠠᠷ ᠲᠤ ᠬᠦᠷᠴᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠬᠦᠳᠡᠯᠭᠡᠭᠡᠨ ᠦᠷᠨᠢᠭᠦᠯᠪᠡ᠃
      ᠣᠯᠠᠨ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠰᠠᠭᠤᠷᠢᠨ ᠭᠠᠵᠠᠷ ᠤᠨ ᠬᠤᠶᠠᠷ ᠢ ᠬᠦᠷᠢᠶᠡᠯᠡᠬᠦ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠪᠠ ᠮᠠᠨ ᠤ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠭᠡᠷᠡᠯ ᠰᠠᠴᠤᠷᠠᠩᠭᠤᠢ ᠠᠮᠵᠢᠯᠲᠠ ᠶᠢ ᠣᠶᠢᠯᠠᠭᠠᠪᠠ᠃
       ᠣᠯᠠᠨ ᠢᠶᠠᠷ ᠢᠶᠠᠨ ᠢᠯᠡᠷᠬᠡᠶᠢᠯᠡᠭᠰᠡᠨ ᠨᠢ᠂ ᠲᠤᠰ ᠤᠳᠠᠭᠠᠨ ᠤ ᠬᠦᠳᠡᠯᠭᠡᠭᠡᠨ ᠢᠶᠠᠷ ᠳᠠᠮᠵᠢᠨ᠂ ᠲᠤᠰ ᠪᠡᠶ᠎ᠡ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠨᠡᠩ ᠭᠦᠨᠵᠡᠭᠡᠢ ᠲᠠᠨᠢᠭᠰᠠᠨ ᠤ ᠬᠠᠮᠲᠤ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠴᠢᠷᠮᠠᠶᠢᠨ ᠠᠵᠢᠯᠯᠠᠵᠤ᠂ ᠦᠪᠡᠷ ᠤᠨ ᠪᠣᠲᠠᠳᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠬᠦᠰᠡᠯ ᠢ ᠪᠡᠶᠡᠯᠡᠭᠦᠯᠬᠦ ᠶᠢᠨ ᠲᠦᠯᠦᠭᠡ ᠴᠢᠷᠮᠠᠶᠢᠨ᠎ᠠ᠃ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠢ ᠴᠢᠩᠭᠠᠳᠬᠠᠬᠤ ᠪᠣᠯ ᠤᠯᠤᠰ ᠤᠨ ᠠᠮᠤᠷ ᠲᠣᠭᠲᠠᠭᠤᠨ ᠢ ᠬᠠᠮᠠᠭᠠᠯᠠᠬᠤ ᠲᠤᠯᠭᠠᠮ᠎ᠠ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ ᠪᠠᠰᠠ ᠴᠤ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠬᠤ᠂ ᠪᠦᠬᠦ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ᠂ ᠦᠵᠡᠯ ᠣᠬᠠᠮᠰᠠᠷ ᠤᠨ ᠬᠡᠪ ᠴᠢᠨᠠᠷ ᠢ ᠳᠡᠭᠡᠭᠰᠢᠯᠡᠭᠦᠯᠬᠦ᠂ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠪᠠ ᠦᠷᠢᠰᠦᠯᠳᠦᠭᠡᠨ ᠢ ᠠᠷᠭᠠᠴᠠᠬᠤ ᠬᠦᠴᠦᠲᠡᠢ ᠠᠷᠭ᠎ᠠ ᠪᠠᠷᠢᠯ ᠪᠣᠯᠬᠤ ᠶᠤᠮ ᠭᠡᠵᠦ ᠢᠯᠡᠷᠬᠡᠶᠢᠯᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号